ᠭᠠᠳᠠᠭᠠᠳᠤ ᠶᠠᠪᠤᠳᠠᠯ ᠤᠨ ᠶᠠᠮᠤᠨ ᠲᠡᠷᠢᠭᠦᠯᠡᠭᠴᠢ ᠰᠢ ᠶᠢᠨ ᠫᠢᠩ ᠤᠨ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠡᠷᠢᠭᠦᠨ ᠨᠠᠷ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠳᠤᠭᠠᠷ ᠤᠲᠠᠭᠠᠨ ᠤ ᠬᠤᠷᠠᠯ ᠳᠤ ᠣᠷᠣᠯᠴᠠᠬᠤ ᠲᠤᠬᠠᠢ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠬᠢᠨ ᠳᠤ ᠪᠠᠶᠢᠳᠠᠯ ᠮᠡᠳᠡᠭᠳᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2020/11/10
   ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 5᠎ ᠤ ᠴᠠᠬᠢᠯᠭᠠᠠ ᠮᠡᠳᠡᠭᠡ ︵ᠰᠤᠷᠪᠤᠯᠵᠢᠯᠠᠭᠴᠢ ᠵᠧᠩ ᠮᠢᠩ ᠳ᠋ᠡ ᠳ᠋ᠦᠩ ᠰᠢᠤᠸᠠᠢ︶ ᠭᠠᠳᠠᠭᠠᠳᠤ ᠶᠠᠪᠤᠳᠠᠯ ᠤᠨ ᠶᠠᠮᠤᠨ 5᠎ ᠤ ᠡᠳᠦᠷ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠬᠢᠨ ᠳᠤ ᠪᠠᠶᠢᠳᠠᠯ ᠮᠡᠳᠡᠭᠳᠡᠬᠦ ᠬᠤᠷᠠᠯ ᠬᠢᠪᠠ᠃ ᠭᠠᠳᠠᠭᠠᠳᠤ ᠶᠠᠪᠤᠳᠠᠯ ᠤᠨ ᠶᠠᠮᠤᠨ ᠤ ᠳᠡᠳ᠋ ᠰᠠᠶᠢᠳ ᠯᠧ ᠢᠦᠶ ᠴᠧᠩ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠡᠷᠢᠭᠦᠨ ᠨᠠᠷ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠳᠤᠭᠠᠷ ᠤᠲᠠᠭᠠᠨ ᠤ ᠬᠤᠷᠠᠯ ᠳᠤ ᠣᠷᠣᠯᠴᠠᠬᠤ ᠪᠠᠷ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃    ᠯᠧ ᠢᠦᠶ ᠴᠧᠩ᠂ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 11 ᠰᠠᠷ᠎ᠠ ᠶᠢᠨ 10᠎ ᠤ ᠡᠳᠦᠷ ᠪᠡᠭᠡᠵᠢᠩ ᠳᠤ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠡᠷᠢᠭᠦᠨ ᠨᠠᠷ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠳᠤᠭᠠᠷ ᠤᠲᠠᠭᠠᠨ ᠤ ᠬᠤᠷᠠᠯ ᠳᠤ ᠣᠷᠣᠯᠴᠠᠬᠤ ᠪᠦᠭᠡᠳ ᠴᠢᠬᠤᠯᠠ ᠶᠠᠷᠢᠶ᠎ᠠ ᠲᠠᠯᠪᠢᠨ᠎ᠠ᠃ ᠲᠤᠰ ᠤᠳᠠᠭ᠎ᠠ ᠶᠢᠨ ᠬᠤᠷᠠᠯ ᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠷᠤᠰ ᠠᠴᠠ ᠭᠤᠣᠯᠯᠠᠨ ᠡᠷᠬᠢᠯᠡᠵᠦ᠂ ᠸᠢᠳᠢᠣ᠋ ᠬᠡᠯᠪᠡᠷᠢ ᠪᠠᠷ ᠬᠤᠷᠠᠯᠳᠤᠭᠤᠯᠬᠤ ᠪᠣᠯᠤᠨ᠎ᠠ᠃ ᠡᠨᠡ ᠪᠣᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠳᠠᠷᠠᠭ᠎ᠠ᠂ ᠲᠡᠷᠢᠭᠦᠯᠡᠭᠴᠢ ᠰᠢ ᠶᠢᠨ ᠫᠢᠩ ᠤᠨ ᠤᠷᠤᠯᠴᠠᠬᠤ ᠪᠠᠷ ᠪᠠᠶᠢᠭ᠎ᠠ ᠠᠩᠬᠠᠳᠠᠭᠴᠢ ᠤᠯᠠᠨ ᠲᠠᠯᠠᠲᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠪᠣᠯᠤᠨ᠎ᠠ᠂ ᠡᠨᠡ ᠨᠢ ᠮᠥᠨ ᠴᠦ ᠳᠤᠮᠳᠠᠳᠤ ᠤᠯᠤᠰ ᠤᠨ ᠡᠨᠡ ᠵᠢᠯ ᠤᠨ ᠧᠦ᠋ᠷᠣᠫᠠ ᠠᠽᠢᠶ᠎ᠠ ᠶᠢᠨ ᠭᠠᠵᠠᠷ ᠣᠷᠣᠨ ᠳᠤ ᠬᠠᠨᠳᠤᠭᠤᠯᠤᠭᠰᠠᠨ ᠴᠢᠬᠤᠯᠠ ᠶᠡᠭᠡ ᠤᠯᠠᠨ ᠳᠠᠯᠠᠳᠦ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠪᠤᠯᠬᠤᠷ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ ᠤᠨ ᠬᠤᠭᠤᠴᠠᠭᠠᠨ ᠳᠤ᠂ ᠡᠯ᠎ᠡ ᠲᠠᠯ᠎ᠠ ᠶᠢᠨ ᠬᠢᠨ ᠭᠤᠣᠯᠳᠠᠭᠤ ᠬᠢᠵᠢᠭ ᠤᠨ ᠪᠠᠶᠢᠳᠠᠯ ᠳᠣᠣᠷ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠳᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠡᠷᠢᠭᠦᠨ ᠴᠢᠬᠤᠯᠠ ᠡᠭᠦᠷᠭᠡ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠪᠣᠯᠤᠨ᠎ᠠ᠃ ᠪᠦᠬᠦ ᠲᠡᠯᠡᠭᠡᠢ ᠶᠢᠨ ᠬᠢᠵᠢᠭ ᠤᠨ ᠪᠠᠶᠢᠳᠠᠯ ᠪᠣᠯᠤᠨ ᠵᠠᠭᠤᠨ ᠵᠢᠯ ᠤᠨ ᠶᠡᠭᠡ ᠬᠤᠪᠢᠷᠠᠯᠲᠠ ᠰᠤᠯᠪᠢᠴᠠᠵᠦ ᠪᠠᠶᠢᠭ᠎ᠠ ᠪᠠᠶᠢᠳᠠᠯ ᠳᠣᠣᠷ᠎ᠠ᠂ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠸᠢᠲᠢᠣ᠋ ᠬᠡᠯᠪᠡᠷᠢ ᠪᠠᠷ ᠲᠦᠷᠦᠭᠦᠴᠦᠳ ᠤᠨ ᠬᠤᠷᠠᠯ ᠬᠤᠷᠠᠯᠳᠤᠭᠤᠯᠬᠤ ᠪᠠᠷ ᠪᠠᠶᠢᠭ᠎ᠠ ᠨᠢ ᠡᠯ᠎ᠡ ᠲᠠᠯ᠎ᠠ ᠶᠢᠨ ᠬᠢᠨ ᠤ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠵᠢᠴᠢ ︽ᠱᠠᠩᠬᠠᠶ ᠶᠢᠨ ᠵᠣᠷᠢᠭ ᠰᠠᠨᠠᠭ᠎ᠠ︾᠎ ᠶᠢ ᠦᠷᠭᠦᠯᠵᠢᠯᠡᠨ ᠪᠠᠳᠠᠷᠠᠭᠤᠯᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠨ᠂ ᠭᠠᠵᠠᠷ ᠣᠷᠣᠨ ᠤ ᠪᠠᠨ ᠤᠯᠤᠰ ᠤᠨ ᠠᠮᠤᠷ ᠲᠦᠪᠰᠢᠨ ᠪᠤᠯᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠬᠤ ᠡᠷᠡᠰ ᠪᠠᠲᠤ ᠡᠷᠴᠢ ᠵᠣᠷᠢᠭ ᠢ ᠬᠦᠢᠴᠡᠳ ᠬᠠᠷᠠᠭᠤᠯᠤᠭᠰᠠᠨ ᠪᠠᠶᠢᠨ᠎ᠠ ᠭᠡᠵᠦ ᠢᠯᠡᠳᠭᠡᠪᠡ᠃    ᠯᠧ ᠢᠦᠶ ᠴᠧᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 19 ᠵᠢᠯ ᠤᠨ ᠲᠤᠷᠰᠢ᠂ ᠡᠷᠡᠭᠦᠯ ᠰᠠᠷᠠᠭᠤᠯ ᠲᠣᠭᠲᠠᠭᠤᠨ ᠬᠥᠭᠵᠢᠯᠲᠡ ᠶᠢᠨ ᠪᠠᠶᠢᠲᠠᠯ ᠢᠶᠠᠨ ᠢᠮᠠᠭᠲᠠ ᠪᠠᠲᠤᠯᠠᠵᠤ᠂ ᠰᠢᠨ᠎ᠡ ᠬᠡᠯᠪᠡᠷᠢ ᠶᠢᠨ ᠣᠷᠣᠨ ᠪᠦᠰᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠪᠠ ᠬᠥᠭᠵᠢᠯᠲᠡ ᠶᠢᠨ ᠵᠠᠮ ᠢ ᠠᠮᠵᠢᠯᠲᠠ ᠲᠠᠢ ᠪᠠᠷ ᠰᠦᠪᠡᠭᠴᠢᠯᠡᠨ ᠨᠡᠭᠡᠭᠡᠵᠠᠢ᠃ ︽ᠱᠠᠩᠬᠠᠶ ᠶᠢᠨ ᠵᠣᠷᠢᠭ ᠰᠠᠨᠠᠭ᠎ᠠ︾ ᠪᠣᠯ ᠲᠤᠰ ᠵᠣᠬᠢᠶᠠᠨ ᠪᠠᠶᠢᠭᠤᠯᠤᠯᠲᠠ ᠶᠢᠨ ᠡᠳᠦᠷ ᠢᠷᠡᠬᠦᠶ᠎ᠡ ᠬᠥᠭᠵᠢᠨ ᠪᠤᠵᠠᠭᠠᠢᠢᠷᠠᠭᠰᠠᠨ ᠤ ᠣᠶᠢᠯᠠᠭᠠᠭᠳᠠᠬᠤᠨ ᠤ ᠰᠠᠭᠤᠷᠢ ᠪᠠ ᠠᠵᠢᠯᠯᠠᠭᠠᠨ ᠤ ᠵᠦᠭᠯᠡᠭᠦᠷ ᠪᠤᠯᠬᠤ ᠪᠦᠭᠡᠳ ᠰᠢᠨ᠎ᠠ ᠴᠠᠭ ᠦᠶ᠎ᠡ ᠶᠢᠨ ᠠᠭᠤᠯᠤᠭᠳᠠᠬᠤᠨ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠠᠯᠢᠭ ᠬᠠᠮᠲᠤᠷᠠᠯᠴᠠᠭᠠᠨ ᠤ ᠦᠷ᠎ᠠ ᠪᠦᠲᠦᠭᠡᠯ ᠤᠯᠵᠤ᠂ ᠪᠦᠷᠢᠯᠳᠦᠬᠦᠨ ᠤᠯᠤᠰ ᠤᠳ ︽ᠱᠠᠩᠬᠠᠶ ᠶᠢᠨ ᠬᠠᠮᠲᠤᠷᠠᠯᠴᠠᠭᠠᠠ ᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠳᠦᠷᠢᠮ︾ ᠪᠣᠯᠤᠨ ︽ᠱᠠᠩᠬᠠᠶ ᠶᠢᠨ ᠬᠠᠮᠲᠤᠷᠠᠯᠴᠠᠭᠠᠠ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠤᠷᠲᠤ ᠬᠤᠭᠤᠴᠠᠭᠠᠨ ᠤ ᠡᠶᠡᠯᠲᠡᠭ ᠬᠦᠷᠰᠢ ᠶᠢᠨ ᠨᠥᠬᠦᠷᠰᠡᠭ ᠬᠠᠮᠲᠤᠷᠠᠯᠴᠠᠭᠠᠠ ᠤ ᠭᠡᠷ᠎ᠡ︾᠎ ᠶᠢᠨ ᠵᠣᠷᠢᠭ ᠰᠠᠨᠠᠭ᠎ᠠ ᠶᠢ ᠵᠢᠷᠤᠮᠯᠠᠨ᠂ ᠲᠤᠰ ᠤᠯᠤᠰ ᠤᠨ ᠢᠶᠠᠨ ᠪᠠᠶᠢᠳᠠᠯ ᠳᠤ ᠳᠣᠭᠢᠷᠬᠠᠰᠠᠨ ᠬᠥᠭᠵᠢᠯᠲᠡ ᠶᠢᠨ ᠵᠠᠮ ᠢᠶᠠᠷ ᠵᠠᠮᠨᠠᠬᠤ ᠵᠢᠴᠢ ᠤᠯᠤᠰ ᠤᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠪᠠᠶᠢᠲᠠᠯ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠠᠷᠢᠯᠴᠠᠨ ᠳᠡᠮᠵᠢᠵᠦ᠂ ᠭᠠᠳᠠᠭᠠᠳᠦ ᠬᠦᠴᠦᠨ ᠤ ᠶᠠᠮᠠᠷᠪᠠ ᠰᠢᠯᠲᠠᠭ ᠢᠶᠠᠷ ᠪᠦᠷᠢᠯᠳᠦᠬᠦᠨ ᠤᠯᠤᠰ ᠤᠳ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠨ᠂ ᠶᠠᠷᠢᠯᠴᠠᠨ ᠵᠦᠪᠳᠡᠯᠴᠡᠬᠦ ᠪᠠᠷ ᠳᠠᠮᠵᠢᠨ ᠵᠥᠷᠢᠴᠡᠯ ᠵᠥᠷᠢᠯᠳᠦᠭᠡᠨ ᠢ ᠠᠷᠢᠯᠭᠠᠵᠤ᠂ ︽ᠭᠤᠷᠪᠠᠨ ᠵᠦᠢᠯ ᠤᠨ ᠬᠦᠴᠦᠨ︾ ᠵᠡᠷᠭᠡ ᠤᠯᠠᠮᠵᠢᠯᠠᠯᠲᠤ ᠪᠤᠰᠤ ᠠᠮᠤᠷ ᠲᠦᠪᠰᠢᠨ ᠤ ᠰᠦᠷᠳᠡᠭᠦᠯᠦᠯ ᠢ ᠭᠠᠷ ᠬᠤᠯᠪᠣᠨ ᠠᠷᠭᠠᠴᠠᠭᠠᠨ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠭᠠᠵᠠᠷ ᠣᠷᠣᠨ ᠤ ᠬᠠᠮᠲᠤᠷᠠᠯᠴᠠᠭᠠᠨ ᠤ ᠰᠠᠨᠠᠭᠠᠴᠢᠯᠠᠭ᠎ᠠ ᠲᠠᠢ ᠵᠣᠯᠭᠠᠭᠤᠯᠬᠤ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠵᠦ᠂ ᠭᠠᠵᠠᠷ ᠣᠷᠣᠨ ᠤ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠡᠯ᠎ᠡ ᠤᠯᠤᠰ ᠤᠨ ᠠᠷᠠᠳ ᠤᠯᠠᠨ ᠳᠤ ᠬᠠᠮᠲᠤᠷᠠᠯᠴᠠᠭᠠᠨ ᠤ ᠦᠷ᠎ᠠ ᠪᠦᠲᠦᠭᠡᠯ ᠢ ᠬᠠᠮᠲᠤ ᠪᠠᠷ ᠡᠳ᠋ᠯᠡᠭᠦᠯᠵᠠᠢ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠡᠶᠡᠯᠳᠡᠭ ᠬᠥᠷᠰᠢ ᠶᠢᠨ ᠨᠦᠬᠦᠷᠰᠡᠭ ᠬᠠᠷᠢᠯᠴᠠᠭ᠎ᠠ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ ᠠᠳᠠᠯᠢ ᠪᠤᠰᠤ ᠪᠣᠯᠪᠠᠰᠤᠨ ᠠᠭᠤᠰᠤᠯᠴᠠᠵᠤ ᠬᠠᠮᠲᠤ ᠪᠠᠷ ᠣᠷᠣᠰᠢᠵᠤ᠂ ᠠᠷᠠᠳ ᠲᠦᠮᠡᠨ ᠤ ᠨᠥᠬᠦᠷᠰᠡᠭ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠡᠯ᠎ᠡ ᠲᠠᠯ᠎ᠠ ᠶᠢᠨ ᠬᠢᠨ ᠲᠤᠰ ᠵᠣᠬᠢᠶᠠᠨ ᠪᠠᠶᠢᠭᠤᠯᠤᠯᠲᠠ ᠶᠢᠨ ᠰᠣᠶᠣᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠢᠭᠤᠯᠴᠢᠯᠠᠯ᠂ ᠡᠷᠡᠭᠦᠯ ᠬᠠᠮᠠᠭᠠᠯᠠᠯ᠂ ᠭᠠᠮᠰᠢᠭ ᠢ ᠪᠠᠭᠠᠰᠬᠠᠬᠤ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠬᠦᠨᠵᠡᠭᠡᠶᠢᠷᠡᠨ ᠬᠦᠭᠵᠢᠬᠦ ᠶᠢ ᠠᠬᠢᠭᠤᠯᠵᠤ᠂ ᠨᠢᠭᠡ ᠪᠦᠯᠦᠭ ᠲᠦᠷᠦᠯ ᠲᠡᠮᠳᠡᠭ ᠤᠨ ᠠᠵᠢᠯᠯᠠᠭ᠎ᠠ ᠶᠢᠨ ᠲᠦᠷᠦᠯ ᠵᠦᠢᠯ ᠢ ᠪᠦᠷᠢᠯᠳᠦᠭᠦᠯᠵᠦ᠂ ᠡᠯ᠎ᠡ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠶᠢ ᠨᠡᠮᠡᠭᠳᠡᠭᠦᠯᠬᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠬᠤ ᠲᠠᠪᠴᠠᠩ ᠪᠠᠶᠢᠭᠤᠯᠵᠦ᠂ ᠨᠡᠶᠢᠳᠡᠮ ᠤᠨ ᠬᠦᠷᠢᠶᠡᠯᠡᠯ ᠪᠠ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠤᠯᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠥᠨᠳᠥᠷ ᠪᠦᠲᠦᠮᠵᠢᠲᠡᠶ ᠥᠨᠳᠥᠷ ᠴᠢᠳᠠᠪᠤᠷᠢ ᠲᠠᠢ ᠪᠠᠶᠢᠵᠤ᠂ ᠬᠠᠲᠠᠭᠤ ᠪᠡᠷᠬᠡ ᠶᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠬᠢᠵᠢᠭ ᠲᠠᠢ ᠲᠡᠮᠡᠴᠡᠬᠦ ᠲᠠᠯ᠎ᠠ ᠪᠠᠷ ᠬᠠᠷᠢᠯᠴᠠᠨ ᠶᠡᠭᠡ ᠪᠠᠷ ᠳᠡᠮᠵᠢᠭᠰᠡᠨ ᠪᠦᠭᠡᠳ ᠣᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠳᠡᠮᠵᠢᠬᠦ ᠲᠤᠬᠠᠶ ᠴᠢᠩᠭ᠎ᠠ ᠤᠷᠢᠶᠠᠯᠠᠭ᠎ᠠ ᠭᠠᠷᠭᠠᠵᠤ᠂ ᠱᠠᠩᠬᠠᠶ ᠶᠢᠨ ᠬᠠᠮᠲᠤᠷᠠᠯᠴᠠᠭᠠᠠ ᠤ ᠵᠣᠬᠢᠶᠠᠨ ᠪᠠᠶᠢᠭᠤᠯᠤᠯᠲᠠ ᠶᠢᠨ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠲᠠᠢ ᠪᠦᠲᠦᠮᠵᠢᠲᠡᠶ ᠬᠠᠮᠵᠢᠯᠴᠠᠭ᠎ᠠ ᠥᠷᠨᠢᠭᠦᠯᠬᠦ ᠶᠢ ᠳᠡᠮᠵᠢᠵᠦ᠂ ᠲᠤᠰ ᠭᠠᠵᠠᠷ ᠣᠷᠣᠨ ᠤ ᠠᠷᠠᠳ ᠲᠦᠮᠡᠨ ᠤ ᠠᠮᠢ ᠨᠠᠰᠤᠨ ᠤ ᠡᠷᠡᠭᠦᠯ ᠮᠡᠨᠳᠦ ᠶᠢ ᠬᠠᠮᠠᠭᠠᠯᠠᠨ᠂ ᠪᠦᠬᠦ ᠲᠡᠯᠡᠭᠡᠢ ᠶᠢᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠳᠤ ᠢᠳᠡᠪᠬᠢ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠦ ᠢᠯᠡᠳᠭᠡᠪᠡ᠃    ᠯᠧ ᠢᠦᠶ ᠴᠧᠩ᠂ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠡᠯ᠎ᠡ ᠤᠯᠤᠰ ᠤᠨ ᠤᠳᠤᠷᠢᠳᠬᠤ ᠬᠥᠮᠦᠰ ᠲᠠᠢ ᠭᠠᠷ ᠬᠤᠯᠪᠣᠯᠴᠠᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ᠂ ᠠᠮᠤᠷ ᠲᠦᠪᠰᠢᠨ ᠲᠣᠭᠲᠠᠭᠤᠨ ᠪᠣᠯᠤᠨ ᠬᠥᠭᠵᠢᠯᠲᠡ ᠮᠠᠨᠳᠤᠯᠳᠠ ᠶᠢ ᠬᠠᠮᠲᠤ ᠪᠠᠷ ᠠᠬᠢᠭᠤᠯᠬᠤ ᠰᠢᠨ᠎ᠡ ᠰᠡᠳᠬᠢᠮᠵᠢ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠤᠨ ᠶᠠᠷᠢᠯᠴᠠᠵᠤ᠂ ︽ᠱᠠᠩᠬᠠᠢ ᠶᠢᠨ ᠵᠣᠷᠢᠭ ᠰᠠᠨᠠᠭ᠎ᠠ︾᠎ ᠶᠢ ᠦᠷᠭᠦᠯᠵᠢᠯᠡᠨ ᠪᠠᠳᠠᠷᠠᠭᠤᠯᠵᠤ᠂ ᠱᠠᠩᠬᠠᠶ ᠶᠢᠨ ᠬᠠᠮᠲᠤᠷᠠᠯᠴᠠᠭᠠᠠ ᠤ ᠵᠣᠬᠢᠶᠠᠨ ᠪᠠᠶᠢᠭᠤᠯᠤᠯᠲᠠ ᠶᠢᠨ ᠪᠦᠯᠬᠦᠮᠳᠡᠯ ᠢᠲᠡᠭᠡᠯᠴᠡᠭᠡ ᠶᠢ ᠪᠠᠬᠢᠵᠢᠭᠦᠯᠤᠨ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾᠎ ᠢ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠭᠠᠵᠠᠷ ᠣᠷᠣᠨ ᠤ ᠬᠠᠮᠲᠤᠷᠠᠯᠴᠠᠭᠠᠨ ᠤ ᠰᠠᠨᠠᠭᠠᠴᠢᠯᠠᠭ᠎ᠠ ᠲᠠᠢ ᠵᠣᠯᠭᠠᠭᠤᠯᠬᠤ ᠶᠢ ᠴᠢᠩᠭᠠᠳᠬᠠᠨ᠂ ᠤᠯᠠᠨ ᠲᠠᠯᠠᠲᠤ ᠦᠵᠡᠯ ᠢ ᠲᠡᠮᠵᠢᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠠᠯᠢ ᠤᠯᠠᠨ ᠰᠠᠨᠠᠭᠠᠴᠢᠯᠠᠭ᠎ᠠ ᠵᠣᠷᠢᠯᠲᠠ ᠳᠤᠷᠠᠳᠴᠤ᠂ ᠬᠢᠵᠢᠭ ᠤᠨ ᠳᠠᠷᠠᠭᠠᠬᠢ ᠴᠠᠭ ᠦᠶ᠎ᠡ ᠶᠢᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠷᠭᠦᠯᠵᠢᠯᠡᠨ ᠡᠷᠡᠭᠦᠯ ᠪᠦᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠲᠦᠷᠦᠭᠦᠴᠦᠳ ᠤᠨ ᠬᠤᠷᠠᠯ ᠤᠨ ᠲᠤᠩᠬᠠᠭ ᠨᠡᠶᠢᠲᠡᠯᠡᠵᠦ᠂ ᠤᠯᠠᠨ ᠬᠦᠷᠢᠶᠡᠨ ᠳᠤ ᠬᠤᠯᠪᠣᠭᠳᠠᠭᠰᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠵᠥᠪᠰᠢᠶᠡᠷᠡᠨ᠎ᠡ᠃ ᠳᠤᠮᠳᠠᠳᠤ ᠤᠯᠤᠰ ᠡᠯ᠎ᠡ ᠲᠠᠯ᠎ᠠ ᠶᠢᠨ ᠬᠢᠨ ᠤ ᠲᠤᠰ ᠤᠳᠠᠭᠠᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠴᠢᠩᠭᠠᠳᠬᠠᠵᠦ᠂ ᠰᠢᠨ᠎ᠡ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠰᠢᠨ᠎ᠡ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠬᠠᠮᠲᠤ ᠶᠢᠨ ᠬᠥᠭᠵᠢᠯᠲᠡ ᠮᠠᠨᠳᠤᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ︽ᠱᠠᠩᠬᠠᠶ ᠶᠢᠨ ᠵᠣᠷᠢᠭ ᠰᠠᠨᠠᠭ᠎ᠠ︾᠎ ᠶᠢᠨ ᠲᠤᠭ ᠢ ᠢᠮᠠᠭᠲᠠ ᠥᠨᠳᠥᠷ ᠮᠠᠨᠳᠤᠭᠤᠯᠵᠤ᠂ ᠨᠡᠭᠡᠭᠡᠯᠳᠡᠳᠦ ᠪᠠᠭᠲᠠᠭᠠᠮᠵᠢᠲᠠᠶ ᠬᠠᠮᠳᠤᠷᠠᠯᠴᠠᠬᠤ ᠵᠠᠷᠴᠢᠮ ᠢ ᠴᠢᠩᠭ᠎ᠠ ᠵᠢᠷᠤᠮᠯᠠᠠ᠂ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠪᠣᠯᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠢᠳᠡᠭᠡᠵᠦ ᠪᠠᠶᠢᠨ᠎ᠠ ᠭᠡᠵᠦ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号