ᠰᠢ ᠶᠢᠨ ᠫᠢᠩ ᠡᠷ᠎ᠠ ᠡᠮ᠎ᠠ ᠬᠤᠶᠠᠭᠤᠯᠠ ᠺᠠᠮᠪᠤᠵᠠ ᠶᠢᠨ ᠤᠯᠤᠰ ᠤᠨ ᠸᠠᠩ ᠰᠢᠬᠠᠮᠦ᠋ᠨᠢ ᠪᠠ ᠬᠠᠭᠠᠨ ᠤ ᠡᠭᠡ ᠮᠦᠨᠢᠯᠢᠶᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2020/11/10
   ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 6 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ 6 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠺᠠᠮᠪᠤᠵᠠ ᠶᠢᠨ ᠤᠯᠤᠰ ᠤᠨ ᠸᠠᠩ ᠰᠢᠬᠠᠮᠦ᠋ᠨᠢ ᠪᠠ ᠬᠠᠭᠠᠨ ᠤ ᠡᠭᠡ ᠮᠦᠨᠢᠯᠢᠶᠧ ᠲᠠᠢ ᠠᠭᠤᠯᠵᠠᠵᠠᠢ᠃    ᠰᠢ ᠶᠢᠨ ᠫᠢᠩ᠂ ᠪᠢᠳᠠ ᠤᠯᠤᠰ ᠤᠨ ᠸᠠᠩ ᠪᠤᠯᠤᠨ ᠬᠠᠭᠠᠨ ᠤ ᠡᠭᠡ ᠯᠦᠭᠡ ᠶᠢᠨ ᠬᠦᠨ ᠵᠤᠵᠠᠭᠠᠨ ᠨᠦᠬᠦᠷᠯᠡᠯ ᠢᠶᠠᠨ ᠳᠡᠭᠡᠳᠦ ᠭᠡᠮᠵᠢᠶ᠎ᠠ ᠪᠠᠷ ᠨᠠᠨᠳᠢᠩᠨᠠᠵᠦ ᠪᠠᠶᠢᠨ᠎ᠠ᠂ ᠲᠠ ᠨᠠᠷ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ ᠲᠤᠬᠤᠨᠢᠭᠤᠯᠬᠤ ᠵᠠᠬᠢᠳᠠᠯ ᠢᠷᠡᠭᠦᠯᠦᠭᠰᠡᠡ ᠪᠦᠭᠡᠳ ᠬᠠᠷᠠᠮ ᠦᠭᠡᠢ ᠪᠠᠷ ᠢᠪᠡᠭᠡᠨ ᠲᠤᠰᠠᠯᠠᠬᠰᠠᠨ ᠳᠤ ᠲᠠᠯᠠᠷᠬᠠᠵᠦ ᠪᠠᠶᠢᠨ᠎ᠠ᠃ ᠤᠯᠤᠰ ᠤᠨ ᠸᠠᠩ ᠰᠠᠶᠢᠬᠠᠨ ᠬᠠᠭᠠᠨ ᠤ ᠡᠴᠢᠬᠡ ᠰᠢᠬᠠᠨᠦ᠋ᠺᠧ ᠪᠤᠯᠤᠨ ᠬᠠᠭᠠᠨ ᠤ ᠡᠭᠡ ᠮᠦᠨᠢᠯᠢᠶᠧ ᠶᠢᠨ ᠢᠶᠠᠨ 50 ᠵᠢᠯ ᠤᠨ ᠡᠮᠦᠨ᠎ᠠ ᠶᠠᠪᠤᠬᠰᠠᠨ ᠤᠯᠠ ᠮᠦᠷ ᠢ ᠳᠠᠭᠠᠵᠦ ᠶᠠᠨ ᠠᠨ ᠳᠤ ᠬᠦᠷᠴᠤ ᠠᠶᠢᠯᠴᠢᠯᠠᠪᠠ᠂ ᠡᠨᠡ ᠪᠤᠯ ᠨᠦᠬᠦᠷᠯᠡᠯ ᠤᠨ ᠤᠯᠠᠮᠵᠢᠯᠠᠯ ᠵᠠᠯᠭᠠᠮᠵᠢᠯᠠᠯ ᠤᠨ ᠠᠶᠠᠯᠠᠯ ᠪᠤᠯᠬᠤ ᠪᠦᠭᠡᠳ ᠪᠠᠰᠠ ᠴᠦ ᠨᠦᠬᠦᠷᠯᠡᠯ ᠢᠶᠠᠨ ᠵᠤᠵᠠᠭᠠᠳᠬᠠᠬᠤ ᠠᠶᠠᠯᠠᠯ ᠪᠤᠯᠬᠤ ᠶᠤᠮ᠃ ᠬᠠᠭᠠᠨ ᠤ ᠡᠭᠡ ᠮᠦᠨᠢᠯᠢᠶᠧ ᠳᠤᠮᠳᠠᠳᠤ ᠺᠠᠮᠪᠤᠵᠠ ᠶᠢᠨ ᠦᠶ᠎ᠠ ᠤᠯᠠᠷᠢᠬᠰᠠᠨ ᠨᠦᠬᠦᠷᠯᠡᠯ ᠪᠡ ᠡᠯ᠎ᠠ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠳᠤ ᠤᠨᠴᠠᠭᠠᠢ ᠴᠢᠬᠤᠯᠠ ᠬᠤᠪᠢ ᠨᠡᠮᠡᠷᠢ ᠦᠵᠡᠬᠦᠯᠵᠡᠢ᠃ ᠡᠨᠡ ᠡᠳᠦᠷ᠂ ᠪᠢ ᠬᠠᠭᠠᠨ ᠤ ᠡᠭᠡ ᠳᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠨᠦᠬᠦᠷᠯᠡᠯ ᠤᠨ ᠭᠠᠪᠢᠶᠠᠨ ᠳᠡᠮᠳᠡᠭ︾ ᠤᠯᠭᠤᠪᠠ᠂ ᠡᠨᠡ ᠨᠢ ᠬᠠᠭᠠᠨ ᠤ ᠡᠭᠡ ᠶᠢᠨ ᠳᠤᠮᠳᠠᠳᠤ ᠺᠠᠮᠪᠤᠵᠠ ᠶᠢᠨ ᠬᠠᠷᠢᠯᠴᠠᠭ᠎ᠠ ᠳᠤ ᠦᠵᠡᠬᠦᠯᠦᠭᠰᠡᠨ ᠤᠨᠴᠠᠭᠠᠢ ᠴᠢᠬᠤᠯᠠ ᠬᠤᠪᠢ ᠨᠡᠮᠡᠷᠢ ᠳᠠᠬᠢ ᠳᠡᠭᠡᠳᠦ ᠭᠡᠮᠵᠢᠶᠠᠨ ᠤ ᠮᠠᠬᠳᠠᠭᠠᠯ ᠰᠠᠶᠢᠰᠢᠶᠠᠯ ᠪᠤᠯᠬᠤ ᠪᠦᠭᠡᠳ ᠪᠠᠰᠠ ᠳᠤᠮᠳᠠᠳᠤ ᠺᠠᠮᠪᠤᠵᠠ ᠬᠤᠶᠠᠷ ᠤᠯᠤᠰ ᠤᠨ ᠠᠷᠠᠳ ᠲᠦᠮᠡᠨ ᠤ ᠬᠦᠨ ᠵᠤᠵᠠᠭᠠᠨ ᠨᠦᠬᠦᠷᠯᠡᠯ ᠢ ᠤᠯᠠᠮᠵᠢᠯᠠᠨ ᠪᠠᠳᠠᠷᠠᠭᠤᠯᠬᠤ ᠭᠡᠰᠡᠨ ᠶᠠᠪᠤᠲᠠᠯ ᠪᠤᠯᠬᠤ ᠶᠤᠮ᠃ ᠪᠢᠳᠠ ᠦᠷᠬᠦᠯᠵᠢᠯᠡᠨ ᠴᠢᠷᠮᠠᠶᠢᠵᠦ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠳᠠᠰᠤᠷᠠᠯᠳᠠ ᠦᠭᠡᠢ ᠰᠢᠨ᠎ᠠ ᠳᠡᠭᠳᠡᠷ ᠲᠤ ᠭᠠᠷᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃    