ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ ᠠᠵᠢᠯ ᠢ ᠨᠢᠬᠡᠳᠤᠯᠲᠠᠢ ᠲᠥᠯᠥᠪᠵᠢᠬᠦᠯᠤᠨ ᠠᠬᠢᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ 16 ᠳ᠋ᠤᠭᠠᠷ ᠤᠳᠠᠭᠠᠨ ᠤ ᠠᠯᠪᠠᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/11
     ᠥᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠰᠡᠴᠡᠨᠪᠢᠯᠢᠭ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ 16 ᠳ᠋ᠤᠭᠠᠷ ᠤᠳᠠᠭᠠᠨ ᠤ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠣᠳᠣᠷᠢᠳᠣᠯᠭ᠎ᠠ ᠭᠤᠣ ᠬᠣ᠋᠂ ᠵᠧᠦ ᠱᠤᠸᠠᠢ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ  ᠣᠷᠣᠯᠴᠠᠪᠠ᠃      ᠬᠤᠷᠠᠯ ᠠᠴᠠ ᠪᠥᠬᠦ ᠬᠤᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠤᠨᠤᠰᠪᠠ᠃ ᠰᠡᠴᠡᠨᠪᠢᠯᠢᠭ ᠣᠳᠣᠬᠠᠨ ᠳᠤ ᠪᠦᠬᠦ ᠵᠢᠯ ᠤᠨ ᠬᠠᠷᠠᠯᠲᠠ ᠡᠬᠦᠷᠬᠡ ᠶᠢ ᠪᠡᠶᠡᠯᠡᠭᠦᠯᠬᠦ ᠵᠠᠩᠭᠢᠯᠠᠭ᠎ᠠ ᠶᠢᠨ ᠱᠠᠲᠤᠨ ᠳᠤ ᠤᠷᠤᠭᠠᠳ ᠪᠠᠶᠢᠨ᠎ᠠ᠂ ᠡᠯ᠎ᠡ ᠱᠠᠲᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠣᠯᠤᠨ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠤᠨ᠂ ᠪᠦᠬᠦ ᠵᠢᠯ ᠤᠨ ᠬᠠᠷᠠᠯᠲᠠ ᠡᠬᠦᠷᠬᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠢ ᠨᠠᠷᠢᠨ ᠨᠢᠮᠪᠠᠶ ᠲᠥᠯᠥᠪᠯᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠠᠢ᠃ ᠢᠷᠡᠬᠦ ᠵᠢᠯ ᠤᠨ ᠲᠥᠷᠥᠯ ᠵᠦᠢᠯ ᠢ ᠲᠥᠯᠥᠪᠯᠡᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠣᠷᠣᠰᠢᠵᠤ ᠪᠠᠶᠢᠭ᠎ᠠ ᠬᠥᠴᠢᠷ ᠠᠰᠠᠭᠤᠳᠠᠯ ᠢ ᠤᠷᠢᠳᠴᠢᠯᠠᠨ ᠰᠠᠶᠢᠲᠤᠷ ᠰᠢᠢᠳᠪᠤᠷᠢᠯᠡᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠥᠢᠴᠡᠳᠬᠡᠯ ᠢ ᠠᠬᠢᠭᠤᠯᠵᠤ᠂ ᠢᠷᠡᠬᠦ ᠵᠢᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠨ ᠥᠭᠬᠦ ᠬᠡᠷᠡᠭᠲᠡᠶ ᠬᠡᠵᠤ ᠵᠢᠭᠠᠵᠤ ᠭᠠᠷᠭᠠᠪᠠ᠃      ᠬᠤᠷᠠᠯ ᠠᠴᠠ ᠪᠦᠬᠦ ᠬᠤᠲᠠ ᠶᠢᠨ ᠵᠠᠳᠠᠭᠠᠶ ᠨᠡᠭᠦᠷᠡᠰᠦᠨ ᠠᠭᠤᠷᠬᠠᠢ ᠶᠢᠨ ᠲᠡᠭᠢᠨ ᠬᠠᠭᠠᠯᠪᠤᠷᠢᠯᠠᠵᠤ ᠰᠡᠷᠬᠦᠭᠡᠭᠰᠡᠨ ᠭᠠᠵᠠᠷ ᠪᠠ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠤᠷᠢᠯᠡᠭᠰᠡᠨ ᠬᠠᠮᠢᠶ᠎ᠠ ᠪᠦᠬᠦᠢ ᠪᠠᠶᠢᠳᠠᠯ ᠢ ᠨᠠᠶᠢᠳᠡᠯᠡᠪᠡ᠃ ᠰᠡᠴᠡᠨᠪᠢᠯᠢᠭ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠳᠣ ᠶᠢᠨ ᠬᠡᠷᠡᠭᠵᠢᠭᠦᠯᠵᠦ ᠪᠠᠢᠶ᠋ᠭ᠎ᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠪᠲᠡᠷᠡᠲᠡᠯ᠎ᠡ ᠣᠶᠢᠯᠠᠭᠠᠨ᠂ ᠨᠡᠭᠦᠷᠡᠰᠦᠨ ᠠᠭᠤᠷᠬᠠᠶ ᠶᠢᠨ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠲᠠᠬᠢᠨ ᠬᠠᠭᠠᠯᠪᠤᠷᠢᠯᠠᠵᠤ ᠲᠠᠷᠢᠶᠠᠨ ᠭᠠᠵᠠᠷ ᠢ ᠰᠡᠷᠭᠦᠭᠡᠬᠦ ᠵᠡᠷᠭᠡ ᠬᠦᠴᠢᠷ ᠠᠰᠠᠭᠤᠳᠠᠯ ᠢ ᠬᠢᠨᠠᠮᠠᠭᠠᠶ ᠡᠮᠬᠢᠯᠡᠵᠦ᠂ ︽ᠨᠢᠭᠡ ᠠᠭᠤᠷᠬᠠᠶ ᠳᠤ ᠨᠢᠭᠡ ᠳᠠᠩᠰᠠ ᠡᠪᠬᠡᠮᠡᠯ ᠭᠠᠷᠭᠠᠬᠤ︾᠂ ︽ᠨᠢᠭᠡ ᠠᠭᠤᠷᠬᠠᠶ ᠳᠤ ᠨᠢᠭᠡ ᠠᠷᠭ᠎ᠠ ᠪᠣᠳᠣᠯᠭ᠎ᠠ ᠬᠡᠷᠡᠭᠵᠢᠬᠦᠯᠬᠦ︾ ᠠᠵᠢᠯ ᠤᠨ ᠰᠡᠳᠬᠢᠴᠡ ᠪᠠᠷ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠠᠬᠢᠴᠠ ᠶᠢᠨ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠬᠤ ᠬᠡᠷᠡᠭᠲᠠᠢ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠲᠡᠨ᠂ ᠬᠤᠭᠤᠴᠠᠭ᠎ᠠ ᠲᠣᠭᠲᠠᠭᠠᠨ ᠭᠡᠳᠡᠷᠭᠦ ᠰᠢᠬᠠᠮᠳᠠᠭᠤᠯᠬᠤ᠂ ᠲᠥᠪᠯᠡᠷᠡᠭᠦᠯᠦᠨ ᠪᠣᠭᠤᠮᠲᠠ ᠰᠢᠪᠲᠤᠯᠬᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠬᠤ᠂ ᠬᠦᠴᠦᠲᠡᠶ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠡᠯ᠎ᠡ ᠲᠦᠷᠦᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠯᠠᠪᠳᠠᠭᠤᠨ ᠪᠠᠲᠤᠲᠠᠶ ᠪᠥᠭᠡᠳ ᠥᠨᠳᠥᠷ ᠪᠦᠲᠦᠮᠵᠢᠲᠡᠶ ᠪᠠᠷ ᠠᠬᠢᠭᠤᠯᠤᠨ᠂ ᠪᠥᠬᠦ ᠬᠤᠲᠠ ᠶᠢᠨ ᠨᠡᠭᠦᠷᠡᠰᠦᠨ ᠤ ᠠᠵᠤ ᠦᠢᠯᠡᠰ ᠤᠨ ᠡᠷᠡᠭᠦᠯ ᠲᠣᠭᠲᠠᠭᠤᠨ ᠭᠥᠭᠵᠢᠯᠳᠠ ᠶᠢ ᠠᠬᠢᠭᠤᠯᠬᠤ ᠬᠡᠷᠡᠭᠲᠠᠢ ᠬᠡᠵᠤ ᠴᠢᠬᠤᠯᠠᠴᠢᠯᠠᠪᠠ᠃      ᠬᠤᠷᠠᠯ ᠠᠴᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠨᠠᠶᠢᠳᠡᠯᠡᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠰᠡᠴᠡᠨᠪᠢᠯᠢᠭ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠪᠤᠳᠤᠯᠢᠶᠠᠨᠲᠠᠶ ᠬᠦᠨᠳᠦ ᠬᠡᠴᠡᠭᠦᠤ ᠪᠠᠶᠢᠨ᠎ᠠ᠂ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ᠃ ᠪᠠᠶᠢᠯᠳᠤᠭᠠᠨ ᠤ ᠡᠮᠤᠨᠡᠬᠢ ᠪᠠᠶᠢᠳᠠᠯ ᠢ ᠪᠠᠳᠤᠯᠠᠵᠤ᠂ ᠪᠠᠴᠢᠮ ᠪᠠᠶᠢᠳᠠᠯ ᠢ ᠰᠢᠢᠳᠪᠤᠷᠢᠯᠡᠬᠦ ᠰᠣᠷᠢᠯᠲᠠ ᠪᠠ ᠰᠡᠷᠭᠡᠶᠢᠯᠡᠨ ᠡᠵᠡᠮᠳᠡᠬᠦ ᠬᠡᠰᠡᠭ ᠬᠤᠪᠢᠶᠠᠭᠰᠠᠨ ᠬᠠᠮᠢᠶᠠᠷᠤᠯᠲᠠ ᠶᠢ ᠤᠯᠠᠮ ᠨᠢᠬᠡ ᠠᠯᠬᠤᠮ ᠴᠢᠩᠭᠠᠳᠬᠠᠨ᠂ ᠳᠤᠰᠠᠭᠠᠷᠯᠠᠬᠤ ᠳᠠᠯᠠᠪᠤᠷ᠂ ᠪᠥᠬᠡᠮ ᠬᠥᠴᠢᠯ ᠤᠨ ᠪᠠᠶᠢᠴᠠᠭᠠᠯᠳᠠ ᠬᠢᠬᠦ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠭᠦ ᠬᠡᠷᠡᠭᠲᠠᠢ︔ ᠡᠮᠴᠢ ᠰᠤᠪᠢᠯᠠᠭᠴᠢᠳ ᠤᠨ ᠪᠣᠯᠪᠠᠰᠤᠷᠠᠯ ᠪᠣᠯᠤᠨ ᠡᠮ ᠡᠮᠨᠡᠯᠭᠡ ᠶᠢᠨ ᠡᠳ᠋ ᠪᠣᠳᠠᠰ ᠢ ᠨᠥᠭᠡᠴᠡᠯᠡᠬᠦ ᠵᠡᠷᠭᠡ ᠡᠯ᠎ᠡ  ᠵᠦᠢᠯ ᠤᠨ ᠪᠡᠯᠡᠳᠬᠡᠯ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠭᠠᠷᠬᠤ ᠣᠢᠶ᠎ᠠ ᠳᠤ ᠡᠷᠴᠢᠮᠳᠡᠢ ᠪᠥᠭᠡᠳ ᠪᠦᠲᠦᠮᠵᠢᠲᠡᠶ  ᠰᠢᠢᠳᠪᠤᠷᠢᠯᠡᠬᠦ ᠶᠢ ᠪᠠᠲᠤᠯᠠᠬᠤ ᠬᠡᠷᠡᠭᠲᠡᠶ᠃ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠨᠥᠭᠦᠭᠡ ᠲᠠᠯ᠎ᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠳᠬᠤᠬᠤ ᠶᠢ ᠢᠮᠠᠭᠲᠠ ᠪᠠᠷᠢᠮᠳᠠᠯᠠᠨ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠶᠢᠨ ᠬᠠᠨᠳᠤᠰᠢ ᠶᠢ ᠬᠠᠮᠲᠤ ᠳᠤᠨᠢ ᠰᠠᠶᠢᠲᠤᠷ ᠬᠠᠮᠠᠭᠠᠯᠠᠬᠤ ᠬᠡᠷᠡᠭᠲᠡᠶ ᠬᠡᠵᠤ ᠴᠢᠬᠤᠯᠠᠴᠢᠯᠠᠵᠠᠢ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号