ᠤᠯᠠᠭᠠᠨᠲᠤᠯᠤᠭᠠᠢ ᠪᠠᠯᠭᠠᠰᠤᠨ ᠤ ᠪᠠᠶᠠᠠᠰᠢᠯᠢ ᠭᠠᠴᠠᠭ᠎ᠠ ᠵᠥᠪ ᠪᠢᠴᠢᠯᠭᠡ ᠦᠪᠡᠷᠮᠢᠴᠡ ᠭᠡᠯᠯᠡᠭᠡ ᠶᠢᠨ ᠲᠠᠶᠢᠯᠪᠣᠷᠢ ᠶᠢᠨ ᠣᠷᠣᠯᠳᠣᠭᠠᠨ ᠬᠢᠯ᠎ᠡ
ᠨᠡᠶᠢᠲᠡᠯᠡᠭᠰᠡᠨ ᠴᠠᠭ᠄
2020/11/10
     ᠣᠶᠢᠷ᠎ᠠ ᠶᠢᠨ ᠡᠳᠣᠷ᠂ ᠤᠯᠠᠭᠠᠨᠲᠤᠯᠤᠭᠠᠢ ᠪᠠᠯᠭᠠᠰᠤᠨ ᠤ ᠪᠠᠶᠠᠠᠰᠢᠯᠢ ᠭᠠᠴᠠᠭ᠎ᠠ ᠮᠠᠯᠴᠢᠳ ᠤᠨ ᠵᠥᠪ ᠪᠢᠴᠢᠯᠭᠡ ᠶᠢᠨ ᠣᠷᠣᠯᠳᠣᠭᠠᠨ ᠪᠣᠯᠣᠨ ᠤᠷᠳᠤᠰ ᠠᠷᠡᠳ ᠤᠨ ᠦᠪᠡᠷᠮᠢᠴᠡ ᠬᠡᠯᠡᠯᠭᠡ ᠶᠢᠨ ᠲᠠᠶᠢᠯᠪᠤᠷᠢ ᠶᠢᠨ ᠤᠷᠤᠯᠳᠤᠭᠠᠨ ᠢ ᠡᠷᠬᠢᠯᠡᠨ ᠬᠢᠯ᠎ᠡ᠃        ᠪᠠᠶᠠᠠᠰᠢᠯᠢ ᠭᠠᠴᠠᠭᠠᠨ ᠤ 40 ᠭᠠᠷᠤᠢ ᠮᠠᠯᠴᠢᠳ ᠤᠷᠤᠯᠳᠤᠭᠠᠨ ᠳᠤ ᠤᠷᠤᠯᠴᠠᠨ ᠤᠷᠤᠯᠳᠤᠭᠠᠨ ᠢ ᠠᠷᠪᠠᠨ ᠬᠤᠯᠪᠤᠭ᠎ᠠ ᠦᠭᠡ ᠶᠢᠨ ᠵᠦᠪ ᠪᠢᠴᠢᠯᠬᠡ ᠶᠢᠨ ᠤᠷᠤᠯᠳᠤᠭᠠᠨ ᠪᠣᠯᠣᠨ ᠤᠷᠳᠤᠰ ᠠᠮᠠᠨ ᠠᠶᠠᠯᠭᠤᠨ ᠤ ᠦᠪᠡᠷᠮᠢᠴᠡ ᠭᠡᠯᠡᠯᠭᠡ ᠶᠢᠨ ᠲᠠᠶᠢᠯᠪᠤᠷᠢ ᠶᠢᠨ ᠤᠷᠤᠯᠳᠤᠭᠠᠨ ᠬᠡᠬᠦ ᠬᠤᠶᠠᠷ ᠲᠦᠷᠦᠯ ᠬᠤᠪᠢᠶᠠᠨ ᠶᠠᠪᠣᠭᠳᠠᠭᠤᠯᠵᠣ ᠮᠠᠯᠴᠢᠳ ᠤᠨ ᠠᠮᠢᠳᠤᠷᠠᠯ ᠲᠤᠮᠳᠠ ᠦᠷᠬᠦᠯᠵᠢ ᠲᠤᠬᠢᠶᠠᠯᠳᠤᠳᠠᠭ ᠬᠤᠯᠪᠣᠭ᠎ᠠ ᠦᠭᠡᠰ ᠢ ᠵᠦᠪ ᠪᠢᠴᠢᠬᠦ ᠣᠷᠣᠯᠳᠣᠭᠠᠨ ᠢ ᠴᠠᠭ ᠲᠤᠭᠲᠠᠭᠠᠨ ᠬᠤᠪᠢ ᠤᠯᠭᠤᠬᠤ ᠪᠠᠷᠢᠮᠵᠢᠶ᠎ᠠ ᠪᠠᠷ ᠤᠷᠤᠯᠳᠤᠭᠠᠳ ᠮᠠᠯᠴᠢᠨ ᠰᠤᠪᠤᠳᠲᠠᠨ᠎ᠠ ᠨᠢᠭᠡᠳᠦᠭᠡᠷ ᠲᠡᠰ ᠲᠤ ᠲᠤᠲᠤᠷᠠᠭᠰᠠᠨ ᠪᠠᠶᠢᠨ᠎ᠠ᠃
     ᠤᠷᠳᠤᠰ ᠠᠮᠠᠨ ᠠᠶᠠᠯᠭᠤᠨ ᠤ ᠦᠪᠡᠷᠮᠢᠴᠡ ᠬᠡᠯᠡᠯᠭᠡ ᠶᠢᠨ ᠲᠠᠶᠢᠯᠪᠤᠷᠢ ᠶᠢᠨ ᠤᠷᠤᠯᠳᠤᠭᠠᠨ ᠳᠤ ︽ᠳᠣᠯᠣᠭᠠᠨ ᠲᠦᠷᠣᠯ ᠨᠢ ᠭᠡᠷᠡᠯᠳᠣᠭ᠍ᠰᠠᠨ ᠴᠠᠢ︾᠂ ︽ᠪᠠᠭ᠎ᠠ ᠰᠠᠭᠤᠳᠠᠯ︾᠂ ︽ᠲᠠᠩᠰᠠ ᠲᠤᠭᠤᠶᠢᠯᠠᠬᠤ︾ ᠵᠡᠷᠭᠡ ᠶᠢᠨ ᠮᠠᠯᠴᠢᠳ ᠎ ᠤᠨ ᠡᠳᠣᠷ ᠲᠤᠲᠤᠮ ᠤᠨ ᠣᠶᠢᠯᠡᠳᠪᠣᠷᠢᠯᠡᠯ ᠠᠮᠢᠳᠣᠷᠠᠯ ᠪᠣᠯᠣᠨ ᠮᠠᠯᠵᠢᠬᠤ ᠠᠮᠢᠳᠣᠷᠠᠯ ᠲᠠᠢ ᠬᠤᠯᠪᠤᠭᠳᠠᠬᠤ ᠦᠪᠡᠷᠮᠢᠴᠡ ᠬᠡᠯᠡᠯᠬᠡ ᠶᠢ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠣᠷᠣᠯᠳᠣᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠪᠠᠶᠠᠠᠰᠢᠯᠢ ᠭᠠᠴᠠᠭᠠᠨ ᠠᠴᠠ ᠡᠷᠬᠢᠯᠡᠨ ᠬᠢᠭᠰᠡᠨ ᠲᠤᠰ ᠤᠳᠠᠭᠠᠨ ᠤ ᠤᠷᠤᠯᠳᠤᠭᠠᠨ ᠢ ᠮᠠᠯᠴᠢᠨ ᠰᠠᠴᠤᠷᠠᠯ ᠰᠠᠶᠢᠨ ᠲᠤᠷ᠎ᠠ ᠠᠴᠠ ᠪᠠᠨ ᠲᠠᠪᠤᠨ ᠮᠢᠩᠭ᠎ᠠ ᠭᠠᠷᠤᠢ ᠲᠦᠬᠦᠷᠢᠭ ᠢᠶᠠᠷ ᠲᠡᠮᠵᠢᠨ ᠲᠤᠰᠠᠯᠠᠵᠤ ᠳᠦᠷᠣᠭᠦᠣ ᠭᠤᠷᠪᠠᠨ ᠨᠡᠷᠡᠰ ᠢ ᠲᠤᠰ ᠲᠤᠰ ᠱᠠᠩᠨᠠᠨ ᠭᠦᠬᠢᠬᠦᠯᠵᠤ ᠤᠷᠤᠯᠴᠠᠭᠴᠢ ᠪᠤᠯᠭᠠᠨ ᠳᠤ ᠨᠤᠮ ᠤᠨ ᠪᠡᠯᠡᠭ ᠭᠠᠷᠳᠠᠭᠤᠯᠤᠨ ᠮᠠᠯᠴᠢᠳ ᠢ ᠵᠤᠷᠢᠭᠵᠢᠭᠤᠯᠤᠭᠰᠠᠨ ᠪᠠᠶᠢᠨ᠎ᠠ᠃
