ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/11
     11 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠲᠠ ᠶᠢᠨ ᠲᠤᠭ᠎ᠠ ᠪᠠᠷᠢᠮᠳᠠ ᠶᠢᠨ ᠬᠥᠭᠵᠢᠭᠦᠯᠦᠯᠲᠡ ᠶᠢᠨ ᠲᠣᠪᠴᠢᠶᠠᠨ ᠳᠤ ