ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠦᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠥᠪᠦᠷ ᠮᠤᠩᠭᠤᠯ ᠳᠠᠬᠢ ᠮᠡᠳᠡᠬᠦᠯᠦᠯᠳᠠ ᠶᠢᠨ ᠬᠤᠷᠠᠯ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/11/10
 
     11 ᠰᠠᠷ᠎ᠠ ᠶᠢᠨ 8 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠦᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠥᠪᠦᠷ ᠮᠤᠩᠭᠤᠯ ᠳᠠᠬᠢ ᠮᠡᠳᠡᠬᠦᠯᠦᠯᠳᠠ ᠶᠢᠨ ᠬᠤᠷᠠᠯ ᠬᠦᠬᠡᠬᠤᠳᠠ ᠳᠤ ᠶᠠᠪᠤᠭᠳᠠᠪᠠ᠃ ᠲᠦᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠦᠪᠯᠡᠯ ᠤᠨ ᠡᠷᠬᠢᠯᠡᠭᠴᠢ ᠱᠧᠨ ᠴᠦᠨ ᠶᠤᠤ ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠡᠳᠡᠬᠦᠯᠦᠯᠳᠠ ᠶᠢᠨ ᠬᠤᠷᠠᠯ ᠢ ᠡᠷᠬᠢᠯᠡᠬᠦ ᠶᠢᠨ ᠬᠠᠮᠳᠦ ᠶᠠᠷᠢᠶ᠎ᠠ ᠲᠠᠯᠪᠢᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠬᠦᠯᠡᠭᠴᠢ ᠪᠦ᠋ ᠰᠢᠶᠤᠤ ᠯᠢᠨ ᠤᠷᠤᠯᠴᠠᠵᠠᠢ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠲᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠮᠤᠵᠢ ᠶᠢᠨ ᠲᠡᠰ ᠤᠨ ᠠᠵᠢᠯ ᠠᠴᠠ ᠪᠠᠨ ᠳᠠᠷᠬᠠᠯᠠᠬᠲᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠲᠦᠯᠦᠭᠡᠯᠡᠭᠴᠢᠳ ᠮᠡᠳᠡᠬᠦᠯᠦᠯᠳᠠ ᠶᠢᠨ ᠬᠤᠷᠠᠯ ᠳᠤ ᠤᠷᠤᠯᠴᠠᠪᠠ᠃
     ᠮᠡᠳᠡᠬᠦᠯᠦᠯᠳᠠ ᠶᠢᠨ ᠬᠤᠷᠠᠯ ᠳᠡᠭᠡᠷ᠎ᠠ᠂ ᠱᠧᠨ ᠴᠦᠨ ᠶᠤᠤ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠪᠦᠬᠦᠳᠠ ᠬᠤᠷᠠᠯ ᠠᠴᠠ ᠪᠠᠳᠤᠯᠠᠭᠰᠠᠨ ᠲᠦᠯᠦᠪᠵᠢᠬᠦᠯᠭᠡ ᠶᠢᠨ ︽ᠰᠠᠨᠠᠭᠤᠯᠭ᠎ᠠ︾ ᠳᠤ ᠠᠩᠬᠠᠷᠤᠯ ᠲᠦᠪᠯᠡᠷᠡᠬᠦᠯᠦᠨ ᠮᠠᠨ ᠤ ᠤᠯᠤᠰ ᠰᠢᠨ᠎ᠠ ᠬᠦᠭᠵᠢᠯᠳᠠ ᠶᠢᠨ ᠱᠠᠳᠤᠨ ᠳᠤ ᠤᠷᠤᠬᠰᠠᠨ᠂ ᠮᠠᠨ ᠤ ᠤᠯᠤᠰ ᠤᠨ ᠬᠦᠭᠵᠢᠯᠳᠠ ᠶᠢᠨ ᠵᠢᠯᠤᠭᠤᠳᠬᠤ ᠴᠢᠭᠯᠡᠯᠳᠠ ᠪᠠ ᠭᠤᠤᠯ ᠬᠠᠷᠠᠯᠳᠠ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠴᠤᠬᠴᠠᠯᠠᠬᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠷᠢᠶᠠᠯᠠᠨ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠪᠠ 2035 ᠣᠨ ᠤ ᠠᠯᠤᠰ ᠤᠨ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ ᠪᠦᠯᠬᠦᠮᠳᠠᠨ ᠲᠡᠮᠡᠴᠡᠬᠦ ᠵᠡᠷᠭᠡ ᠵᠢᠷᠭᠤᠭᠠᠨ ᠲᠠᠯ᠎ᠠ ᠠᠴᠠ ᠨᠠᠮ ᠤᠨ ᠲᠦᠪ ᠬᠤᠷᠢᠶᠠᠨ ᠤ ᠤᠯᠠᠨ ᠤᠯᠤᠰ ᠪᠠ ᠤᠯᠤᠰ ᠤᠨ ᠳᠤᠳᠤᠭᠠᠳᠦ ᠶᠢᠨ ᠪᠠᠶᠢᠳᠠᠯ ᠬᠠᠨᠳᠤᠰᠢ ᠶᠢᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠳᠠ᠂ ᠰᠢᠨ᠎ᠠ ᠬᠦᠭᠵᠢᠯᠳᠠ ᠶᠢᠨ ᠱᠠᠳᠤᠨ ᠤ ᠲᠤᠬᠠᠢ ᠴᠢᠬᠤᠯᠠ ᠶᠡᠭᠡ ᠦᠬᠦᠯᠡᠯᠳᠠ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠴᠤᠬᠴᠠᠯᠠᠬᠤ ᠲᠤᠬᠠᠢ ᠪᠠᠶᠢᠯᠳᠤᠬᠤ ᠪᠤᠳᠤᠯᠭ᠎ᠠ ᠶᠢᠨ ᠰᠤᠩᠭᠤᠯᠳᠠ᠂ ᠠᠵᠤ ᠠᠬᠤᠢ ᠨᠡᠶᠢᠭᠡᠮ ᠤᠨ ᠬᠠᠷᠠᠯᠳᠠ ᠡᠬᠦᠷᠭᠡ ᠶᠢᠨ ᠲᠤᠬᠠᠢ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠳᠤᠮᠳᠠ ᠤᠷᠳᠤ ᠬᠤᠭᠤᠴᠠᠭᠠᠨ ᠤ ᠬᠦᠭᠵᠢᠯᠳᠠ ᠶᠢᠨ ᠲᠤᠬᠠᠢ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠪᠠ 2035 ᠣᠨ ᠤ ᠠᠯᠤᠰ ᠤᠨ ᠬᠠᠷᠠᠯᠳᠠ ᠶᠢ ᠪᠡᠶᠡᠯᠡᠬᠦᠯᠬᠦ ᠤᠯᠤᠰ ᠲᠦᠷᠦ ᠶᠢᠨ ᠪᠠᠳᠤᠯᠠᠭ᠎ᠠ ᠵᠡᠷᠭᠡ ᠳᠤ ᠰᠢᠰᠲ᠋ᠧᠮ ᠲᠠᠢ ᠲᠠᠶᠢᠯᠤᠮᠵᠢ ᠬᠢᠵᠦ ᠬᠦᠨᠵᠡᠭᠡᠢ ᠳᠤᠳᠤᠷᠬᠠᠢᠢᠯᠠᠨ ᠦᠬᠦᠯᠡᠪᠠ᠃ ᠬᠤᠷᠠᠯ ᠳᠤ ᠤᠷᠤᠯᠴᠠᠭᠰᠠᠳ᠂ ᠤᠬᠠᠭᠤᠯᠤᠨ ᠲᠠᠶᠢᠯᠪᠤᠷᠢᠯᠡᠬᠤ ᠮᠡᠳᠡᠬᠦᠯᠦᠯᠳᠠ ᠨᠢ ᠪᠦᠬᠦ ᠲᠠᠯ᠎ᠠ ᠶᠢᠨ ᠪᠦᠭᠡᠳ ᠬᠦᠨ ᠬᠦᠨᠵᠡᠭᠡᠢ᠂ ᠲᠦᠪ ᠴᠢᠬᠢᠮᠠᠢ ᠪᠦᠭᠡᠳ ᠠᠮᠢᠳᠤᠯᠢᠭ᠂ ᠮᠠᠰᠢ ᠴᠢᠩᠭ᠎ᠠ ᠤᠨᠤᠯ ᠤᠨ ᠴᠢᠨᠠᠷ᠂ ᠦᠢᠯᠡᠳᠦᠯᠭᠡ ᠶᠢᠨ ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠨ᠎ᠠ᠂ ᠮᠡᠳᠡᠬᠦᠯᠦᠯᠳᠠ ᠶᠢ ᠰᠤᠨᠤᠰᠤᠭᠰᠠᠨ ᠤ ᠳᠠᠷᠠᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭᠠᠨ ᠤ ᠲᠤᠬᠠᠢ ᠨᠡᠩ ᠪᠦᠬᠦ ᠲᠠᠯ᠎ᠠ ᠶᠢᠨ ᠲᠠᠨᠢᠯᠳᠠ᠂ ᠨᠡᠩ ᠬᠦᠨᠵᠡᠭᠡᠢ ᠤᠢᠢᠯᠠᠭᠠᠯᠳᠠ ᠲᠠᠢ ᠪᠤᠯᠵᠠᠢ ᠭᠡᠵᠦ ᠢᠯᠡᠳᠭᠡᠵᠡᠭᠡᠪᠡ᠃ ᠤᠯᠠᠨ ᠢᠶᠠᠷ ᠢᠶᠠᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠦᠬᠦᠳᠠ ᠬᠤᠷᠠᠯ ᠤᠨ ᠵᠤᠷᠢᠭ ᠰᠠᠨᠠᠭ᠎ᠠ ᠪᠠ ᠡᠯ᠎ᠠ ᠵᠦᠢᠯ ᠤᠨ ᠬᠠᠷᠠᠯᠳᠠ ᠡᠬᠦᠷᠭᠡ ᠶᠢ ᠬᠠᠮᠳᠤ ᠶᠢᠨ ᠲᠠᠨᠢᠯᠳᠠ ᠪᠠ ᠡᠷᠡᠰ ᠪᠠᠳᠤ ᠠᠵᠢᠯᠯᠠᠭ᠎ᠠ ᠪᠤᠯᠭᠠᠨ ᠬᠤᠪᠢᠷᠠᠭᠤᠯᠤᠨ᠎ᠠ ᠭᠡᠵᠦ ᠰᠠᠨᠠᠯ ᠨᠢᠭᠡᠳᠠᠢ ᠢᠯᠡᠳᠭᠡᠵᠡᠭᠡᠵᠡᠢ᠃
     ᠱᠢ ᠲᠠᠢ ᠹᠧᠩ ᠮᠡᠳᠡᠬᠦᠯᠦᠯᠳᠠ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠪᠤᠯ ᠮᠠᠨ ᠤ ᠨᠠᠮ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠠᠯ᠎ᠠ ᠪᠠᠷ ᠰᠢᠢᠳᠪᠦᠷᠢᠯᠡᠭᠴᠢ ᠴᠢᠨᠠᠷᠲᠠᠢ ᠠᠮᠵᠢᠯᠲᠠ ᠤᠯᠤᠭᠰᠠᠨ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠢ ᠤᠳᠠᠯ ᠦᠭᠡᠢ ᠡᠬᠢᠯᠡᠭᠦᠯᠬᠦ ᠴᠢᠬᠤᠯᠠ ᠲᠡᠦᠭᠡᠳᠦ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠂ ᠮᠠᠨ ᠤ ᠤᠯᠤᠰ ᠤᠳᠠᠯ ᠦᠭᠡᠢ ᠰᠢᠨ᠎ᠠ ᠬᠦᠭᠵᠢᠯᠳᠠ ᠶᠢᠨ ᠱᠠᠳᠤᠨ ᠳᠤ ᠤᠷᠤᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠴᠠᠭ ᠮᠦᠴᠡ ᠳᠤ ᠬᠤᠷᠠᠯᠳᠤᠭᠰᠠᠨ ᠨᠢᠭᠡ ᠤᠳᠠᠭᠠᠨ ᠤ ᠪᠦᠬᠦ ᠲᠠᠯ᠎ᠠ ᠶᠢᠨ ᠴᠢᠨᠠᠷᠳᠠᠢ᠂ ᠲᠡᠦᠭᠡᠳᠦ ᠴᠢᠨᠠᠷᠳᠠᠢ ᠠᠴᠢ ᠬᠤᠯᠪᠤᠭᠳᠠᠯ ᠪᠦᠬᠦᠢ ᠬᠤᠷᠠᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠪᠤᠯ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠬᠦᠷᠭᠡ ᠮᠦᠨ᠃ ᠪᠦᠬᠦ ᠣᠷᠣᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠯᠤᠰ ᠲᠦᠷᠦ ᠶᠢᠨ᠂ ᠲᠡᠦᠭᠡ ᠶᠢᠨ᠂ ᠪᠦᠬᠦ ᠲᠠᠯ᠎ᠠ ᠶᠢᠨ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠤᠬᠰᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠴᠢᠬᠤᠯᠠ ᠶᠡᠭᠡ ᠠᠴᠢ ᠬᠤᠯᠪᠤᠭᠳᠠᠯ ᠢ ᠬᠦᠨᠵᠡᠭᠡᠢ ᠲᠠᠨᠢᠵᠦ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠭᠡᠷᠡᠭᠲᠡᠢ᠃ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠤᠢᠢᠯᠠᠭᠠᠵᠦ ᠤᠨᠤᠪᠴᠢᠳᠠᠢ ᠡᠵᠡᠮᠳᠡᠨ ᠶᠡᠷᠦᠩᠭᠡᠢ ᠱᠦᠵᠢ ᠰᠢ ᠶᠢᠨ ᠫᠢᠩ ᠤᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠲᠦᠯᠦᠪᠵᠢᠬᠦᠯᠭᠡ ᠶᠢᠨ ︽ᠰᠠᠨᠠᠭᠤᠯᠭ᠎ᠠ︾ ᠪᠠᠷ ᠴᠢᠩᠭ᠎ᠠ ᠭᠤᠤᠯᠳᠠᠭᠤᠯᠵᠦ ᠲᠡᠷᠡ ᠶᠤᠰᠤᠭᠠᠷ ᠨᠢ ᠰᠤᠷᠤᠯᠴᠠᠨ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠦ ᠨᠡᠪᠳᠡᠷᠭᠡᠢ ᠲᠤᠭᠤᠰᠢᠳᠠᠢ ᠰᠤᠷᠤᠯᠴᠠᠨ ᠵᠤᠷᠢᠭ ᠰᠠᠨᠠᠭᠠᠨ ᠤ ᠮᠦᠨ ᠴᠢᠨᠠᠷ ᠢ ᠨᠡᠪᠳᠡ ᠤᠢᠢᠯᠠᠭᠠᠵᠦ ᠭᠤᠤᠯ ᠤᠳᠬ᠎ᠠ ᠠᠭᠤᠯᠭ᠎ᠠ ᠶᠢ ᠡᠵᠡᠮᠳᠡᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠳᠡᠭᠡᠷ᠎ᠠ ᠦᠨᠡᠨ ᠬᠦ ᠨᠢᠭᠡᠳᠭᠡᠬᠦ ᠭᠡᠷᠡᠭᠲᠡᠢ᠃ ᠵᠤᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠵᠦ ᠲᠦᠯᠦᠪᠯᠡᠭᠡ ᠲᠤᠭᠲᠠᠭᠠᠨ ᠨᠢᠮᠪᠠᠢ ᠲᠤᠬᠢᠷᠠᠭᠤᠯᠵᠦ ᠤᠯᠠᠮᠵᠢᠯᠠᠨ ᠰᠤᠷᠤᠯᠴᠠᠬᠤ᠂ ᠬᠦᠮᠦᠵᠢᠬᠦᠯᠦᠨ ᠪᠤᠯᠪᠠᠰᠤᠷᠠᠭᠤᠯᠬᠤ᠂ ᠤᠬᠠᠭᠤᠯᠤᠨ ᠲᠠᠶᠢᠯᠪᠤᠷᠢᠯᠠᠬᠤ᠂ ᠰᠤᠳᠤᠯᠤᠨ ᠳᠤᠳᠤᠷᠬᠠᠢᠢᠯᠠᠬᠤ ᠵᠡᠷᠭᠡ ᠠᠵᠢᠯ ᠢ ᠠᠯᠬᠤᠮ ᠠᠯᠬᠤᠮ ᠢᠶᠠᠷ ᠬᠦᠨᠵᠡᠭᠡᠢ ᠰᠠᠶᠢᠳᠤᠷ ᠬᠢᠵᠦ ᠰᠤᠷᠤᠯᠴᠠᠵᠦ ᠤᠬᠠᠭᠤᠯᠤᠨ ᠲᠤᠭᠤᠰᠢᠯᠠᠭᠤᠯᠬᠤ ᠠᠵᠢᠯ ᠢ ᠳᠠᠰᠤᠷᠠᠯᠳᠠ ᠦᠭᠡᠢ ᠬᠦᠨᠵᠡᠭᠡᠶᠢᠷᠡᠬᠦᠯᠬᠦ ᠭᠡᠷᠡᠭᠲᠡᠢ᠃ ᠡᠯ᠎ᠠ ᠱᠠᠳᠤᠨ ᠤ ᠤᠳᠤᠷᠢᠳᠬᠤ ᠺᠠᠳ᠋ᠷ ᠲᠦᠷᠦᠬᠦᠯᠡᠨ ᠰᠡᠳᠬᠢᠯ ᠲᠠᠯᠪᠢᠨ ᠰᠤᠷᠤᠯᠴᠠᠵᠦ᠂ ᠬᠦᠨᠵᠡᠭᠡᠢ ᠰᠤᠷᠤᠯᠴᠠᠵᠦ ᠨᠡᠪᠳᠡᠷᠡᠳᠡᠯ᠎ᠠ ᠤᠢᠢᠯᠠᠭᠠᠬᠤ ᠶᠢ ᠴᠢᠷᠮᠠᠶᠢᠨ ᠪᠡᠶᠡᠯᠡᠬᠦᠯᠵᠦ᠂ ᠲᠠᠶᠢᠯᠪᠤᠷᠢᠯᠠᠬᠤ ᠪᠠᠷ ᠰᠤᠷᠤᠯᠴᠠᠬᠤ ᠶᠢ ᠤᠷᠤᠯᠠᠭᠤᠯᠬᠤ᠂ ᠬᠡᠯᠪᠡᠷᠢᠴᠢ ᠦᠵᠡᠯ ᠶᠠᠪᠤᠭᠤᠯᠬᠤ ᠶᠢ ᠡᠷᠡᠰ ᠴᠡᠭᠡᠷᠯᠡᠬᠦ ᠭᠡᠷᠡᠭᠲᠡᠢ᠃ ᠪᠦᠬᠦᠳᠠ ᠬᠤᠷᠠᠯ ᠤᠨ ᠵᠤᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠨ ᠪᠠᠷᠢᠮᠵᠢᠶᠠᠯᠠᠵᠦ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠰᠠᠶᠢᠳᠤᠷ ᠨᠠᠶᠢᠷᠠᠭᠤᠯᠤᠨ ᠲᠤᠭᠲᠠᠭᠠᠵᠤ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠦᠭᠵᠢᠯᠳᠠ ᠶᠢ ᠰᠠᠶᠢᠳᠤᠷ ᠲᠦᠯᠦᠪᠵᠢᠬᠦᠯᠬᠦ ᠭᠡᠷᠡᠭᠲᠡᠢ᠃ ᠬᠤᠯᠪᠤᠭᠳᠠᠯ ᠪᠦᠬᠦᠢ ᠴᠢᠬᠤᠯᠠ ᠶᠡᠭᠡ ᠠᠷᠭ᠎ᠠ ᠭᠡᠮᠵᠢᠶ᠎ᠠ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠦᠭᠡᠷᠡᠴᠢᠯᠡᠯᠳᠠ᠂ ᠴᠢᠬᠤᠯᠠ ᠶᠡᠭᠡ ᠡᠬᠦᠷᠭᠡ ᠪᠠ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠡᠷᠳᠡᠭᠡᠨ ᠪᠠᠶᠢᠷᠢᠯᠠᠭᠤᠯᠤᠨ ᠡᠬᠢᠯᠡᠬᠦᠯᠵᠦ᠂ ᠮᠠᠨ ᠤ ᠣᠷᠣᠨ ᠤ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠦᠭᠵᠢᠯᠳᠠ ᠰᠠᠶᠢᠨ ᠡᠬᠢᠯᠡᠯᠳᠠ ᠲᠠᠢ᠂ ᠰᠠᠶᠢᠨ ᠭᠠᠷᠤᠭ᠎ᠠ ᠠᠪᠬᠤ ᠶᠢ ᠪᠠᠳᠤᠯᠠᠬᠤ ᠭᠡᠷᠡᠭᠲᠡᠢ᠃ ᠵᠢᠯ ᠤᠨ ᠰᠡᠬᠦᠯᠴᠢ ᠠᠴᠠ ᠡᠮᠦᠨ᠎ᠠ ᠡᠯ᠎ᠠ ᠵᠦᠢᠯ ᠤᠨ ᠰᠡᠬᠦᠯ ᠬᠤᠷᠢᠶᠠᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠵᠢᠯ ᠲᠡᠬᠦᠰ ᠠᠮᠵᠢᠯᠳᠠᠳᠠᠢ ᠰᠡᠬᠦᠯ ᠬᠤᠷᠢᠶᠠᠬᠤ ᠶᠢ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃
     ᠮᠡᠳᠡᠬᠦᠯᠦᠯᠳᠠ ᠶᠢᠨ ᠬᠤᠷᠠᠯ ᠨᠢ ᠸᠢᠳᠢᠣ᠋ ᠭᠡᠯᠪᠡᠷᠢ ᠪᠠᠷ ᠶᠠᠪᠤᠬᠳᠠᠵᠦ ᠥᠪᠡᠷᠲᠡᠭᠡᠨ ᠵᠠᠰᠠᠬᠤ ᠣᠷᠣᠨ ᠤ ᠡᠯ᠎ᠠ ᠭᠡᠯᠳᠡᠰ᠂ ᠵᠦᠪᠯᠡᠯ᠂ ᠠᠯᠪᠡᠨ ᠭᠡᠷ᠂ ᠲᠢᠩᠬᠢᠮ᠂ ᠲᠤᠪᠴᠢᠶ᠎ᠠ᠂ ᠠᠷᠠᠳ ᠤᠨ ᠪᠦᠯᠬᠦᠮ᠂ ᠬᠦᠬᠡᠬᠤᠳᠠ ᠳᠤ ᠰᠠᠭᠤᠭ᠎ᠠ ᠡᠯ᠎ᠠ ᠶᠡᠭᠡ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠳᠠᠳ᠂ ᠬᠦᠬᠡᠬᠤᠳᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠭᠤᠤᠯ ᠬᠠᠷᠢᠭᠤᠴᠠᠯᠭᠠᠳᠠᠳ᠂ ᠪᠠᠭᠰᠢ ᠰᠤᠷᠤᠬᠴᠢ ᠶᠢᠨ ᠲᠦᠯᠦᠭᠡᠯᠡᠭᠴᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠭᠤᠤᠯ ᠬᠤᠷᠠᠯ ᠤᠨ ᠲᠠᠯᠠᠪᠠᠢ ᠳᠤ ᠮᠡᠳᠡᠬᠦᠯᠦᠯᠳᠠ ᠶᠢ ᠰᠤᠨᠤᠰᠪᠠ᠃ ᠡᠯ᠎ᠠ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃  
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号