ᠰᠢᠬᠠᠮᠦ᠋ᠨᠢ᠂ ᠲᠡᠷᠢᠬᠦᠯᠡᠭᠴᠢ ᠰᠢ ᠶᠢᠨ ᠫᠢᠩ ᠪᠤᠯᠤᠨ ᠬᠠᠳᠤᠨ ᠦᠪᠡᠳᠡᠭᠰᠢ ᠶᠡᠭᠡ ᠶᠤᠰᠤᠯᠠᠯ ᠵᠠᠪᠤᠭᠤᠯᠤᠨ ᠤᠭᠲᠤᠵᠤ᠂ ᠪᠢᠳᠠᠨ ᠳᠤ ᠳᠤᠮᠳᠠᠳᠤ ᠤᠯᠤᠰ ᠤᠨ ᠠᠷᠠᠳ ᠲᠦᠮᠡᠨ ᠤ ᠺᠠᠮᠪᠤᠵᠠ ᠶᠢᠨ ᠠᠷᠠᠳ ᠲᠦᠮᠡᠨ ᠳᠠᠬᠢ ᠬᠦᠨ ᠵᠤᠵᠠᠭᠠᠨ ᠨᠦᠬᠦᠷᠯᠡᠯ ᠢ ᠬᠦᠨᠵᠡᠭᠡᠢ ᠮᠡᠳᠡᠷᠡᠬᠦᠯᠵᠡᠢ᠃ ᠪᠢ ᠱᠠᠨᠰᠢ ᠶᠢᠨ ᠶᠠᠨ ᠠᠨ ᠳᠤ ᠲᠤᠰᠬᠠᠢᠢᠯᠠᠨ ᠠᠶᠢᠯᠴᠢᠯᠠᠵᠦ᠂ ᠳᠤᠮᠳᠠᠳᠤ ᠤᠯᠤᠰ ᠤᠨ ᠡᠪ ᠬᠠᠮᠳᠦ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠵᠦ᠂ ᠰᠢᠷᠭᠠᠭᠤ ᠬᠠᠳᠠᠭᠤᠵᠢᠯᠳᠠᠢ ᠲᠡᠮᠡᠴᠡᠵᠦ ᠤᠯᠤᠭᠰᠠᠨ ᠠᠭᠤᠤ ᠶᠡᠭᠡ ᠠᠮᠵᠢᠯᠳᠠ ᠶᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠬᠤ ᠪᠦᠭᠡᠳ ᠲᠡᠷᠢᠬᠦᠯᠡᠭᠴᠢ ᠰᠢ ᠶᠢᠨ ᠫᠢᠩ ᠤᠨ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠴᠦ ᠬᠦᠨᠵᠡᠭᠡᠢ ᠤᠢᠢᠯᠠᠭᠠᠯ᠎ᠠ᠃ ᠪᠢ ᠳᠤᠷᠠᠳᠠᠶ᠎ᠠ ᠲᠡᠷᠢᠬᠦᠯᠡᠭᠴᠢ ᠰᠢ ᠶᠢᠨ ᠫᠢᠩ ᠲᠠᠢ ᠬᠠᠮᠳᠤ ᠪᠠᠷ᠂ ᠬᠤᠶᠠᠷ ᠤᠯᠤᠰ ᠤᠨ ᠠᠬᠠᠮᠠᠳ ᠨᠢᠭᠡ ᠦᠶ᠎ᠠ ᠶᠢᠨ ᠤᠳᠤᠷᠢᠳᠬᠤ ᠬᠦᠮᠦᠨ ᠤ ᠪᠠᠶᠢᠭᠤᠯᠤᠭᠰᠠᠨ ᠬᠦᠨ ᠵᠤᠵᠠᠭᠠᠨ ᠨᠦᠬᠦᠷᠯᠡᠯ ᠢ ᠵᠠᠯᠭᠠᠮᠵᠢᠯᠠᠨ ᠪᠠᠳᠠᠷᠠᠭᠤᠯᠵᠦ᠂ ᠳᠤᠮᠳᠠᠳᠤ ᠺᠠᠮᠪᠤᠵᠠ ᠶᠢᠨ ᠨᠦᠬᠦᠷᠰᠡᠭ ᠬᠠᠮᠳᠤᠷᠠᠯᠴᠠᠭᠠᠨ ᠤ ᠰᠢᠨ᠎ᠠ ᠬᠠᠭᠤᠳᠠᠰᠤ ᠶᠢ ᠪᠢᠴᠢᠭᠯᠡᠨ᠎ᠠ᠃ ᠲᠡᠷᠢᠬᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠲᠤᠤᠷ᠎ᠠ ᠳᠤᠮᠳᠠᠳᠤ ᠤᠯᠤᠰ ᠨᠡᠩ ᠶᠡᠭᠡ ᠰᠢᠨ᠎ᠠ ᠬᠦᠭᠵᠢᠯᠳᠠ ᠲᠠᠢ ᠪᠤᠯᠬᠤ ᠶᠢ ᠴᠢᠩ ᠰᠡᠳᠬᠢᠯ ᠠᠴᠠ ᠪᠠᠨ ᠵᠦᠩᠨᠡᠵᠦ ᠪᠠᠶᠢᠨ᠎ᠠ ᠭᠡᠵᠦ ᠢᠯᠡᠳᠭᠡᠪᠡ᠃    ᠮᠦᠨᠢᠯᠢᠶᠧ᠂ ᠬᠠᠭᠠᠨ ᠤ ᠡᠴᠢᠬᠡ ᠰᠢᠬᠠᠨᠦ᠋ᠺᠧ ᠪᠢᠳᠠ ᠬᠤᠶᠠᠷ ᠪᠤᠯ ᠳᠤᠮᠳᠠᠳᠤ ᠤᠯᠤᠰ ᠤᠨ ᠠᠷᠠᠳ ᠲᠦᠮᠡᠨ ᠤ ᠦᠨᠡᠨᠴᠢ ᠰᠢᠲᠤᠷᠭᠤ ᠬᠠᠭᠤᠴᠢᠨ ᠨᠠᠶᠢᠵᠠ᠂ ᠰᠠᠶᠢᠨ ᠨᠠᠶᠢᠵᠠ ᠮᠦᠨ᠃ 60 ᠭᠠᠷᠤᠢ ᠵᠢᠯ ᠤᠨ ᠲᠤᠷᠰᠢ᠂ ᠪᠢ ᠳᠤᠮᠳᠠᠳᠤ ᠤᠯᠤᠰ ᠲᠤ ᠤᠯᠠᠨ ᠤᠳᠠᠭ᠎ᠠ ᠠᠶᠢᠯᠴᠢᠯᠠᠵᠦ᠂ ᠤᠳᠠᠭ᠎ᠠ ᠪᠦᠷᠢ ᠳᠤᠮᠳᠠᠳᠤ ᠤᠯᠤᠰ ᠤᠨ ᠡᠳᠦᠷ ᠪᠦᠷᠢ ᠰᠢᠨᠡᠳᠦᠨ ᠬᠤᠪᠢᠷᠠᠵᠦ ᠪᠠᠶᠢᠭ᠎ᠠ ᠬᠦᠭᠵᠢᠯᠳᠠ ᠶᠢ ᠬᠦᠨᠵᠡᠭᠡᠢ ᠤᠯᠵᠦ ᠮᠡᠳᠡᠷᠡᠳᠡᠭ᠃ ᠲᠡᠷᠢᠬᠦᠯᠡᠭᠴᠢ ᠰᠢ ᠶᠢᠨ ᠫᠢᠩ ᠨᠠᠳᠠ ᠳᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠨᠦᠬᠦᠷᠯᠡᠯ ᠤᠨ ᠭᠠᠪᠢᠶᠠᠨ ᠳᠡᠮᠳᠡᠭ︾ ᠤᠯᠭᠤᠪᠠ᠂ ᠪᠢ ᠮᠠᠰᠢ ᠶᠡᠭᠡ ᠰᠡᠳᠬᠢᠯ ᠲᠤᠭᠳᠤᠯᠵᠦ ᠪᠠᠶᠢᠨ᠎ᠠ᠃ ᠪᠢ ᠺᠠᠮᠪᠤᠵᠠ ᠳᠤᠮᠳᠠᠳᠤ ᠶᠢᠨ ᠨᠦᠬᠦᠷᠯᠡᠯ ᠢ ᠬᠦᠨᠵᠡᠭᠡᠶᠢᠷᠡᠬᠦᠯᠬᠦ ᠪᠠᠷ ᠦᠷᠬᠦᠯᠵᠢᠯᠡᠨ ᠴᠢᠷᠮᠠᠶᠢᠨ᠎ᠠ ᠭᠡᠵᠦ ᠢᠯᠡᠳᠭᠡᠵᠡᠢ᠃    ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ ᠨᠠᠷ ᠠᠭᠤᠯᠵᠠᠯᠳᠠ ᠳᠤ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号