600 ᠭᠠᠷᠤᠢ ᠰᠤᠷᠤᠭᠴᠢ ᠶᠢᠨ ᠵᠤᠬᠢᠶᠠᠯ ᠪᠦᠳᠦᠭᠡᠯ ᠢ ᠰᠤᠨᠢᠨ ᠰᠡᠳᠬᠦᠯ ᠳᠤ ᠨᠡᠶᠢᠳᠡᠯᠡᠬᠦᠯᠵᠦ ᠶᠠᠪᠤᠭ᠎ᠠ ᠯᠣᠪᠰᠠᠩ ᠪᠠᠭᠰᠢ
ᠨᠡᠶᠢᠲᠡᠯᠡᠭᠰᠡᠨ ᠴᠠᠭ᠄
2020/10/9
    ᠦᠤᠰᠢᠨ ᠬᠤᠰᠢᠭᠤᠨ ᠤ ᠮᠤᠩᠭᠤᠯ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠠᠭᠰᠢ ᠯᠤᠪᠰᠠᠩ ᠪᠤᠯ ᠦᠨᠳᠤᠰᠤᠳᠡᠨ ᠤ ᠰᠤᠶᠤᠯ ᠰᠤᠷᠭᠠᠨ ᠬᠦᠮᠤᠵᠢᠯ᠂ ᠰᠤᠶᠤᠨ ᠬᠡᠬᠡᠷᠡᠬᠦᠯᠬᠦ ᠦᠢᠯᠡᠰ ᠲᠤ 35 ᠵᠢᠯ ᠤᠨ ᠲᠤᠷᠰᠢ ᠭᠤᠶᠠᠴᠢ ᠦᠭᠡᠢ ᠵᠢᠳᠬᠦᠵᠦ ᠦᠢ ᠣᠯᠠᠨ ᠴᠢᠳᠠᠪᠦᠷᠢᠳᠡᠨ ᠢ ᠬᠦᠮᠤᠵᠢᠬᠦᠯᠵᠦ ᠶᠠᠪᠤᠭ᠎ᠠ ᠨᠢᠬᠡᠨ᠃ ᠲᠡᠷᠡ ᠠᠵᠢᠯ ᠤᠨ ᠴᠢᠯᠦᠬᠡ ᠪᠠᠷ ᠢᠶᠠᠨ ᠰᠣᠷᠤᠭᠴᠢᠳ ᠤᠨ ᠰᠢᠯᠦᠭ ᠵᠤᠬᠢᠶᠠᠯ ᠢ ᠵᠠᠰᠠᠨ ᠵᠢᠯᠣᠭᠤᠳᠴᠤ ᠰᠤᠨᠢᠨ ᠰᠡᠳᠬᠦᠯ ᠳᠤ ᠨᠡᠶᠢᠳᠡᠯᠡᠬᠦᠯᠦᠨ ᠰᠤᠷᠤᠭᠴᠢᠳ ᠤᠨ ᠤᠷᠠᠨ ᠰᠡᠳᠬᠢᠬᠦᠢ ᠶᠢ ᠬᠦᠮᠦᠵᠢᠬᠦᠯᠵᠦ ᠤᠷᠮ᠎ᠠ ᠵᠤᠷᠢᠬ ᠢ ᠨᠢ ᠬᠦᠭᠵᠢᠭᠡᠭᠰᠡᠭᠡᠷ ᠢᠷᠡᠭᠰᠡᠨ ᠪᠠᠶᠢᠨ᠎ᠠ᠃     ᠰᠢᠨ᠎ᠡ ᠰᠣᠷᠤᠯᠭ᠎ᠠ ᠶᠢᠨ ᠬᠤᠭᠤᠴᠠᠭ᠎ᠠ ᠡᠬᠢᠯᠡᠬᠦ ᠶᠢ ᠲᠠᠭᠠᠯᠳᠤᠨ ᠯᠤᠪᠰᠠᠩ ᠪᠠᠭᠰᠢ ᠶᠢᠨ ᠠᠵᠢᠯ ᠤᠯᠠᠮ ᠴᠦ ᠶᠠᠭᠠᠷᠠᠯᠳᠠᠢ ᠪᠤᠯᠤᠭᠰᠠᠨ ᠨᠢ ᠮᠡᠳᠡᠬᠡᠵᠢ᠃ ᠡ᠊ᠩ ᠤᠨ ᠵᠢᠭᠠᠨ ᠰᠤᠷᠭᠠᠯᠳᠠ ᠶᠢᠨ ᠠᠵᠢᠯ ᠠᠴᠠ ᠭᠠᠳᠠᠨ᠎ᠠ ᠲᠡᠷᠡ ᠪᠠᠰᠠ ᠠᠵᠢᠯ ᠤᠨ ᠴᠢᠯᠦᠬᠡ ᠴᠠᠭ ᠢᠶᠠᠨ ᠰᠢᠪᠬᠠᠨ ᠠᠮᠠᠷᠠᠯᠳᠠ ᠶᠢᠨ ᠬᠤᠭᠤᠴᠠᠭ᠎ᠠ ᠪᠠᠨ ᠦᠷᠡᠭᠳᠡᠬᠦᠯᠵᠦ᠂ ᠰᠢᠯᠦᠭ ᠵᠤᠬᠢᠶᠠᠯ ᠳᠠᠭᠠᠨ ᠳᠤᠷ᠎ᠠ ᠪᠠᠬ᠎ᠠ ᠲᠠᠢ ᠰᠤᠷᠤᠭᠴᠢᠳ ᠤᠨ ᠤᠩᠰᠢᠬᠤ᠂ ᠪᠢᠴᠢᠬᠦ᠂ ᠬᠤᠯᠪᠤᠨ ᠪᠤᠳᠤᠯᠳᠡ ᠵᠡᠷᠭᠡ ᠳᠤ ᠵᠢᠭᠠᠨ ᠵᠢᠯᠤᠭᠤᠳᠤᠯᠭ᠎ᠠ ᠬᠢᠵᠦ᠂ ᠰᠤᠷᠤᠭᠴᠢᠳ ᠤᠨ ᠣᠷᠠᠨ ᠰᠡᠳᠬᠢᠬᠦᠢ ᠶᠢ ᠲᠡᠭᠡᠭᠰᠢᠯᠡᠬᠦᠯᠬᠦ ᠶᠢ ᠵᠤᠷᠢᠵᠦ ᠪᠠᠶᠢᠯ᠎ᠠ᠃     1985 ᠣᠨ ᠳᠤ ᠯᠣᠪᠰᠠᠩ ᠪᠠᠭᠰᠢ ᠦᠤᠰᠢᠨ ᠬᠤᠰᠢᠭᠤᠨ ᠤ ᠣᠣᠯ ᠤᠨ ᠨᠠᠷᠢᠠᠭᠤᠤᠯ ᠰᠢᠶᠠᠩ ᠤᠨ ᠮᠤᠤᠪᠤᠯᠠᠭ ᠲᠤᠰᠬᠤᠨ ᠳᠤ ᠠᠷᠠᠳ ᠤᠨ ᠪᠠᠭᠰᠢ ᠶᠢᠨ ᠠᠵᠢᠯ ᠤᠨ ᠭᠠᠷᠤᠭ᠎ᠠ ᠪᠠᠨ ᠠᠪᠤᠭᠰᠠᠨ ᠠᠴᠠ ᠡᠬᠢᠯᠡᠭᠡᠳ ᠦᠨᠳᠤᠰᠤᠨ ᠱᠠᠲᠤᠨ ᠤ ᠰᠤᠶᠤᠯ ᠰᠤᠷᠭᠠᠨ ᠬᠦᠮᠤᠵᠢᠯ ᠤᠨ ᠦᠢᠯᠡᠰ ᠲᠤ ᠵᠢᠳᠬᠦᠵᠦ ᠶᠠᠪᠤᠬᠤ ᠳᠠᠭᠠᠨ ᠦᠪᠡᠷ ᠢᠶᠠᠨ ᠰᠢᠯᠦᠭ ᠵᠤᠬᠢᠶᠠᠯ ᠣᠷᠤᠯᠳᠤᠵᠦ ᠶᠠᠪᠤᠬᠤ ᠶᠢᠨ ᠵᠡᠷᠭᠡ ᠪᠠᠷ ᠰᠤᠷᠤᠭᠴᠢᠳ ᠤᠨ ᠣᠷᠠᠨ ᠪᠦᠲᠦᠬᠡᠯ ᠢ ᠵᠢᠭᠠᠨ ᠵᠢᠯᠤᠭᠤᠳᠴᠤ ᠰᠤᠨᠢᠨ ᠰᠡᠳᠬᠦᠯ ᠳᠤ ᠨᠡᠶᠢᠳᠡᠯᠡᠬᠦᠯᠵᠦ ᠡᠬᠢᠯᠡᠭᠰᠡᠨ ᠠᠴᠠ ᠣᠳᠣ ᠪᠣᠯᠳᠠᠯ᠎ᠠ ᠡᠨᠡ ᠬᠦ ᠲᠠᠳᠬᠠᠯ ᠢᠶᠠᠨ ᠪᠠᠷᠢᠮᠳᠠᠯᠠᠭᠰᠠᠭᠠᠷ ᠢᠷᠡᠵᠦ᠂ ︽ᠨᠠᠬᠢᠶ᠎ᠠ︾᠂ ︽ᠴᠤᠮᠤᠷᠯᠢᠭ︾᠂ ︽ᠦᠪᠦᠷ ᠮᠤᠩᠭᠤᠯ ᠤᠨ ᠪᠠᠭᠠᠴᠤᠳ ᠤᠨ ᠰᠤᠨᠢᠨ ︾ ᠵᠡᠷᠭᠡ ᠣᠷᠤᠨ ᠬᠤᠳᠠ ᠬᠤᠰᠢᠭᠤᠨ ᠤ ᠣᠯᠠᠨ ᠠᠷᠪᠢᠨ ᠰᠤᠨᠢᠨ ᠰᠡᠳᠬᠦᠯ ᠳᠤ ᠤᠷᠢᠳ ᠬᠤᠵᠢᠳ ᠨᠡᠶᠢᠲᠡ 600 ᠭᠠᠷᠤᠢ ᠰᠤᠷᠤᠭᠴᠢ ᠶᠢᠨ 1600 ᠭᠠᠷᠤᠢ ᠣᠷᠠᠨ ᠪᠦᠲᠦᠬᠡᠯ ᠢ ᠨᠡᠶᠢᠳᠡᠯᠡᠬᠦᠯᠦᠭᠰᠡᠨ ᠪᠠᠶᠢᠨ᠎ᠠ᠃ ︽ᠬᠡᠦᠬᠡᠳ ᠤᠳ ᠤᠨ ᠦᠪᠡᠷ ᠤᠨ ᠵᠤᠬᠢᠶᠠᠯ ᠪᠦᠲᠦᠭᠡᠯ ᠨᠢ ᠰᠤᠨᠢᠨ ᠰᠡᠳᠬᠦᠯ ᠳᠤ ᠨᠡᠶᠢᠲᠡᠯᠡᠭᠳᠡᠪᠡᠯ ᠪᠠᠶᠠᠷᠯᠠᠨ᠎ᠠ᠂ ᠣᠷᠮᠠᠰᠢᠨ᠎ᠠ᠂ ᠵᠤᠬᠢᠶᠠᠨ ᠪᠢᠴᠢᠬᠦ ᠪᠠᠭ᠋ᠠᠳᠠᠢ ᠪᠤᠯᠤᠨ᠎ᠠ᠂ ᠡᠬᠦᠨ ᠤ ᠤᠯᠠᠮ ᠢᠶᠠᠷ ᠰᠠᠶᠢᠬᠠᠨ ᠪᠢᠴᠢᠶ᠎ᠡ ᠬᠡᠰᠡᠨ ᠪᠤᠳᠤᠯ ᠲᠦᠷᠦᠭᠳᠡᠯ ᠲᠠᠢ ᠪᠣᠯᠳᠠᠭ︾ ᠬᠡᠵᠦ ᠯᠤᠪᠰᠠᠩ ᠪᠠᠭᠰᠢ ᠶᠠᠷᠢᠵᠤ ᠪᠠᠶᠢᠯ᠎ᠠ᠃    ᠯᠤᠪᠰᠠᠩ ᠪᠠᠭᠰᠢ᠄ ︽ᠨᠢᠭᠡᠳᠤᠭᠡᠷ ᠣᠨ ᠤ ᠲᠤᠤᠷᠠᠳᠤ ᠬᠤᠭᠤᠴᠠᠭ᠎ᠠ ᠠᠴᠠ ᠡᠬᠢᠯᠡᠬᠡᠳ ᠨᠢᠭᠡ ᠬᠢᠴᠢᠶᠡᠯ ᠵᠢᠭᠠᠪᠠᠯ ᠨᠢᠭᠡ ᠵᠡᠷᠭᠡᠴᠡᠭᠡ ᠣᠩᠰᠢᠯᠭ᠎ᠠ ᠪᠢᠴᠢᠵᠦ ᠭᠠᠷᠭᠠᠭᠠᠳ ᠬᠡᠤᠬᠡᠳ ᠤᠳ ᠢᠶᠠᠷ ᠤᠩᠰᠢᠭᠤᠯᠳᠠᠭ᠂ ᠵᠠᠷᠢᠮ ᠳᠠᠭᠠᠨ ᠪᠠᠰᠠ ᠵᠡᠷᠬᠡᠴᠡᠭᠡ ᠤᠡᠭᠰᠢᠯᠭ᠎ᠠ ᠶᠢ ᠲᠠᠭᠤᠷᠢᠶᠠᠯᠭᠠᠵᠦ ᠪᠢᠴᠢᠬᠦᠯᠳᠡᠭ ᠪᠤᠯᠬᠤᠷ ᠬᠡᠤᠬᠡᠳ ᠤᠳ ᠤᠨ ᠤᠡᠭᠰᠢᠯᠭ᠎ᠠ ᠶᠢᠨ ᠬᠢᠷᠢ ᠲᠦᠪᠰᠢᠨ ᠲᠡᠭᠡᠭᠰᠢᠯᠡᠳᠡᠭ ᠮᠦᠷᠳᠡᠬᠡᠨ ᠵᠤᠬᠢᠶᠠᠨ ᠪᠢᠴᠢᠬᠦ ᠲᠤᠷᠠᠰᠢᠯ ᠴᠤ ᠨᠡᠮᠡᠭᠳᠡᠳᠡᠭ︾ ᠬᠡᠵᠦ ᠶᠠᠷᠢᠨ᠎ᠠ᠃ ᠡ᠊ᠨᠳᠡ ᠶᠠᠷᠢᠵᠤ ᠪᠠᠶᠢᠭ᠎ᠠ ᠵᠡᠷᠬᠡᠴᠡᠭᠡ ᠤᠡᠭᠰᠢᠯᠭ᠎ᠠ ᠪᠤᠯ ᠲᠡᠷᠡ ᠰᠤᠷᠤᠭᠴᠢᠳ ᠤᠨ ᠬᠡᠯᠡᠨ ᠤ ᠣᠷᠴᠢᠨ ᠢ ᠠᠮᠢᠳᠤᠯᠢᠭᠵᠢᠭᠤᠯᠵᠦ᠂ ᠰᠣᠷᠤᠯᠴᠠᠯᠭ᠎ᠠ ᠶᠢᠨ ᠣᠷᠮᠠᠰᠢᠯ ᠢ ᠲᠡᠭᠡᠭᠰᠢᠯᠡᠬᠦᠯᠬᠦ ᠶᠢᠨ ᠲᠥᠯᠦᠬᠡ ᠦᠪᠡᠷ ᠲᠡᠭᠡᠨ ᠨᠠᠶᠢᠷᠠᠭᠤᠯᠤᠨ ᠪᠢᠴᠢᠭᠰᠡᠨ ᠬᠡᠯᠡ ᠪᠢᠴᠢᠭ ᠤᠨ ᠵᠡᠷᠭᠡᠴᠡᠭᠡ ᠣᠩᠰᠢᠯᠭ᠎ᠠ ᠶᠢᠨ ᠮᠠᠲ᠋ᠧᠷᠢᠶᠠᠯ ᠪᠤᠯᠬᠤ ᠶᠤᠮ᠃ 2018 ᠣᠨ ᠠᠴᠠ ᠨᠠᠭᠠᠰᠢ ᠣᠳᠤᠬᠠᠨ ᠪᠤᠯᠲᠠᠯ᠎ᠠ ᠨᠡᠶᠢᠲᠡ 110 ᠬᠤᠪᠢ ᠶᠢ ᠪᠢᠴᠢᠨ ᠲᠠᠭᠤᠰᠬᠠᠨᠵᠤ᠂ ᠬᠢᠴᠢᠶᠡᠯ ᠬᠦᠮᠦᠵᠢᠯ ᠤᠨ ᠢᠶᠠᠨ ᠵᠢᠭᠠᠨ ᠰᠤᠷᠭᠠᠯᠳᠠ ᠶᠢ ᠲᠤᠰᠠᠯᠠᠵᠤ᠂ ᠪᠦᠬᠦ ᠣᠷᠤᠨ ᠤ ᠪᠠᠭ᠎ᠠ ᠰᠤᠷᠭᠠᠭᠤᠯᠢ ᠶᠢᠨ ︽ᠲᠦᠷᠪᠡᠨ ᠪᠤᠭᠤᠮᠳᠠ ᠶᠢ ᠬᠡᠳᠦᠯᠬᠦ︾ ᠶᠢᠨ ︽ᠵᠡᠷᠭᠡᠴᠡᠭᠡ ᠤᠩᠰᠢᠯᠭ᠎ᠠ ᠶᠢᠨ ᠰᠤᠳᠤᠯᠭᠠᠨ︾ ᠤ ᠲᠤᠭᠤᠶᠢᠯᠠᠩ ᠤᠨ ᠬᠡᠰᠢᠬᠦᠨ ᠪᠦᠷᠢᠯᠳᠦᠬᠦᠨ ᠪᠤᠯᠤᠭᠰᠠᠨ ᠪᠠᠶᠢᠨ᠎ᠠ᠃ ︽ᠮᠠᠨ ᠤ ᠪᠠᠭᠰᠢ ᠦᠨᠡᠬᠡᠷ ᠠᠮᠠᠷ ᠦᠭᠡᠢ᠂ ᠮᠠᠨ ᠤ ᠬᠡᠤᠬᠡᠳ ᠤᠨ ᠬᠤᠵᠢᠮ ᠬᠤᠶᠢᠰᠢᠳᠠ ᠶᠢᠨ ᠲᠥᠯᠦᠬᠡ ᠂ ᠦᠨᠳᠤᠰᠤᠳᠡᠨ ᠤ ᠰᠤᠶᠤᠯ ᠤᠨ ᠲᠥᠯᠦᠬᠡ ᠦᠨᠡᠨ ᠰᠠᠨᠠᠭᠠᠨ ᠠᠴᠠ ᠪᠠᠨ ᠵᠢᠳᠬᠦᠵᠦ ᠶᠠᠪᠤᠭ᠎ᠠ ᠳᠤ ᠪᠢᠳᠠ ᠣᠨᠴᠠ ᠲᠠᠯᠠᠷᠬᠠᠵᠤ ᠪᠠᠶᠢᠨ᠎ᠠ︾ ᠬᠡᠵᠦ ᠭᠡᠷ ᠤᠨ ᠠᠬᠠᠮᠠᠳ ᠨᠠᠷ ᠲᠠᠯᠠᠷᠬᠠᠨ ᠶᠠᠷᠢᠵᠠᠭᠠᠵᠤ ᠪᠠᠶᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号