ᠡᠬᠡ ᠤᠯᠤᠰ ᠲᠠᠭᠠᠨ ᠪᠡᠯᠡᠭ ᠪᠠᠷᠢᠭᠰᠠᠨ ᠪᠠᠭᠰᠢ ᠰᠤᠷᠤᠭᠴᠢ ᠶᠢᠨ ᠬᠠᠮᠳᠤ ᠶᠢᠨ ᠪᠦᠳᠦᠬᠡᠯ ᠳᠡᠯᠭᠡᠭᠳᠡᠯ᠎ᠡ
ᠨᠡᠶᠢᠲᠡᠯᠡᠭᠰᠡᠨ ᠴᠠᠭ᠄
2020/10/9
    ᠤᠯᠤᠰ ᠤᠨ ᠪᠠᠶᠠᠷ ᠢ ᠲᠤᠬᠢᠶᠠᠯᠳᠤᠭᠤᠯᠤᠨ ᠦᠥᠰᠢᠨ ᠬᠤᠰᠢᠭᠤᠨ ᠤ ᠰᠤᠶᠤᠯ ᠤᠨ ᠪᠦᠳᠦᠬᠡᠯᠳᠡ ᠠᠵᠤ ᠦᠢᠯᠡᠰ ᠤᠨ ᠬᠦᠷᠢᠶᠠᠯᠠᠩ ᠳᠤ ᠵᠠᠭᠤᠨ ᠮᠧᠲᠷ ᠤᠨ ᠤᠷᠳᠤ ᠮᠤᠩᠭᠤᠯ ᠮᠣᠷᠢᠨ ᠤ ᠵᠤᠷᠢᠭ ᠰᠢᠨᠳᠠᠰᠤ ᠶᠢ ᠬᠠᠷᠠᠭᠤᠯᠤᠭᠰᠠᠨ ᠲᠡᠯᠬᠡᠨ ᠦᠵᠡᠭᠦᠯᠦᠯᠬᠡ ᠪᠣᠯᠣᠯ᠎ᠠ᠃     ᠮᠣᠩᠭᠤᠯ ᠮᠣᠷᠢ᠂ ᠦᠥᠰᠢᠨ ᠤᠰᠤᠨ ᠵᠢᠷᠤᠭ᠎ᠠ ᠮᠤᠷᠢᠨ ᠤ ᠴᠤᠭ ᠵᠢᠪᠬᠤᠭ᠎ᠠ᠂ ᠰᠦᠷ ᠪᠠᠶᠢᠳᠠᠯ ᠢ ᠠᠳᠠᠯᠢ ᠪᠤᠰᠤ ᠬᠠᠷᠠᠭᠠᠰᠤ ᠠᠴᠠ ᠬᠠᠷᠠᠭᠤᠯᠤᠭᠰᠠᠨ ᠭᠤᠷᠪᠠᠨ ᠪᠠᠭᠰᠢ᠂ ᠵᠢᠷᠠᠨ ᠨᠠᠢᠮᠠᠨ ᠬᠡᠥᠬᠡᠳ ᠤᠨ ᠤᠯᠠᠨ ᠰᠲ᠋ᠢᠯᠢ ᠤᠨ ᠵᠢᠷᠤᠭ ᠡᠨᠡ ᠵᠠᠭᠤᠨ ᠮᠧᠲᠷ ᠤᠨ ᠤᠷᠳᠤ ᠪᠦᠰᠡᠨ ᠲᠡᠭᠡᠷ᠎ᠡ ᠵᠢᠷᠤᠭᠳᠠᠵᠤ ᠨᠠᠮ ᠤᠨ ᠲᠥᠷᠥ ᠶᠢᠨ ᠪᠣᠳᠣᠯᠭ᠎ᠠ ᠶᠢᠨ ᠲᠤᠶᠠᠭᠠᠯᠠᠯ ᠢᠶᠠᠷ ᠮᠤᠩᠭᠤᠯ ᠮᠤᠷᠢᠨ ᠤ ᠵᠣᠷᠢᠭ ᠰᠠᠨᠠᠭ᠎ᠠ ᠶᠢ ᠦᠪᠯᠡᠵᠦ ᠵᠢᠷᠭᠠᠯᠳᠤ ᠠᠮᠢᠳᠤᠷᠠᠯ ᠢᠶᠠᠨ ᠴᠣᠭᠴᠠᠯᠠᠵᠤ ᠪᠠᠶᠢᠭ᠎ᠠ ᠦᠪᠤᠷ ᠮᠤᠩᠭᠤᠯᠴᠤᠳ ᠤᠨ ᠡᠬᠡ ᠤᠯᠤᠰ ᠲᠠᠭᠠᠨ ᠡᠷᠭᠦᠭᠰᠡᠨ ᠪᠡᠯᠡᠭ ᠪᠣᠯᠣᠯ᠎ᠠ᠃ ᠡᠨᠡ ᠨᠢ ᠮᠦᠨᠴᠦ ᠬᠡᠥᠬᠡᠳ ᠪᠠᠭᠠᠴᠤᠳ ᠤᠨ ᠨᠢᠯᠬ᠎ᠠ ᠣᠶᠣᠨ ᠳᠤ ᠮᠤᠩᠭᠤᠯ ᠮᠤᠷᠢᠨ ᠤ ᠵᠣᠷᠢᠭ ᠰᠠᠨᠠᠭ᠎ᠠ ᠶᠢ ᠥᠪᠯᠡᠬᠦ ᠭᠦᠨ ᠰᠡᠩᠬᠡᠷᠡᠬᠦᠯᠦᠯ ᠪᠣᠯᠣᠯ᠎ᠠ᠃      ᠦᠤᠰᠢᠨ ᠬᠤᠰᠢᠭᠤᠨ ᠤ ᠮᠤᠩᠭᠤᠯ ᠦᠨᠳᠤᠰᠤᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠪᠠᠭᠰᠢ ᠴᠤᠯᠮᠤᠨ ᠄ ︽ᠶᠡᠷᠦᠩᠬᠡᠢ ᠱᠦᠵᠢ ᠮᠠᠨ ᠤ ᠦᠪᠦᠷ ᠮᠤᠩᠭᠤᠯ ᠳᠤ ᠮᠤᠷᠢᠯᠠᠨ ᠰᠠᠭᠠᠳᠠᠬᠤ ᠳᠤ ᠲᠤᠰᠬᠠᠶᠢᠯᠠᠨ ᠮᠣᠩᠭᠤᠯ ᠮᠤᠷᠢᠨ ᠤ ᠵᠤᠷᠢᠭ ᠰᠠᠨᠠᠭ᠎ᠠ ᠶᠢ ᠶᠠᠷᠢᠭᠰᠠᠨ ᠪᠠᠶᠢᠨ᠎ᠠ᠃ ᠢᠩᠬᠢᠭᠦᠯᠡᠷ ᠪᠢᠳᠡ ᠭᠡᠤᠭᠡᠳ ᠤᠳ ᠢᠶᠠᠨ ᠬᠠᠷᠠᠬᠠᠨ ᠪᠠᠭ᠎ᠠ ᠠᠴᠠ ᠮᠤᠩᠭᠤᠯ ᠮᠤᠷᠢᠨ ᠤ  ᠡᠨᠡᠭᠦ ᠵᠤᠷᠢᠭ ᠰᠦᠰᠦ ᠶᠢ ᠲᠠᠭᠠᠨ ᠰᠤᠷᠤᠯᠴᠠᠭᠤᠯᠬᠤ ᠡᠭᠦᠳᠡᠨ ᠠᠴᠠ ᠡᠨᠡ ᠤᠳᠠᠭᠠᠨ ᠤ ᠬᠦᠳᠡᠯᠭᠡᠭᠡᠨ ᠳᠤ ᠤᠷᠤᠯᠴᠠᠭᠤᠯᠵᠠᠢ︾ ᠭᠡᠪᠡ᠃
 
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号