     ᠤᠯᠠᠭᠠᠨᠲᠤᠯᠤᠭᠠᠢ ᠪᠠᠯᠭᠠᠰᠤᠨ ᠤ ᠪᠠᠶᠠᠠᠰᠢᠯᠢ ᠭᠠᠴᠠᠭᠠᠨ ᠤ ᠮᠠᠯᠴᠢᠨ ᠰᠠᠴᠤᠷᠠᠯ ᠤᠨ᠄ ︽ᠤᠷᠴᠢᠮ ᠤᠨ ᠵᠢᠯ ᠎ ᠠᠴᠠ ᠦᠨᠳᠦᠰᠦᠲᠡᠨ ᠤ ᠬᠡᠯᠡ ᠬᠡᠯᠡᠯᠬᠡ ᠬᠡᠬᠡᠭᠳᠡᠵᠦ ᠤᠷᠬᠢᠭᠳᠠᠵᠤ ᠪᠠᠶᠢᠬᠤ᠂ ᠪᠤᠰᠤᠳ ᠤᠨ ᠬᠡᠯᠡ ᠲᠠᠢ ᠬᠤᠳᠬᠤᠵᠤ ᠬᠤᠯᠢᠵᠤ ᠶᠠᠷᠢᠵᠤ ᠪᠠᠶᠢᠬᠤ᠂ ᠠᠯᠳᠠᠭ᠎ᠠ ᠲᠠᠰᠢᠶ᠎ᠠ ᠲᠠᠢ ᠪᠢᠴᠢᠵᠤ ᠪᠠᠶᠢᠬᠤ ᠦᠵᠡᠭᠳᠡᠯ ᠤᠯᠠᠮ ᠠᠷᠪᠢᠳᠤᠵᠤ ᠪᠠᠶᠢᠨ᠎ᠠ᠃ ᠪᠢ ᠡᠳᠡᠭᠡᠷ ᠢ ᠦᠵᠡᠭᠡᠳ ᠶᠡᠭᠡ ᠰᠠᠨᠠᠭᠠᠰᠢᠷᠠᠭᠠᠳ ᠵᠦᠪ ᠪᠢᠴᠢᠬᠦ ᠤᠷᠤᠯᠳᠤᠭᠠᠨ ᠢ ᠲᠡᠮᠵᠢᠵᠤ ᠦᠪᠡᠷ ᠤᠨ ᠨᠤᠲᠤᠭ ᠎ ᠲᠤ ᠪᠠᠨ ᠡᠨᠡ ᠬᠦ ᠠᠵᠢᠯᠯᠠᠭ᠎ᠠ ᠶᠢ ᠳᠡᠮᠵᠢᠭᠰᠡᠨ ᠶᠤᠮ᠃ ᠡᠨᠡ ᠠᠵᠢᠯᠯᠠᠭ᠎ᠠ ᠪᠠᠷ ᠲᠠᠮᠵᠢᠭᠠᠳ ᠨᠡᠩ ᠤᠯᠠᠨ ᠮᠤᠩᠭᠤᠯᠴᠤᠳ ᠲᠤᠲᠠᠭᠳᠠᠯ ᠲᠠᠢ ᠲᠠᠯ᠎ᠠ ᠪᠠᠨ ᠵᠠᠯᠠᠷᠠᠭᠤᠯᠵᠤ ᠪᠦᠭᠦᠳᠡᠭᠡᠷ ᠢᠶᠠᠨ ᠵᠦᠪ ᠲᠠᠨᠢᠯᠲᠠ ᠲᠠᠢ ᠪᠤᠯᠬᠤ ᠪᠤᠯᠪᠠ ᠤᠤ ᠭᠡᠵᠦ ᠪᠤᠳᠣᠵᠦ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号