ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠳᠡᠭᠡᠷᠡᠬᠢ ᠭᠤᠤᠯ ᠵᠤᠷᠢᠯᠳᠠᠳᠤ ᠶᠠᠷᠢᠶ᠎ᠠ ᠢᠯᠡᠳᠭᠡᠯ
ᠨᠡᠶᠢᠲᠡᠯᠡᠭᠰᠡᠨ ᠴᠠᠭ᠄
2020/11/10
   ᠬᠦᠨᠳᠦᠳᠦ ᠡᠯ᠎ᠠ ᠤᠯᠤᠰ ᠤᠨ ᠲᠡᠷᠢᠬᠦᠨ ᠨᠠᠷ᠂ ᠵᠠᠰᠠᠭ ᠤᠨ ᠤᠷᠳᠤᠨ ᠤ ᠲᠦᠷᠦᠬᠦᠴᠤᠳ᠂    ᠬᠦᠨᠳᠦᠳᠦ ᠡᠯ᠎ᠠ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ᠂    ᠬᠦᠨᠳᠦᠳᠦ ᠡᠯ᠎ᠠ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ᠂    ᠵᠤᠴᠢᠳ᠂    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ᠄    ᠡᠯ᠎ᠠ ᠲᠠᠯ᠎ᠠ ᠶᠢᠨ ᠬᠠᠮᠳᠦ ᠶᠢᠨ ᠴᠢᠷᠮᠠᠶᠢᠯᠭ᠎ᠠ ᠪᠠᠷ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠡᠬᠢᠯᠡᠯ᠎ᠠ︕ ᠡᠩ ᠲᠡᠷᠢᠬᠦᠨ ᠳᠤ᠂ ᠪᠢ ᠳᠤᠮᠳᠠᠳᠤ ᠤᠯᠤᠰ ᠤᠨ ᠵᠠᠰᠠᠭ ᠤᠨ ᠤᠷᠳᠤᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ ᠬᠦᠨᠳᠦᠳᠦ ᠵᠤᠴᠢᠳ ᠢ ᠬᠠᠯᠠᠭᠤᠨ ᠢᠶᠠᠷ ᠪᠠᠶᠠᠷᠯᠠᠨ ᠤᠬᠳᠤᠵᠦ ᠪᠠᠶᠢᠬᠤ ᠪᠠᠨ ᠢᠯᠡᠳᠭᠡᠶ᠎ᠠ︕ ᠰᠢᠨ᠎ᠠ ᠬᠠᠭᠤᠴᠢᠨ ᠨᠠᠶᠢᠵᠠ ᠨᠠᠷ ᠲᠤ ᠴᠢᠩ ᠰᠡᠳᠬᠢᠯ ᠤᠨ ᠮᠡᠨᠳᠦᠴᠢᠯᠡᠯ ᠲᠡᠪᠰᠢᠬᠦᠯᠦᠶ᠎ᠠ︕    ᠲᠤᠰ ᠬᠤᠭᠤᠴᠠᠭᠠᠨ ᠤ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠪᠤᠯ ᠤᠴᠠᠭᠠᠢ ᠴᠠᠭ ᠦᠶ᠎ᠠ ᠳᠤ ᠶᠠᠪᠤᠬᠳᠠᠭᠰᠠᠨ ᠶᠤᠮ᠃ ᠭᠡᠨᠡᠳᠳᠡ ᠪᠠᠷ ᠲᠠᠭᠠᠷᠢᠨ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ ᠡᠯ᠎ᠠ ᠤᠯᠤᠰ ᠢ ᠬᠦᠨᠳᠦ ᠨᠤᠴᠢᠳᠠᠢ ᠳᠠᠭᠠᠷᠢᠯᠳᠠ ᠳᠤ ᠤᠴᠠᠷᠠᠭᠤᠯᠤᠭᠰᠠᠨ ᠪᠦᠭᠡᠳ ᠪᠠᠰᠠ ᠳᠡᠯᠡᠭᠡᠢ ᠶᠢᠨ ᠠᠵᠤ ᠠᠬᠤᠢ ᠳᠤ ᠬᠦᠨᠳᠦ ᠴᠤᠬᠢᠯᠳᠠ ᠦᠭᠴᠠᠢ᠃ ᠳᠤᠮᠳᠠᠳᠤ ᠤᠯᠤᠰ ᠬᠢᠵᠢᠭ ᠢ ᠰᠡᠷᠭᠡᠶᠢᠯᠡᠨ ᠠᠮᠤᠷ ᠲᠦᠪᠰᠢᠨ ᠢ ᠪᠠᠳᠤᠯᠠᠭᠰᠠᠨ ᠤᠷᠢᠳᠠᠯ ᠳᠤᠤᠷ᠎ᠠ ᠡᠨᠡ ᠬᠦ ᠪᠦᠬᠦ ᠪᠦᠮᠪᠦᠷᠴᠡᠭ ᠤᠨ ᠠᠷᠠᠯᠵᠢᠶᠠᠨ ᠤ ᠦᠪᠡᠳᠡᠭᠰᠢ ᠴᠤᠬᠯᠠᠭᠠᠨ ᠢ ᠲᠤᠭᠳᠠᠭᠰᠠᠨ ᠬᠤᠭᠤᠴᠠᠭ᠎ᠠ ᠶᠤᠰᠤᠭᠠᠷ ᠡᠷᠬᠢᠯᠡᠵᠦ ᠪᠠᠶᠢᠭ᠎ᠠ ᠨᠢ ᠳᠤᠮᠳᠠᠳᠤ ᠤᠯᠤᠰ ᠳᠡᠯᠡᠭᠡᠢ ᠳ᠋ᠠᠬᠢᠨ ᠯᠤᠭ᠎ᠠ ᠵᠠᠬ᠎ᠠ ᠳᠡᠯᠭᠡᠬᠦᠷ ᠤᠨ ᠠᠵᠠ ᠲᠤᠬᠢᠶᠠᠯ ᠢ ᠬᠤᠪᠢᠶᠠᠯᠴᠠᠨ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠶᠢ ᠠᠬᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢ ᠢᠯᠡᠷᠡᠬᠦᠯᠦᠭᠰᠡᠨ ᠶᠤᠮ᠃    3 ᠵᠢᠯ ᠤᠨ ᠬᠦᠭᠵᠢᠯᠳᠠ ᠪᠠᠷ ᠳᠠᠮᠵᠢᠵᠦ᠂ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠨᠢ ᠦᠵᠡᠬᠦᠯᠭᠡ ᠶᠢᠨ ᠪᠤᠳᠠᠰ ᠢ ᠲᠠᠸᠠᠷ ᠪᠤᠯᠭᠠᠵᠦ᠂ ᠦᠵᠡᠬᠦᠯᠭᠡ ᠶᠢᠨ ᠠᠷᠠᠯᠵᠢᠶᠠᠴᠢᠨ ᠢ ᠪᠡᠯᠡ ᠤᠷᠤᠭᠤᠯᠤᠯᠳᠠ ᠶᠢᠨ ᠠᠷᠠᠯᠵᠢᠶᠠᠴᠢᠨ ᠪᠤᠯᠭᠠᠵᠦ᠂ ᠪᠦᠳᠦᠭᠡᠯᠴᠢ ᠰᠡᠳᠬᠢᠬᠦᠢ ᠪᠠ ᠤᠢᠢᠯᠠᠭᠠᠭᠳᠠᠬᠤᠨ ᠢᠶᠠᠨ ᠰᠤᠯᠢᠯᠴᠠᠵᠦ᠂ ᠳᠤᠮᠳᠠᠳᠤ ᠤᠯᠤᠰ ᠪᠤᠯᠤᠨ ᠳᠡᠯᠡᠭᠡᠢ ᠳ᠋ᠠᠬᠢᠨ ᠢ ᠬᠤᠯᠪᠤᠨ ᠨᠡᠪᠳᠡᠷᠡᠭᠦᠯᠵᠦ᠂ ᠤᠯᠠᠨ ᠤᠯᠤᠰ ᠤᠨ ᠪᠠᠷᠠᠭ᠎ᠠ ᠬᠤᠳᠠᠯᠳᠤᠨ ᠠᠪᠬᠤ᠂ ᠪᠡᠯᠡ ᠤᠷᠤᠭᠤᠯᠤᠯᠳᠠ ᠶᠢ ᠠᠬᠢᠭᠤᠯᠬᠤ᠂ ᠰᠤᠶᠤᠯ ᠢᠷᠭᠡᠨᠰᠢᠯ ᠢ ᠰᠤᠯᠢᠯᠴᠠᠬᠤ᠂ ᠨᠡᠭᠡᠭᠡᠯᠳᠠᠳᠠᠢ ᠬᠠᠮᠳᠤᠷᠠᠯᠴᠠᠬᠤ ᠲᠦᠷᠪᠡᠨ ᠲᠤᠮᠤ ᠲᠠᠪᠴᠠᠩ ᠪᠤᠯᠵᠦ᠂ ᠪᠦᠬᠦ ᠪᠦᠮᠪᠦᠷᠴᠡᠭ ᠤᠨ ᠬᠠᠮᠳᠤ ᠪᠠᠷ ᠡᠳ᠋ᠯᠡᠬᠦ ᠤᠯᠠᠨ ᠤᠯᠤᠰ ᠤᠨ ᠤᠯᠠᠨ ᠨᠡᠶᠢᠳᠡ ᠶᠢᠨ ᠦᠢᠯᠡᠳᠬᠦᠨ ᠪᠤᠯᠵᠠᠢ᠃    ᠲᠤᠰ ᠬᠤᠭᠤᠴᠠᠭᠠᠨ ᠤ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠤ ᠡᠯ᠎ᠠ ᠤᠯᠤᠰ ᠤᠨ ᠠᠵᠤ ᠠᠬᠤᠢᠢᠯᠠᠯ ᠢᠳᠡᠪᠬᠢᠳᠠᠢ ᠤᠷᠤᠯᠴᠠᠵᠦ᠂ ᠦᠵᠡᠬᠦᠯᠭᠡ ᠶᠢᠨ ᠲᠠᠯᠠᠪᠠᠢ ᠶᠢ ᠲᠠᠬᠢᠨ 3 ᠲᠦᠮᠡ ᠰᠢᠬᠠᠮ ᠲᠡᠭᠰᠢ ᠲᠦᠷᠪᠡᠯᠵᠢᠨ ᠮᠧᠲᠷ ᠦᠷᠭᠡᠳᠭᠡᠪᠡ᠃ ᠭᠠᠭᠴᠠ ᠬᠦ ᠰᠢᠨ᠎ᠠ ᠪᠠᠷ ᠪᠠᠶᠢᠭᠤᠯᠤᠭᠰᠠᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ ᠲᠤᠰᠬᠠᠢ ᠲᠤᠭᠤᠷᠢᠭ ᠲᠤ᠂ ᠳᠡᠯᠡᠭᠡᠢ ᠶᠢᠨ 500 ᠬᠦᠴᠦᠷᠭᠡᠭ ᠪᠠ ᠠᠵᠢᠯ ᠲᠦᠷᠦᠯ ᠤᠨ ᠮᠠᠰᠢ ᠤᠯᠠᠨ ᠳᠠᠭᠠᠭᠤᠯᠤᠬᠴᠢ ᠠᠵᠤ ᠠᠬᠤᠢᠢᠯᠠᠯ ᠤᠷᠤᠯᠴᠠᠵᠠᠢ᠃ ᠡᠨᠡ ᠤᠳᠠᠭ᠎ᠠ ᠰᠦᠯᠵᠢᠶᠡᠨ ᠳᠡᠭᠡᠷ᠎ᠠ ᠪᠠ ᠪᠤᠳᠠᠳᠤ ᠴᠤᠬᠴᠠ ᠶᠢ ᠤᠶᠠᠯᠳᠤᠭᠤᠯᠬᠤ ᠭᠡᠯᠪᠡᠷᠢ ᠶᠢ ᠠᠪᠴᠦ᠂ ᠡᠯ᠎ᠠ ᠲᠠᠯ᠎ᠠ ᠪᠠᠷ ᠴᠦᠮ ᠨᠢᠬᠳᠠ ᠲᠤᠬᠢᠷᠠᠭᠤᠯᠤᠯᠳᠠ ᠬᠢᠪᠠ᠂ ᠠᠮᠤᠷ ᠲᠦᠪᠰᠢᠨ᠂ ᠭᠤᠴᠤ ᠰᠠᠶᠢᠬᠠᠨ᠂ ᠪᠠᠶᠠᠯᠢᠬ ᠦᠷ᠎ᠠ ᠪᠦᠳᠦᠭᠡᠯ ᠲᠠᠢ ᠦᠵᠡᠰᠬᠦᠯᠡᠩ ᠤᠨ ᠴᠤᠬᠯᠠᠭᠠᠨ ᠪᠤᠯᠭᠠᠨ ᠡᠷᠬᠢᠯᠡᠵᠦ ᠴᠢᠳᠠᠨ᠎ᠠ ᠭᠡᠳᠡᠭ ᠢ ᠢᠳᠡᠭᠡᠵᠦ ᠪᠠᠶᠢᠨ᠎ᠠ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ︕    ᠭᠡᠳᠦ᠋ᠢᠪᠡᠷ ᠬᠢᠵᠢᠭ ᠤᠨ ᠪᠠᠶᠢᠳᠠᠯ ᠤᠨ ᠨᠦᠯᠦᠭᠡ ᠳᠤ ᠤᠴᠠᠷᠠᠭᠰᠠᠨ ᠴᠦ ᠡᠨᠡ ᠵᠢᠯ ᠤᠨ ᠳᠤᠮᠳᠠᠳᠤ ᠤᠯᠤᠰ ᠤᠨ ᠨᠡᠭᠡᠭᠡᠯᠳᠠ ᠪᠠᠨ ᠦᠷᠭᠡᠳᠭᠡᠬᠦ ᠠᠯᠬᠤᠭ᠎ᠠ ᠮᠦᠨ ᠬᠦ ᠲᠦᠷᠭᠡᠳᠴᠦ ᠪᠤᠢ᠃ ᠮᠢᠨᠤ ᠬᠤᠶᠠᠳᠤᠭᠠᠷ ᠬᠤᠭᠤᠴᠠᠭᠠᠨ ᠤ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠡᠭᠡᠷ᠎ᠠ ᠨᠡᠶᠢᠳᠡᠯᠡᠭᠰᠡᠨ ᠭᠠᠳᠠᠭᠠᠳᠦ ᠨᠡᠭᠡᠭᠡᠯᠳᠠ ᠪᠠᠨ ᠦᠷᠭᠡᠳᠭᠡᠬᠦ ᠠᠯᠢ ᠤᠯᠠᠨ ᠠᠷᠭ᠎ᠠ ᠭᠡᠮᠵᠢᠶ᠎ᠠ ᠨᠢᠭᠡᠨᠳᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠬᠳᠠᠪᠠ᠃ ᠳᠤᠮᠳᠠᠳᠤ ᠤᠯᠤᠰ ᠭᠠᠳᠠᠭᠠᠳᠦ ᠤᠷᠤᠭᠤᠯᠤᠯᠳᠠ ᠪᠠᠨ ᠦᠷᠬᠦᠯᠵᠢᠯᠡᠨ ᠦᠷᠭᠡᠳᠭᠡᠵᠦ᠂ ᠨᠢᠭᠡ ᠵᠢᠯ ᠤᠨ ᠲᠤᠷᠰᠢ ᠳᠤᠮᠳᠠᠳᠤ ᠤᠯᠤᠰ ᠤᠨ ᠲᠠᠸᠠᠷ ᠪᠠ ᠦᠢᠯᠡᠴᠢᠯᠡᠭᠡ ᠶᠢᠨ ᠭᠠᠳᠠᠭᠠᠳᠦ ᠤᠷᠤᠭᠤᠯᠤᠯᠳᠠ ᠶᠢᠨ ᠭᠡᠮᠵᠢᠶᠠᠨ ᠤ ᠨᠡᠮᠡᠭᠳᠡᠯ ᠤᠨ ᠬᠤᠷᠳᠤᠴᠠ ᠪᠦᠬᠦ ᠪᠦᠮᠪᠦᠷᠴᠡᠭ ᠤᠨ ᠳᠤᠮᠳᠠᠴᠢ ᠲᠦᠪᠰᠢᠨ ᠠᠴᠠ ᠮᠡᠳᠡᠭᠳᠡᠮ᠎ᠠ ᠦᠨᠳᠦᠷ ᠪᠤᠯᠪᠠ᠃ ᠪᠦᠬᠦ ᠤᠯᠤᠰ ᠤᠨ ᠭᠠᠳᠠᠭᠠᠳᠦ ᠶᠢᠨ ᠠᠷᠠᠯᠵᠢᠶᠠᠴᠢᠨ ᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ 40 ᠵᠤᠷᠪᠤᠰ ᠪᠠᠶᠢᠬᠰᠠᠨ ᠠᠴᠠ 33 ᠵᠤᠷᠪᠤᠰ ᠪᠤᠯᠭᠠᠨ ᠬᠠᠰᠤᠵᠦ᠂ ᠴᠢᠯᠦᠭᠡᠳᠦ ᠠᠷᠠᠯᠵᠢᠶᠠᠨ ᠤ ᠲᠤᠷᠰᠢᠯᠳᠠ ᠶᠢᠨ ᠤᠷᠤᠨ ᠢ 18 ᠪᠠᠶᠢᠬᠰᠠᠨ ᠠᠴᠠ 21 ᠪᠤᠯᠭᠠᠨ ᠨᠡᠮᠡᠵᠦ᠂ ᠬᠠᠶᠢᠨᠠᠨ ᠤ ᠴᠢᠯᠦᠭᠡᠳᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢᠨ ᠶᠡᠷᠦᠩᠭᠡᠢ ᠲᠦᠰᠦᠯ᠂ ᠱᠧᠨᠵᠧᠨ ᠤ ᠦᠭᠡᠷᠡᠴᠢᠯᠡᠯᠳᠠ ᠨᠡᠭᠡᠭᠡᠯᠳᠠ ᠶᠢ ᠤᠯᠠᠮ ᠴᠢᠨᠠᠬᠰᠢᠳᠠ ᠦᠷᠭᠡᠳᠭᠡᠬᠦ ᠭᠡᠷᠡᠭᠵᠢᠬᠦᠯᠬᠦ ᠲᠦᠰᠦᠯ ᠢ ᠨᠡᠶᠢᠳᠡᠯᠡᠨ ᠭᠡᠷᠡᠭᠵᠢᠬᠦᠯᠵᠦ᠂ ᠦᠨᠳᠦᠷ ᠪᠠᠷᠢᠮᠵᠢᠶᠠᠳᠦ ᠴᠢᠯᠦᠭᠡᠳᠦ ᠠᠷᠠᠯᠵᠢᠶᠠᠨ ᠤ ᠵᠦᠪᠳᠡᠯᠴᠡᠭᠡᠷ ᠢ ᠵᠦᠪᠯᠡᠯᠴᠡᠨ ᠲᠤᠭᠳᠠᠬᠤ᠂ ᠭᠠᠳᠠᠭᠠᠳᠦ ᠤᠷᠤᠭᠤᠯᠤᠯᠳᠠ ᠶᠢᠨ ᠠᠷᠠᠯᠵᠢᠶ᠎ᠠ ᠶᠢ ᠠᠬᠢᠭᠤᠯᠬᠤ ᠰᠢᠨ᠎ᠠ ᠶᠢ ᠡᠬᠦᠳᠬᠦ ᠵᠢᠱᠢᠶ᠎ᠠ ᠦᠵᠡᠬᠦᠯᠬᠦ ᠤᠷᠤᠨ ᠢ ᠪᠤᠶᠢᠵᠢᠭᠤᠯᠬᠤ᠂ ᠮᠡᠳᠡᠯᠭᠡ ᠶᠢᠨ ᠦᠮᠴᠢᠯᠡᠯ ᠤᠨ ᠡᠷᠭᠡ ᠶᠢ ᠬᠠᠮᠠᠭᠠᠯᠠᠬᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠳᠤ ᠪᠠᠷ ᠪᠦᠳᠦᠭᠡᠨ ᠪᠠᠶᠢᠭᠤᠯᠬᠤ ᠵᠡᠷᠭᠡ ᠠᠷᠭ᠎ᠠ ᠭᠡᠮᠵᠢᠶ᠎ᠠ ᠴᠦᠮ ᠢᠳᠡᠪᠬᠢᠳᠠᠢ ᠠᠬᠢᠵᠦ ᠪᠤᠢ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ︕    ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠶᠡᠭᠡ ᠪᠠᠷ ᠦᠷᠪᠢᠰᠤᠨ ᠳᠡᠯᠭᠡᠷᠡᠭᠡᠳ ᠳᠡᠯᠡᠭᠡᠢ ᠶᠢᠨ ᠠᠵᠤ ᠠᠬᠤᠢ ᠶᠢᠨ ᠲᠤᠭᠳᠠᠪᠤᠷᠢᠳᠦ ᠪᠤᠰᠤ ᠲᠤᠭᠳᠠᠭᠠᠯᠳᠦ ᠪᠤᠰᠤ ᠡᠯᠧᠮᠧᠨ᠋ᠲ ᠢ ᠨᠡᠮᠡᠭᠳᠡᠬᠦᠯᠪᠡ᠃ ᠲᠡᠦᠭᠡ ᠶᠢᠨ ᠲᠠᠯ᠎ᠠ ᠠᠴᠠ ᠠᠪᠴᠦ ᠦᠵᠡᠬᠦ ᠳᠤ᠂ ᠶᠠᠮᠠᠷᠪᠠ ᠠᠶᠦᠯ ᠲᠦᠭᠰᠢᠬᠦᠷᠢ᠂ ᠶᠠᠮᠠᠷᠪᠠ ᠭᠠᠢ ᠭᠠᠮᠰᠢᠬ᠂ ᠶᠠᠮᠠᠷᠪᠠ ᠰᠦᠷᠭᠡᠦ ᠤᠷᠤᠰᠬᠠᠯ ᠳᠤ ᠤᠴᠠᠷᠠᠭᠰᠠᠨ ᠴᠦ᠂ ᠬᠦᠮᠦᠨ ᠲᠦᠷᠦᠯᠬᠢᠳᠡᠨ ᠤ ᠨᠡᠶᠢᠭᠡᠮ ᠶᠡᠷᠦᠨᠢ ᠤᠷᠤᠬᠰᠢᠯᠠᠬᠰᠠᠭᠠᠷ ᠢᠷᠡᠵᠠᠢ᠂ ᠲᠡᠷᠡ ᠮᠦᠷᠳᠡᠭᠡᠨ ᠯᠠᠪᠳᠠᠢ ᠦᠷᠬᠦᠯᠵᠢᠯᠡᠨ ᠤᠷᠤᠬᠰᠢᠯᠠᠬᠤ ᠪᠤᠯᠤᠨ᠎ᠠ᠃    ᠡᠯ᠎ᠠ ᠤᠯᠤᠰ ᠤᠨ ᠨᠡᠭᠡᠭᠡᠯᠳᠠ ᠬᠢᠬᠦ᠂ ᠬᠠᠮᠳᠤᠷᠠᠯᠴᠠᠭ᠎ᠠ ᠬᠢᠬᠦ ᠲᠡᠶᠢᠰᠢ ᠤᠷᠤᠬᠰᠢᠯᠠᠬᠤ ᠶᠡᠭᠡ ᠬᠠᠨᠳᠤᠰᠢ ᠬᠤᠪᠢᠷᠠᠭᠰᠠᠨ ᠦᠭᠡᠢ᠃ ᠪᠢᠳᠠ ᠭᠠᠷ ᠬᠤᠯᠪᠤᠵᠦ᠂ ᠠᠶᠦᠯ ᠲᠦᠭᠰᠢᠬᠦᠷᠢ ᠦᠷᠢᠰᠦᠯᠳᠦᠭᠡᠨ ᠢ ᠬᠠᠮᠳᠤ ᠪᠠᠷ ᠠᠷᠭᠠᠴᠠᠭᠠᠨ᠂ ᠬᠠᠮᠳᠤᠷᠠᠯᠴᠠᠭ᠎ᠠ ᠤᠯᠤᠯᠴᠠᠭ᠎ᠠ ᠪᠠᠨ ᠬᠠᠮᠳᠤ ᠪᠠᠷ ᠴᠢᠩᠭᠠᠳᠬᠠᠵᠦ᠂ ᠭᠠᠳᠠᠭᠠᠳᠦ ᠨᠡᠭᠡᠭᠡᠯᠳᠠ ᠶᠢ ᠬᠠᠮᠳᠤ ᠪᠠᠷ ᠦᠷᠭᠡᠳᠭᠡᠶ᠎ᠠ᠃    — ᠪᠢᠳᠡ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠬᠠᠮᠳᠤ ᠶᠢᠨ ᠨᠡᠬᠡᠭᠡᠯᠳᠡ ᠶᠢ ᠠᠬᠢᠭᠤᠯᠬᠤ ᠪᠠᠷ ᠴᠢᠷᠮᠠᠶᠢᠶ᠎ᠠ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠪᠢᠳᠡᠨ ᠳᠤ ᠰᠡᠷᠡᠮᠵᠢᠯᠡᠭᠦᠯᠦᠭᠰᠡᠨ ᠨᠢ᠂ ᠡᠯ᠎ᠡ ᠤᠯᠤᠰ ᠪᠤᠯ ᠵᠢᠷᠭᠠᠯ ᠵᠤᠪᠠᠯᠠᠩ ᠢᠶᠠᠨ ᠬᠠᠮᠳᠤᠳᠬᠠᠬᠰᠠᠨ ᠬᠤᠪᠢ ᠵᠠᠶᠠᠭᠠᠨ ᠤ ᠬᠠᠮᠳᠤ ᠶᠢᠨ ᠴᠤᠬᠴᠠ ᠪᠤᠯᠤᠨ᠎ᠠ᠂ ᠬᠦᠨᠳᠦ ᠶᠡᠭᠡ ᠬᠢᠮᠤᠷᠠᠯ ᠢ ᠬᠡᠨ ᠴᠦ ᠭᠡᠳ ᠭᠠᠭᠴᠠᠭᠠᠷ ᠠᠷᠭᠠᠴᠠᠭᠠᠵᠦ ᠲᠡᠶᠢᠯᠬᠦ ᠦᠭᠡᠢ ᠶᠤᠮ᠂ ᠪᠦᠯᠬᠦᠮᠳᠡᠵᠦ ᠬᠠᠮᠳᠤᠷᠠᠯᠴᠠᠬᠤ ᠪᠤᠯ ᠦᠷᠢᠰᠦᠯᠳᠦᠭᠡᠨ ᠢ ᠠᠷᠭᠠᠴᠠᠭᠠᠬᠤ ᠵᠠᠶᠢᠯᠠᠰᠢ ᠦᠭᠡᠢ ᠰᠤᠩᠭᠤᠯᠳᠠ ᠪᠤᠯᠤᠨ᠎ᠠ᠃ ᠪᠢᠳᠡ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠤᠢᠢᠯᠠᠭᠠᠬᠳᠠᠬᠤᠨ ᠢ ᠪᠠᠷᠢᠮᠳᠠᠯᠠᠨ᠂ ᠢᠳᠡᠭᠡᠯᠴᠡᠬᠦ ᠠᠴᠠ ᠪᠢᠰᠢ ᠰᠡᠵᠢᠭᠯᠡᠯᠴᠡᠬᠦ ᠦᠭᠡᠢ᠂ ᠭᠠᠷ ᠬᠤᠯᠪᠤᠬᠤ ᠠᠴᠠ ᠪᠢᠰᠢ ᠨᠢᠳᠤᠷᠭ᠎ᠠ ᠡᠷᠭᠢᠭᠦᠯᠬᠦ ᠦᠭᠡᠢ᠂ ᠵᠦᠪᠳᠡᠯᠴᠡᠬᠦ ᠠᠴᠠ ᠪᠢᠰᠢ ᠬᠠᠷᠢᠶᠠᠯᠴᠠᠬᠤ ᠦᠭᠡᠢ ᠪᠠᠶᠢᠵᠦ᠂ ᠡᠯ᠎ᠡ ᠤᠯᠤᠰ ᠤᠨ ᠬᠠᠮᠳᠤ ᠶᠢᠨ ᠠᠰᠢᠬ ᠲᠤᠰᠠ ᠶᠢ ᠴᠢᠬᠤᠯᠠᠴᠢᠯᠠᠨ᠂ ᠠᠵᠤ ᠠᠬᠤᠢ ᠶᠢᠨ ᠲᠡᠯᠡᠬᠡᠶᠢᠵᠢᠯᠳᠡ ᠨᠡᠩ ᠨᠡᠬᠡᠭᠡᠯᠳᠡᠲᠠᠢ᠂ ᠪᠠᠭᠳᠠᠭᠠᠮᠵᠢᠳᠠᠢ᠂ ᠲᠦᠭᠡᠮᠡᠯ ᠬᠦᠷᠳᠡᠭᠡᠮᠵᠢᠳᠠᠢ᠂ ᠲᠡᠩᠴᠡᠭᠦᠷᠢᠳᠠᠢ᠂ ᠬᠠᠮᠳᠤ ᠪᠠᠷ ᠠᠰᠢᠬ ᠬᠦᠷᠳᠡᠬᠦ ᠴᠢᠭᠯᠡᠯ ᠲᠡᠶᠢᠰᠢ ᠬᠦᠭᠵᠢᠬᠦ ᠶᠢ ᠠᠬᠢᠭᠤᠯᠤᠶ᠎ᠠ᠃    — ᠪᠢᠳᠠ ᠬᠠᠮᠳᠤᠷᠠᠯᠴᠠᠵᠦ ᠬᠠᠮᠳᠤ ᠪᠠᠷ ᠬᠠᠷᠢᠭᠤᠴᠠᠯᠭ᠎ᠠ ᠡᠬᠦᠷᠬᠡᠯᠡᠬᠦ ᠬᠠᠮᠳᠤ ᠶᠢᠨ ᠨᠡᠬᠡᠬᠡᠯᠳᠠ ᠶᠢ ᠠᠬᠢᠭᠤᠯᠬᠤ ᠪᠠᠷ ᠴᠢᠷᠮᠠᠶᠢᠶ᠎ᠡ᠃ ᠠᠶᠦᠯ ᠲᠦᠭᠰᠢᠬᠦᠷᠢ ᠦᠷᠢᠰᠦᠯᠳᠤᠭᠡᠨ ᠤ ᠡᠮᠤᠨ᠎ᠡ᠂ ᠡᠯ᠎ᠠ ᠤᠯᠤᠰ ᠬᠠᠳᠠᠭᠤ ᠪᠡᠷᠭᠡᠰᠢᠶᠠᠯ ᠢ ᠬᠠᠮᠳᠤ ᠪᠠᠷ ᠲᠤᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠬᠦᠢᠴᠡᠳᠭᠡᠪᠡᠯ ᠵᠤᠬᠢᠨ᠎ᠡ᠂ ᠦᠪᠡᠷ ᠢ ᠪᠠᠨ ᠯᠡ ᠬᠦᠨᠳᠤᠳᠭᠡᠵᠤ᠂ ᠪᠤᠰᠤᠳ ᠢ ᠬᠤᠬᠢᠷᠠᠭᠤᠯᠵᠤ ᠬᠤᠪᠢ ᠪᠠᠨ ᠪᠤᠳᠤᠬᠤ ᠦᠭᠡᠢ ᠪᠠᠶᠢᠪᠡᠯ ᠵᠤᠬᠢᠨ᠎ᠡ ᠭᠡᠳᠡᠭ ᠢ ᠲᠡᠤᠬᠡ ᠪᠠ ᠦᠢᠯᠡᠳᠦᠯᠭᠡ ᠭᠡᠷᠡᠴᠢᠯᠡᠪᠡ᠃ ᠶᠡᠭᠡ ᠤᠯᠤᠰ ᠤᠷᠢᠳ ᠢᠶᠠᠷ ᠦᠯᠢᠬᠡᠷ ᠵᠢᠱᠢᠶ᠎ᠠ ᠦᠵᠡᠬᠦᠯᠵᠤ᠂ ᠭᠤᠤᠯ ᠪᠤᠯᠬᠤ ᠠᠵᠤ ᠠᠬᠤᠢ ᠶᠢᠨ ᠴᠤᠬᠴᠠ ᠪᠠᠶ᠎ᠠ ᠪᠠᠷ ᠢᠶᠠᠨ ᠬᠡᠪ ᠲᠠᠭᠤᠷᠢᠶᠠᠯ ᠪᠤᠯᠵᠤ᠂ ᠬᠦᠭᠵᠢᠵᠤ ᠪᠠᠶᠢᠭ᠎ᠠ ᠤᠯᠤᠰ ᠤᠳ ᠢᠳᠡᠪᠬᠢᠳᠠᠢ ᠵᠢᠳᠬᠦᠯ ᠴᠢᠷᠮᠠᠶᠢᠯᠭ᠎ᠠ ᠭᠠᠷᠭᠠᠵᠤ᠂ ᠬᠠᠮᠳᠤ ᠪᠠᠷ ᠨᠡᠭᠡᠭᠡᠯᠳᠠ ᠬᠢᠵᠦ᠂ ᠬᠠᠮᠳᠤ ᠪᠠᠷ ᠬᠠᠷᠢᠭᠤᠴᠠᠯᠭ᠎ᠠ ᠡᠬᠦᠷᠭᠡᠯᠡᠬᠦ ᠪᠠᠷ ᠲᠠᠮᠵᠢᠵᠤ᠂ ᠲᠠᠯᠠᠭᠡᠢ ᠶᠢᠨ ᠬᠠᠮᠳᠤ ᠶᠢᠨ ᠬᠦᠭᠵᠢᠯᠳᠠ ᠶᠢ ᠠᠬᠢᠭᠤᠯᠤᠶ᠎ᠡ᠃    — ᠪᠢᠳᠠ ᠬᠠᠮᠳᠤᠷᠠᠯᠴᠠᠵᠦ ᠬᠠᠮᠳᠤ ᠪᠠᠷ ᠵᠠᠰᠠᠬᠤ ᠬᠠᠮᠳᠤ ᠶᠢᠨ ᠨᠡᠬᠡᠬᠡᠯᠳᠠ ᠶᠢ ᠠᠬᠢᠭᠤᠯᠬᠤ ᠪᠠᠷ ᠴᠢᠷᠮᠠᠶᠢᠶ᠎ᠡ᠃ ᠠᠵᠤ ᠠᠬᠤᠢ ᠶᠢᠨ ᠲᠡᠯᠡᠭᠡᠶᠢᠵᠢᠯᠳᠠ ᠶᠢᠨ ᠠᠪᠴᠢᠷᠠᠬᠰᠡᠨ ᠦᠷᠢᠰᠦᠯᠳᠦᠭᠡᠨ ᠳᠤ ᠬᠠᠨᠳᠤᠵᠤ᠂ ᠭᠠᠭᠴᠠ ᠲᠠᠯᠠᠳᠤ ᠦᠵᠡᠯ᠂ ᠬᠠᠮᠠᠭᠠᠯᠠᠬᠤ ᠦᠵᠡᠯ ᠤᠨ ᠲᠡᠯᠡᠬᠡᠢ ᠶᠢᠨ ᠡᠮᠬᠢ ᠲᠢᠭᠯᠢᠮ ᠪᠤᠯᠤᠨ ᠤᠯᠠᠨ ᠤᠯᠤᠰ ᠤᠨ ᠶᠤᠰᠤ ᠵᠢᠷᠤᠮ ᠢ ᠡᠪᠳᠡᠬᠦ ᠶᠢ ᠲᠤᠷ᠎ᠠ ᠪᠠᠷ ᠨᠢ ᠲᠠᠯᠪᠢᠵᠦ ᠪᠤᠯᠬᠤ ᠦᠭᠡᠢ᠂ ᠬᠠᠷᠢᠨ ᠪᠦᠳᠤᠬᠡᠯᠴᠢ ᠴᠢᠨᠠᠷᠳᠠᠢ ᠤᠪᠤᠷ ᠪᠠᠶᠢᠳᠠᠯ ᠢᠶᠠᠷ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠳᠤ ᠦᠬᠡᠷᠡᠴᠢᠯᠠᠯᠳᠠ ᠬᠢᠵᠤ᠂ ᠬᠤᠤᠷ ᠬᠦᠨᠦᠭᠡᠯ ᠠᠴᠠ ᠵᠠᠶᠢᠯᠠᠪᠡᠯ ᠵᠤᠬᠢᠨ᠎ᠡ᠃ ᠬᠠᠮᠳᠤ ᠪᠠᠷ ᠵᠦᠪᠳᠡᠯᠴᠡᠵᠤ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠪᠦᠬᠦ ᠪᠦᠮᠪᠦᠷᠴᠡᠭ ᠤᠨ ᠵᠠᠰᠠᠯᠳᠠ ᠶᠢᠨ ᠦᠵᠡᠯᠳᠠ ᠶᠢ ᠪᠠᠷᠢᠮᠳᠠᠯᠠᠵᠤ᠂ ᠲᠡᠯᠡᠭᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠪᠠᠷ ᠰᠠᠭᠤᠷᠢ ᠪᠤᠯᠭᠠᠬᠰᠡᠨ ᠤᠯᠠᠨ ᠲᠠᠯᠠᠳᠤ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠳᠠ ᠶᠢᠨ ᠲᠦᠷᠢᠮ ᠢ ᠲᠡᠬᠦᠯᠳᠡᠷᠵᠢᠬᠦᠯᠵᠤ᠂ ᠨᠡᠬᠡᠬᠡᠯᠳᠡᠳᠤ ᠮᠠᠶ᠋ᠢᠬ ᠤᠨ ᠲᠡᠯᠡᠬᠡᠢ ᠶᠢᠨ ᠠᠵᠤ ᠠᠬᠤᠢ ᠶᠢ ᠪᠦᠳᠤᠬᠡᠨ ᠪᠠᠶᠢᠭᠤᠯᠬᠤ ᠶᠢ ᠠᠬᠢᠭᠤᠯᠤᠶ᠎ᠡ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ︕    ᠰᠠᠶ᠋ᠢᠬᠠᠨ ᠲᠡᠬᠦᠰᠦᠭᠰᠡᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠳᠤᠮᠳᠠᠳᠤ ᠤᠯᠤᠰ ᠤᠨ ︽ᠠᠷᠪᠠᠨ ᠲᠦᠷᠪᠡᠳᠤᠬᠡᠷ ᠲᠠᠪᠤᠨ ᠵᠢᠯ︾ ᠤᠨ ᠬᠤᠭᠤᠴᠠᠭᠠᠨ ᠤ ᠬᠦᠭᠵᠢᠯᠳᠠ ᠳᠤ ᠪᠦᠬᠦ ᠲᠠᠯ᠎ᠠ ᠪᠠᠷ ᠲᠦᠯᠤᠪᠵᠢᠬᠦᠯᠬᠡ ᠬᠢᠪᠠ᠃ ᠳᠤᠮᠳᠠᠳᠤ ᠤᠯᠤᠰ ᠤᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠬᠦ ᠬᠠᠷᠠᠯᠳᠠ ᠶᠢ ᠤᠳᠠᠯ ᠦᠬᠡᠢ ᠪᠡᠶᠡᠯᠡᠬᠦᠯᠵᠤ᠂ ᠲᠠᠷᠠᠭ᠎ᠠ ᠵᠢᠯ ᠠᠴᠠ ᠡᠬᠢᠯᠠᠵᠤ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠵᠤ᠂ ᠳᠤᠮᠳᠠᠳᠤ ᠤᠯᠤᠰ ᠰᠢᠨ᠎ᠠ ᠬᠦᠭᠵᠢᠯᠳᠠ ᠶᠢᠨ ᠱᠠᠳᠤᠨ ᠳᠤ ᠤᠷᠤᠬᠤ ᠪᠤᠯᠤᠨ᠎ᠠ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠤᠬᠢᠴᠠᠵᠤ᠂ ᠪᠢᠳᠠ ᠤᠯᠤᠰ ᠤᠨ ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠤᠯᠭᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠬᠰᠠᠨ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠪᠠᠷ ᠲᠤᠷᠡᠳᠴᠠᠢ᠃ ᠡᠨᠡ ᠨᠢ ᠤᠯᠤᠰ ᠤᠨ ᠳᠤᠳᠤᠭᠠᠳᠤ ᠶᠢᠨ ᠪᠢᠲᠡᠭᠦᠮᠵᠢᠳᠦ ᠤᠷᠴᠢᠯ ᠤᠬᠳᠤ ᠪᠢᠰᠢ᠂ ᠬᠠᠷᠢᠨ ᠨᠡᠩ ᠨᠡᠬᠡᠬᠡᠯᠳᠠᠳᠠᠢ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠮᠦᠨ᠂ ᠡᠨᠡ ᠨᠢ ᠳᠤᠮᠳᠠᠳᠤ ᠤᠯᠤᠰ ᠤᠨ ᠲᠤᠰ ᠪᠠᠶ᠎ᠠ ᠶᠢᠨ ᠬᠦᠭᠵᠢᠯᠳᠠ ᠶᠢᠨ ᠭᠡᠷᠡᠭᠴᠡᠭᠡ ᠪᠤᠯᠬᠤ ᠪᠠᠷ ᠪᠠᠷᠠᠬᠤ ᠦᠬᠡᠢ᠂ ᠨᠡᠩ ᠴᠤ ᠡᠯ᠎ᠠ ᠤᠯᠤᠰ ᠤᠨ ᠠᠷᠠᠳ ᠲᠦᠮᠡᠨ ᠳᠤ ᠪᠤᠶᠠᠨ ᠤᠢᠢᠯᠡᠳᠬᠦ ᠪᠤᠯᠤᠨ᠎ᠠ᠃    ᠲᠤᠮᠳᠠᠳᠤ ᠤᠯᠤᠰ ᠲᠤ 14 ᠳ᠋ᠦᠡᠭᠰᠢᠭᠤᠷ ᠬᠦᠮᠦᠨ ᠠᠮᠠ ᠲᠠᠢ᠂ ᠲᠤᠮᠳᠠ ᠵᠡᠷᠭᠡ ᠶᠢᠨ ᠤᠷᠤᠯᠭ᠎ᠠ ᠲᠠᠢ ᠬᠦᠮᠦᠰ 4 ᠳ᠋ᠦᠡᠭᠰᠢᠭᠤᠷ ᠢ ᠲᠠᠪᠠᠵᠤ᠂ ᠪᠦᠬᠦ ᠪᠦᠮᠪᠦᠷᠴᠡᠭ ᠤᠨ ᠬᠠᠮᠤᠭ ᠤᠨ ᠶᠡᠭᠡ ᠲᠠᠯᠳᠠ ᠬᠦᠴᠤᠨ ᠲᠠᠢ ᠲᠤᠮᠤ ᠵᠠᠬ᠎ᠠ ᠲᠡᠯᠭᠡᠬᠦᠷ ᠪᠤᠯᠵᠦ ᠪᠤᠢ᠃ ᠵᠢᠱᠢᠯᠳᠠ ᠪᠠᠷ ᠢᠷᠡᠭᠡᠳᠤᠢ ᠶᠢᠨ 10 ᠵᠢᠯ ᠳᠤ ᠲᠠᠸᠠᠷ ᠤᠨ ᠭᠠᠳᠠᠭᠠᠳᠤ ᠭᠠᠷᠭᠠᠯᠳᠠ ᠶᠢᠨ ᠬᠡᠮᠵᠢᠶ᠎ᠡ 22 ᠲᠦᠮᠡᠨ ᠳ᠋ᠦᠡᠭᠰᠢᠭᠤᠷ ᠳ᠋ᠤᠯᠯᠠᠷ ᠢ ᠲᠠᠪᠠᠭ᠋ᠤ ᠪᠤᠯᠤᠯᠴᠠᠭ᠎ᠠ ᠲᠠᠢ᠃ ᠳᠤᠮᠳᠠᠳᠤ ᠤᠯᠤᠰ ᠤᠨ ᠦᠢᠯᠡᠳᠬᠦ ᠦᠢᠯᠡᠰ ᠨᠢᠭᠡᠨᠳᠡ ᠪᠦᠬᠦ ᠪᠦᠮᠪᠦᠷᠴᠡᠭ ᠤᠨ ᠠᠵᠤ ᠤᠢᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶᠠᠨ ᠤ ᠴᠢᠬᠤᠯᠠ ᠪᠦᠷᠢᠯᠳᠤᠬᠦᠨ ᠬᠡᠰᠡᠭ ᠪᠤᠯᠵᠤ᠂ ᠢᠳᠡᠪᠬᠢᠳᠠᠢ ᠬᠤᠪᠢ ᠨᠡᠮᠡᠷᠢ ᠦᠵᠡᠬᠦᠯᠪᠠ᠃ ᠳᠤᠮᠳᠠᠳᠤ ᠤᠯᠤᠰ ᠤᠨ ᠦᠷᠬᠡᠨ ᠠᠭᠤᠲᠠᠮ ᠳᠤᠳᠤᠭᠠᠳᠤ ᠭᠡᠷᠡᠭᠴᠡᠭᠡ ᠶᠢᠨ ᠵᠠᠬ᠎ᠠ ᠲᠡᠯᠬᠡᠬᠦᠷ ᠨᠢ ᠰᠢᠨ᠎ᠡ ᠶᠢ ᠡᠭᠦᠳᠬᠦ ᠰᠢᠷᠬᠢᠰᠢ ᠦᠭᠡᠢ ᠲᠠᠯᠳᠠ ᠬᠦᠴᠤᠨ ᠢ ᠲᠠᠰᠤᠷᠠᠯᠳᠠ ᠦᠬᠡᠢ ᠬᠦᠭᠵᠢᠬᠡᠬᠦ ᠪᠤᠯᠤᠨ᠎ᠠ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ︕    ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠯ᠎ᠡ ᠤᠯᠤᠰ ᠲᠤ ᠠᠪᠴᠤ ᠬᠡᠯᠡᠪᠡᠯ ᠴᠦᠮ ᠨᠢᠭᠡ ᠤᠳᠠᠭ᠎ᠠ ᠶᠢᠨ ᠶᠡᠭᠡ ᠰᠢᠯᠭᠠᠯᠳᠠ ᠪᠤᠯᠤᠨ᠎ᠡ᠃ ᠲᠤᠮᠳᠠᠳᠤ ᠤᠯᠤᠰ ᠤᠨ ᠠᠷᠠᠳ ᠲᠦᠮᠡᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠲᠠᠮᠵᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠤᠯᠪᠠ᠃ ᠲᠤᠮᠳᠠᠳᠤ ᠤᠯᠤᠰ ᠤᠨ ᠠᠵᠤ ᠠᠬᠤᠢ ᠲᠤᠬᠳᠠᠭᠤᠨ ᠢᠶᠠᠷ ᠰᠠᠶᠢᠵᠢᠷᠠᠬᠤ ᠬᠠᠨᠳᠤᠰᠢ ᠢᠯᠡᠷᠡᠵᠤ᠂ ᠲᠦᠷᠦᠬᠦᠦ ᠭᠤᠷᠪᠡᠨ ᠤᠯᠠᠷᠢᠯ ᠳᠤ ᠡᠶᠡᠷᠬᠦ ᠨᠡᠮᠡᠭᠳᠡᠯ ᠢ ᠪᠠᠶᠠᠯᠡᠬᠦᠯᠵᠠᠢ᠂ ᠡᠬᠦᠨ ᠳᠤ ᠭᠠᠳᠠᠭᠠᠳᠤ ᠠᠷᠠᠯᠵᠢᠶ᠎ᠡ ᠶᠢᠨ ᠬᠡᠮᠵᠢᠶ᠎ᠡ 0.7% ᠪᠠᠷ ᠨᠡᠮᠡᠭᠳᠡᠵᠤ᠂ ᠪᠤᠳᠠᠳᠠᠢ ᠭᠡᠷᠡᠭᠯᠡᠭᠰᠡᠨ ᠭᠠᠳᠠᠭᠠᠳᠤ ᠪᠡᠯᠡ 5.2% ᠢᠶᠠᠷ ᠨᠡᠮᠡᠭᠳᠡᠵᠤ᠂ ᠲᠠᠯᠡᠭᠡᠢ ᠶᠢᠨ ᠠᠵᠤ ᠠᠬᠤᠢ ᠶᠢᠨ ᠰᠡᠷᠬᠦᠯᠳᠠ ᠶᠢ ᠠᠬᠢᠭᠤᠯᠬᠤ ᠳᠤ ᠢᠳᠡᠪᠬᠢᠳᠠᠢ ᠦᠢᠯᠡᠳᠤᠯ ᠦᠵᠡᠬᠦᠯᠪᠡ᠃ ᠡᠯ᠎ᠡ ᠤᠯᠤᠰ ᠤᠨ ᠬᠢᠵᠢᠭ ᠲᠠᠢ ᠲᠠᠮᠡᠴᠡᠬᠦ ᠠᠵᠢᠯ ᠢ ᠲᠠᠮᠵᠢᠬᠦ ᠶᠢᠨ ᠲᠦᠯᠦᠭᠡ ᠂ ᠲᠤᠮᠳᠠᠳᠤ ᠤᠯᠤᠰ ᠤᠨ ᠠᠷᠠᠳ ᠲᠦᠮᠡᠨ ᠡᠯ᠎ᠡ ᠤᠯᠤᠰ ᠯᠤᠭ᠎ᠠ ᠲᠤᠷᠰᠢᠯᠭ᠎ᠠ ᠪᠠᠨ ᠬᠠᠷᠠᠮ ᠦᠭᠡᠢ ᠬᠤᠪᠢᠶᠠᠯᠴᠠᠵᠤ᠂ ᠴᠢᠳᠠᠯ ᠤᠨ ᠬᠢᠷᠢ ᠪᠠᠷ ᠢᠶᠠᠨ ᠲᠡᠯᠡᠭᠡᠢ ᠨᠡᠶᠢᠭᠡᠮ ᠤᠨ ᠬᠢᠨ ᠳᠤ ᠲᠤᠰᠠᠯᠠᠮᠵᠢ ᠦᠵᠡᠬᠦᠯᠵᠤ᠂ 10 ᠰᠠᠷ᠎ᠡ ᠶᠢᠨ 20 ᠤ ᠡᠳᠦᠷ ᠪᠤᠯᠳᠠᠯ᠎ᠡ᠂ ᠨᠢᠭᠡᠨᠳᠠ 150 ᠤᠯᠤᠰ ᠪᠠ 7 ᠲᠡᠯᠡᠭᠡᠢ ᠶᠢᠨ ᠵᠤᠬᠢᠶᠠᠨ ᠪᠠᠶᠢᠭᠤᠯᠤᠯᠳᠠ ᠳᠤ ᠬᠢᠵᠢᠭ ᠲᠠᠢ ᠲᠡᠮᠡᠴᠡᠬᠦ ᠲᠤᠰᠠᠯᠠᠮᠵᠢ ᠬᠠᠨᠭ᠍ᠭᠠᠵᠤ᠂ ᠠᠮᠠᠪᠴᠢ 1790 ᠭᠠᠷᠤᠢ ᠳ᠋ᠦᠡᠭᠰᠢᠭᠤᠷ᠂ ᠬᠠᠮᠠᠭᠠᠯᠠᠯᠳᠠ ᠶᠢᠨ ᠬᠤᠪᠴᠠᠰᠤ 17.3 ᠳ᠋ᠦᠡᠭᠰᠢᠭᠤᠷ ᠵᠠᠬ᠎ᠠ᠂ ᠰᠢᠯᠭᠠᠨ ᠪᠠᠶᠢᠴᠠᠭᠠᠬᠤ ᠲᠤᠷᠰᠢᠯᠳᠠ ᠶᠢᠨ ᠡᠮ ᠤᠨ ᠬᠠᠶᠢᠷᠴᠠᠭ 5.43 ᠳ᠋ᠦᠡᠭᠰᠢᠭᠤᠷ ᠬᠤᠪᠢ ᠶᠢ ᠭᠠᠳᠠᠭᠠᠳᠤ ᠳᠤ ᠭᠠᠷᠭᠠᠵᠤ᠂ ᠲᠤᠮᠳᠠᠳᠤ ᠤᠯᠤᠰ ᠤᠨ ᠡᠬᠦᠷᠭᠡᠯᠡᠯ ᠢ ᠢᠯᠡᠷᠡᠭᠦᠯᠪᠡ᠃    ᠲᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠨᠡᠬᠡᠬᠡᠯᠳᠡᠳᠠᠢ᠂ ᠬᠠᠮᠳᠤᠷᠠᠯᠴᠠᠭ᠎ᠠ ᠬᠢᠬᠦ᠂ ᠪᠦᠯᠬᠦᠮᠳᠡᠬᠦ᠂ ᠬᠠᠮᠳᠤ ᠪᠠᠷ ᠠᠰᠢᠬ ᠬᠦᠷᠳᠡᠬᠦ ᠢᠳᠡᠬᠡᠯ ᠪᠢᠰᠢᠷᠡᠯ ᠢ ᠪᠠᠷᠢᠮᠳᠠᠯᠠᠵᠤ᠂ ᠡᠷᠡᠰ ᠭᠤᠶᠢᠪᠢᠰᠢ ᠦᠬᠡᠢ ᠪᠠᠷ ᠨᠡᠬᠡᠬᠡᠯᠳᠠ ᠶᠢ ᠪᠦᠬᠦ ᠲᠠᠯ᠎ᠠ ᠪᠠᠷ ᠦᠷᠬᠡᠳᠬᠡᠵᠤ᠂ ᠳᠤᠳᠤᠭᠠᠳᠤ ᠭᠠᠳᠠᠭᠠᠳᠤ ᠶᠢᠨ ᠵᠠᠬ᠎ᠠ ᠲᠡᠯᠬᠡᠬᠦᠷ ᠢ ᠬᠤᠯᠪᠤᠭᠠᠯᠠᠨ ᠨᠡᠪᠳᠡᠷᠡᠯᠴᠡᠬᠦᠯᠬᠦ ᠂ ᠴᠢᠬᠤᠯᠠ ᠡᠯᠧᠮᠧᠨ᠋ᠲ ᠤᠨ ᠡᠬᠢ ᠪᠠᠶᠠᠯᠢᠬ ᠢ ᠬᠠᠮᠳᠤ ᠪᠠᠷ ᠡᠳ᠋ᠯᠡᠬᠦ ᠶᠢ ᠪᠡᠶᠡᠯᠡᠬᠦᠯᠵᠤ᠂ ᠳᠤᠮᠳᠠᠳᠤ ᠤᠯᠤᠰ ᠤᠨ ᠵᠠᠬ᠎ᠠ ᠲᠡᠯᠬᠡᠬᠦᠷ ᠢ ᠲᠡᠯᠡᠬᠡᠢ ᠶᠢᠨ ᠵᠠᠬ᠎ᠠ ᠲᠡᠯᠬᠡᠬᠦᠷ᠂ ᠬᠠᠮᠳᠤ ᠪᠠᠷ ᠡᠳ᠋ᠯᠡᠬᠦ ᠵᠠᠬ᠎ᠠ ᠲᠡᠯᠬᠡᠬᠦᠷ᠂ ᠤᠯᠠᠨ ᠤ ᠵᠠᠬ᠎ᠠ ᠲᠡᠯᠬᠡᠬᠦᠷ ᠪᠤᠯᠭᠠᠵᠤ᠂ ᠲᠡᠯᠡᠬᠡᠢ ᠨᠡᠶᠢᠬᠡᠮ ᠳᠤ ᠨᠡᠩ ᠶᠡᠭᠡ ᠢᠳᠡᠪᠬᠢ ᠬᠦᠴᠤᠨ ᠢ ᠨᠠᠮᠠᠷᠢᠯᠠᠨ᠎ᠠ᠃    ᠨᠢᠬᠡᠳᠤᠭᠡᠷ ᠲᠤ᠂ ᠨᠡᠬᠡᠬᠡᠯᠳᠠ ᠶᠢᠨ ᠰᠢᠨ᠎ᠠ ᠦᠨᠳᠦᠷᠯᠢᠭ ᠭᠠᠵᠠᠷ ᠢ ᠴᠤᠬᠴᠠᠯᠠᠨ᠎ᠠ᠃ ᠦᠩᠬᠡᠷᠡᠭᠰᠡᠨ 7 ᠵᠢᠯ ᠳᠤ᠂ ᠳᠤᠮᠳᠠᠳᠤ ᠤᠯᠤᠰ ᠤᠨ ᠡᠯ᠎ᠠ ᠴᠢᠯᠤᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠬᠢᠨ ᠡᠷᠡᠮᠡᠬᠡᠶᠢᠯᠡᠨ ᠤᠷᠤᠬᠰᠢᠯᠠᠵᠤ᠂ ᠵᠤᠷᠢᠬᠳᠠᠢ ᠰᠦᠪᠡᠭᠴᠢᠯᠠᠵᠤ᠂ ᠢᠯᠡᠳᠳᠡ ᠠᠮᠵᠢᠯᠳᠠ ᠪᠦᠳᠤᠮᠵᠢ ᠤᠯᠪᠠ᠃ ᠬᠠᠶᠢᠨᠠᠨ ᠤ ᠴᠢᠯᠤᠬᠡᠳᠤ ᠠᠷᠠᠯᠵᠢᠶᠠᠨ ᠤ ᠭᠠᠷᠠᠮ ᠤᠨ ᠪᠦᠳᠤᠬᠡᠨ ᠪᠠᠶᠢᠭᠤᠯᠤᠯᠳᠠ ᠶᠢ ᠤᠷᠤᠬᠰᠢᠳᠠᠢ ᠡᠬᠢᠯᠡᠬᠦᠯᠪᠠ᠃ ᠳᠤᠮᠳᠠᠳᠤ ᠤᠯᠤᠰ ᠴᠢᠯᠤᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ᠂ ᠴᠢᠯᠤᠬᠡᠳᠤ ᠠᠷᠠᠯᠵᠢᠶᠠᠨ ᠤ ᠭᠠᠷᠠᠮ ᠤᠨ ᠬᠦᠳᠤᠯᠤᠨ ᠲᠠᠭᠠᠭᠤᠯᠬᠤ ᠤᠢᠢᠯᠡᠳᠤᠯ ᠢ ᠪᠦᠳᠤᠮᠵᠢᠳᠠᠢ ᠪᠠᠳᠠᠷᠠᠭᠤᠯᠵᠤ᠂ ᠬᠢᠯᠢ ᠠᠯᠤᠰᠯᠠᠬᠰᠠᠨ ᠤᠢᠢᠯᠡᠴᠢᠯᠡᠭᠡ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠭᠠᠷᠭᠠᠵᠤ᠂ ᠲᠤᠭᠠᠴᠢᠯᠠᠬᠰᠠᠨ ᠠᠵᠤ ᠠᠬᠤᠢ᠂ ᠢᠨᠲ᠋ᠧᠷ ᠰᠦᠯᠵᠢᠶ᠎ᠠ ᠵᠡᠷᠬᠡ ᠬᠦᠷᠢᠶᠠᠨ ᠤ ᠨᠡᠬᠡᠬᠡᠯᠳᠠ ᠶᠢ ᠦᠷᠬᠦᠯᠵᠢᠯᠠᠨ ᠦᠷᠬᠡᠳᠬᠡᠵᠤ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢ ᠴᠢᠯᠤᠬᠡᠲᠡᠢ ᠪᠤᠯᠭᠠᠬᠤ ᠲᠦᠬᠦᠮ ᠲᠦᠲᠡ ᠪᠤᠯᠭᠠᠬᠤ ᠦᠬᠡᠷᠡᠴᠢᠯᠠᠯᠳᠠ ᠰᠢᠨᠡᠴᠢᠯᠡᠯᠳᠠ ᠶᠢ ᠬᠦᠨᠵᠡᠬᠡᠢ ᠦᠷᠨᠢᠬᠦᠯᠵᠤ᠂ ᠨᠡᠩ ᠦᠨᠳᠤᠷ ᠲᠦᠪᠰᠢᠨ ᠲᠠᠢ ᠨᠡᠬᠡᠬᠡᠯᠳᠡᠳᠤ ᠮᠠᠶ᠋ᠢᠬ ᠤᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢ ᠪᠦᠳᠤᠬᠡᠨ ᠪᠠᠶᠢᠭᠤᠯᠬᠤ ᠶᠢ ᠠᠬᠢᠭᠤᠯᠤᠨ᠎ᠠ᠃    ᠬᠤᠶᠠᠳᠤᠭᠠᠷ ᠲᠤ᠂ ᠭᠠᠳᠠᠭᠠᠳᠤ ᠠᠷᠠᠯᠵᠢᠶ᠎ᠡ ᠰᠢᠨ᠎ᠡ ᠶᠢ ᠡᠬᠦᠳᠦᠨ ᠬᠦᠭᠵᠢᠬᠦ ᠶᠢ ᠠᠬᠢᠭᠤᠯᠤᠨ᠎ᠡ᠃ ᠲᠤᠮᠳᠠᠳᠤ ᠤᠯᠤᠰ ᠦᠷᠬᠦᠯᠵᠢᠯᠡᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠵᠡᠷᠭᠡ ᠨᠡᠭᠡᠭᠡᠯᠳᠡᠳᠤ ᠲᠠᠪᠴᠠᠩ ᠢᠶᠠᠷ ᠲᠠᠮᠵᠢᠭᠤᠯᠵᠤ᠂ ᠡᠯ᠎ᠡ ᠤᠯᠤᠰ ᠤᠨ ᠠᠵᠤ ᠠᠬᠤᠢᠢᠯᠠᠯ ᠤᠨ ᠲᠤᠮᠳᠠᠳᠤ ᠤᠯᠤᠰ ᠲᠠᠬᠢ ᠠᠷᠠᠯᠵᠢᠶᠠᠨ ᠤ ᠠᠵᠠ ᠲᠤᠬᠢᠶᠠᠯ ᠢᠶᠠᠨ ᠦᠷᠬᠡᠳᠭᠡᠬᠦ ᠶᠢ ᠲᠠᠮᠵᠢᠨ᠎ᠠ᠃ ᠲᠤᠮᠳᠠᠳᠤ ᠤᠯᠤᠰ ᠭᠠᠳᠠᠭᠠᠳᠤ ᠠᠷᠠᠯᠵᠢᠶ᠎ᠡ ᠶᠢᠨ ᠨᠡᠮᠡᠭᠳᠡᠯ ᠤᠨ ᠲᠠᠯᠳᠠ ᠬᠦᠴᠤᠨ ᠢ ᠠᠭᠤᠳᠠᠯᠠᠵᠤ᠂ ᠤᠯᠠᠨ ᠤᠯᠤᠰ ᠤᠨ ᠠᠷᠠᠯᠵᠢᠶ᠎ᠡ ᠶᠢᠨ ᠨᠡᠮᠡᠭᠳᠡᠯ᠂ ᠲᠡᠯᠡᠭᠡᠢ ᠶᠢᠨ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠳᠤ ᠢᠳᠡᠪᠬᠢᠳᠠᠢ ᠬᠤᠪᠢ ᠨᠠᠮᠡᠷᠢ ᠦᠵᠡᠬᠦᠯᠦᠨ᠎ᠠ᠃ ᠲᠤᠮᠳᠠᠳᠤ ᠤᠯᠤᠰ ᠬᠢᠯᠢ ᠠᠯᠤᠰᠯᠠᠬᠰᠡᠨ ᠡᠯᠧᠺᠲᠷᠤᠨ  ᠬᠤᠳᠠᠯᠳᠤᠭ᠎ᠠ ᠵᠡᠷᠭᠡ ᠰᠢᠨ᠎ᠡ ᠡᠵᠡᠩᠨᠡᠯᠳᠠ ᠶᠢᠨ ᠬᠡᠯᠪᠡᠷᠢ ᠰᠢᠨ᠎ᠡ ᠬᠡᠪ ᠵᠠᠬᠪᠤᠷ ᠢ ᠲᠦᠷᠭᠡᠳᠭᠡᠨ ᠬᠦᠭᠵᠢᠬᠦᠯᠬᠦ ᠶᠢ ᠠᠬᠢᠭᠤᠯᠵᠦ᠂ ᠭᠠᠳᠠᠭᠠᠳᠤ ᠠᠷᠠᠯᠵᠢᠶ᠎ᠡ ᠶᠢᠨ ᠰᠢᠨ᠎ᠡ ᠬᠦᠳᠡᠯᠭᠡᠬᠦ ᠡᠨᠧᠷᠬᠢ ᠶᠢ ᠪᠤᠶᠢᠵᠢᠭᠤᠯᠤᠨ᠎ᠠ᠃ ᠲᠤᠮᠳᠠᠳᠤ ᠤᠯᠤᠰ ︽ᠲᠤᠮᠳᠠᠳᠤ ᠤᠯᠤᠰ ᠤᠨ ᠭᠠᠳᠠᠭᠠᠳᠤ ᠠᠴᠠ ᠤᠷᠤᠭᠤᠯᠬᠤ ᠶᠢ ᠴᠠᠭᠠᠵᠠᠯᠠᠬᠤ ᠭᠠᠳᠠᠭᠠᠳᠤ ᠠᠴᠠ ᠤᠷᠤᠭᠤᠯᠬᠤ ᠶᠢ ᠬᠢᠵᠠᠭᠠᠷᠯᠠᠬᠤ ᠮᠡᠷᠭᠡᠵᠢᠯ ᠤᠨ ᠭᠠᠷᠴᠠᠭ︾ ᠢ ᠪᠠᠭᠠᠰᠬᠠᠵᠤ᠂ ᠮᠡᠷᠭᠡᠵᠢᠯ ᠤᠨ ᠡᠯᠧᠮᠧᠨ᠋ᠲ ᠤᠨ ᠬᠢᠯᠢ ᠠᠯᠤᠰᠯᠠᠨ ᠴᠢᠯᠦᠭᠡᠳᠠᠢ ᠰᠢᠯᠵᠢᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠭᠦᠯᠵᠦ ᠦᠭᠭᠦᠨ᠎ᠡ᠃    ᠭᠤᠷᠪᠠᠳᠤᠭᠠᠷ ᠲᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠤᠨ᠎ᠡ᠃ ᠲᠤᠮᠳᠠᠳᠤ ᠤᠯᠤᠰ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ ᠲᠤᠬᠳᠠᠭᠠᠬᠰᠡᠨ ᠡᠯ᠎ᠡ ᠵᠦᠢᠯ ᠤᠨ ᠬᠦᠴᠢᠷᠳᠡᠯ ᠠᠴᠠ ᠠᠩᠭᠢᠵᠢᠷᠠᠭᠤᠯᠵᠦ ᠠᠵᠤ ᠠᠬᠤᠢᠢᠯᠠᠯ ᠳᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠲᠤᠮᠳᠠᠳᠤ ᠤᠯᠤᠰ ᠤᠨ ᠬᠢᠯᠢ ᠳᠤ ᠪᠦᠷᠢᠳᠭᠡᠭᠦᠯᠦᠭᠰᠡᠨ ᠠᠵᠤ ᠠᠬᠤᠢᠢᠯᠠᠯ ᠳᠤ ᠨᠢᠭᠡ ᠯᠡ ᠠᠳᠠᠯᠢ ᠪᠠᠷ ᠬᠠᠨᠳᠤᠨ᠎ᠡ᠃ ᠡᠨᠡ ᠵᠢᠯ᠂ ᠲᠤᠮᠳᠠᠳᠤ ᠤᠯᠤᠰ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠳᠠ ᠶᠢᠨ ᠬᠠᠤᠯᠢ ᠪᠠ ᠬᠤᠯᠪᠤᠬᠳᠠᠯ ᠪᠦᠬᠦᠢ ᠢᠵᠢ ᠪᠦᠷᠢᠳᠦᠭᠰᠡᠨ ᠬᠠᠤᠯᠢ ᠲᠤᠬᠳᠠᠭᠠᠯ ᠢ ᠭᠡᠷᠡᠭᠵᠢᠬᠦᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠬᠤ ᠶᠢ ᠵᠦᠪᠰᠢᠶᠡᠷᠡᠬᠦ ᠨᠠᠵᠠᠭᠠᠢ ᠲᠠᠯ᠎ᠡ ᠶᠢᠨ ᠨᠠᠷᠢᠨ ᠲᠠᠩᠰᠠ ᠶᠢ ᠤᠯᠠᠮ ᠴᠢᠨᠠᠬᠰᠢᠳᠠ ᠪᠠᠭᠠᠰᠬᠠᠪᠠ᠃ ᠲᠤᠮᠳᠠᠳᠤ ᠤᠯᠤᠰ ᠢᠯᠡ ᠲᠤᠳᠤᠷᠬᠠᠢ ᠪᠠᠶᠢᠬᠤ ᠭᠠᠳᠠᠭᠠᠳᠤ ᠳᠤ ᠬᠤᠯᠪᠤᠬᠳᠠᠬᠰᠡᠨ ᠬᠠᠤᠯᠢ ᠴᠠᠭᠠᠵᠠ ᠶᠢᠨ ᠰᠢᠰᠲ᠋ᠧᠮ ᠢ ᠦᠷᠬᠦᠯᠵᠢᠯᠡᠨ ᠲᠡᠬᠦᠯᠳᠡᠷᠵᠢᠬᠦᠯᠵᠤ᠂ ᠮᠠᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠤ᠂ ᠭᠠᠳᠠᠭᠠᠳᠤ ᠪᠡᠯᠡᠳᠦ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠴᠢᠨᠠᠷ ᠰᠠᠶᠢᠳᠠᠢ ᠦᠢᠯᠡᠴᠢᠯᠡᠭᠡ ᠪᠠᠷ ᠨᠡᠩ ᠰᠠᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃    ᠲᠦᠷᠪᠡᠳᠤᠭᠡᠷ ᠲᠤ᠂ ᠬᠤᠶᠠᠷ ᠲᠠᠯ᠎ᠡ ᠶᠢᠨ᠂ ᠤᠯᠠᠨ ᠲᠠᠯ᠎ᠡ ᠶᠢᠨ᠂ ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠠᠬᠦᠯᠤᠨ᠎ᠡ᠃ ᠲᠤᠮᠳᠠᠳᠤ ᠤᠯᠤᠰ ᠲᠤᠷᠠᠳᠠᠶ᠎ᠡ ᠨᠡᠩ ᠤᠯᠠᠨ ᠤᠯᠤᠰ ᠯᠤᠭ᠎ᠠ ᠦᠨᠳᠤᠷ ᠪᠠᠷᠢᠮᠵᠢᠶᠠᠳᠦ ᠴᠢᠯᠦᠭᠡᠳᠤ ᠠᠷᠠᠯᠵᠢᠶᠠᠨ ᠤ ᠵᠦᠪᠳᠡᠯᠴᠡᠭᠡᠷ ᠢ ᠵᠦᠪᠯᠡᠯᠴᠡᠨ ᠲᠤᠬᠢᠷᠠᠯᠴᠠᠵᠤ᠂ ᠤᠷᠤᠨ ᠪᠦᠰᠡ ᠶᠢᠨ ᠪᠦᠬᠦ ᠲᠠᠯ᠎ᠡ ᠶᠢᠨ ᠠᠵᠤ ᠠᠬᠤᠢ ᠶᠢᠨ ᠬᠠᠨᠢᠳᠠᠨ ᠤ ᠬᠠᠷᠢᠯᠴᠠᠭ᠎ᠠ ᠶᠢᠨ ᠵᠦᠪᠳᠡᠯᠴᠡᠭᠡᠷ ᠲᠤ ᠲᠠᠷᠦ᠋ᠢᠬᠠᠨ ᠭᠠᠷ ᠤᠨ ᠦᠰᠦᠭ ᠵᠢᠷᠤᠬᠤ ᠶᠢ ᠠᠬᠢᠭᠤᠯᠵᠤ᠂ ᠲᠤᠮᠳᠠᠳᠤ ᠡᠸᠦ᠋ᠷᠤᠫᠠ ᠶᠢᠨ ᠪᠡᠯᠡ ᠤᠷᠤᠭᠤᠯᠤᠯᠳᠠ ᠶᠢᠨ ᠵᠦᠪᠳᠡᠯᠴᠡᠭᠡᠷ᠂ ᠲᠤᠮᠳᠠᠳᠤ ᠶᠠᠫᠤᠨ ᠺᠤᠷᠢᠶᠠ ᠵᠡᠷᠭᠡ ᠴᠢᠯᠦᠭᠡᠳᠤ ᠠᠷᠠᠯᠵᠢᠶᠠᠨ ᠤ ᠵᠦᠪᠳᠡᠯᠴᠡᠭᠡᠷ ᠤᠨ ᠬᠡᠯᠡᠯᠴᠡᠭᠡ ᠶᠢᠨ ᠠᠬᠢᠴᠠ ᠶᠢ ᠲᠦᠷᠭᠡᠳᠭᠡᠵᠤ᠂ ᠲᠡᠯᠡᠭᠡᠢ ᠶᠢᠨ ᠦᠨᠳᠤᠷ ᠪᠠᠷᠢᠮᠵᠢᠶᠠᠳᠦ ᠴᠢᠯᠦᠭᠡᠳᠤ ᠠᠷᠠᠯᠵᠢᠶᠠᠨ ᠤ ᠤᠷᠤᠨ ᠯᠤᠭ᠎ᠠ ᠶᠢᠨ ᠰᠤᠯᠢᠯᠴᠠᠭ᠎ᠠ ᠲᠤᠯᠢᠯᠠᠯ ᠢ ᠴᠢᠩᠭᠠᠳᠬᠠᠨ᠎ᠡ᠃ ᠲᠤᠮᠳᠠᠳᠤ ᠤᠯᠤᠰ ᠲᠡᠯᠡᠭᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠶᠢᠨ ᠦᠭᠡᠷᠡᠴᠢᠯᠡᠯᠳᠠ ᠳᠤ ᠢᠳᠡᠪᠬᠢᠳᠠᠢ ᠤᠷᠤᠯᠴᠠᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ᠂ ᠠᠽᠢᠶ᠎ᠡ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠠᠯᠳᠠᠨ ᠲᠤᠭᠤᠰᠬ᠎ᠠ ᠤᠯᠤᠰ ᠤᠳ ᠵᠡᠷᠭᠡ ᠲᠤᠬᠳᠠᠴᠠ ᠶᠢᠨ ᠬᠠᠮᠳᠤᠷᠠᠯᠴᠠᠭ᠎ᠠ ᠳᠤ ᠢᠳᠡᠪᠬᠢᠳᠠᠢ ᠤᠷᠤᠯᠴᠠᠨ᠎ᠠ᠃ ᠲᠤᠮᠳᠠᠳᠤ ᠤᠯᠤᠰ ᠬᠤᠯᠪᠤᠬᠳᠠᠯ ᠪᠦᠬᠦᠢ ᠤᠯᠤᠰ ᠤᠳ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠴᠢᠨᠠᠷ ᠰᠠᠶᠢᠳᠠᠢ ᠪᠦᠳᠦᠭᠡᠨ ᠪᠠᠶᠢᠭᠤᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠠ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ︕    ᠲᠤᠮᠳᠠᠳᠤᠴᠤᠳ ︽ᠤᠷᠳᠤ ᠴᠠᠭᠠᠨ ᠭᠡᠷᠡᠮ ᠳᠤᠷ ᠡᠰᠡ ᠬᠦᠷᠪᠡᠰᠦ ᠰᠠᠶᠢᠨ ᠡᠷ᠎ᠡ ᠪᠤᠰᠤ︾ ᠭᠡᠵᠤ ᠦᠷᠬᠦᠯᠵᠢ ᠭᠡᠯᠡᠳᠡᠭ ᠶᠤᠮ᠃ ᠤᠳᠤᠬᠠᠨ ᠳᠤ᠂ ᠲᠡᠯᠡᠭᠡᠢ ᠶᠢᠨ ᠠᠵᠤ ᠠᠬᠤᠢ ᠶᠢᠨ ᠬᠦᠭᠵᠢᠯᠳᠠ ᠬᠦᠨᠳᠦ ᠭᠡᠴᠡᠭᠦᠤ ᠦᠷᠢᠰᠦᠯᠳᠤᠭᠡᠨ ᠳᠤ ᠲᠤᠯᠭᠠᠷᠠᠵᠤ ᠪᠠᠶᠢᠨ᠎ᠡ᠂ ᠪᠢᠳᠠ ᠢᠳᠡᠭᠡᠯ ᠢᠶᠠᠨ ᠪᠠᠳᠤᠳᠬᠠᠨ᠂ ᠵᠤᠷᠢᠭ ᠢᠶᠠᠨ ᠬᠦᠪᠴᠢᠯᠡᠵᠤ᠂ ᠴᠠᠭ ᠤᠨ ᠪᠡᠷᠭᠡ ᠶᠢ ᠬᠠᠮᠳᠤ ᠪᠠᠷ ᠲᠤᠭᠤᠯᠤᠶ᠎ᠡ᠃ ᠲᠤᠮᠳᠠᠳᠤ ᠤᠯᠤᠰ ᠲᠤᠷᠠᠳᠠᠶ᠎ᠡ ᠡᠯ᠎ᠡ ᠤᠯᠤᠰ ᠯᠤᠭ᠎ᠠ ᠬᠠᠮᠳᠤ ᠪᠠᠷ᠂ ᠨᠡᠭᠡᠭᠡᠯᠳᠠ ᠶᠢᠨ ᠲᠤᠮᠳᠠ ᠠᠵᠠ ᠲᠤᠬᠢᠶᠠᠯ ᠢ ᠡᠬᠦᠳᠴᠤ᠂ ᠬᠠᠮᠳᠤᠷᠠᠯᠴᠠᠭᠠᠨ ᠤ ᠲᠤᠮᠳᠠ ᠬᠦᠴᠢᠷ ᠠᠰᠠᠭᠤᠳᠠᠯ ᠢ ᠰᠢᠢᠳᠪᠤᠷᠢᠯᠡᠨ᠂ ᠭᠠᠷ ᠬᠤᠯᠪᠤᠨ ᠬᠦᠮᠦᠨ ᠲᠦᠷᠦᠯᠬᠢᠳᠠᠨ ᠤ ᠨᠡᠩ ᠰᠠᠶᠢᠨ ᠰᠠᠶᠢᠬᠠᠨ ᠮᠡᠷᠭᠠᠰᠢ ᠶᠢ ᠴᠤᠬᠴᠠᠯᠠᠶ᠎ᠠ︕    ᠪᠠᠶᠠᠷᠯᠠᠯ᠎ᠠ᠃    ︵ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 4 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号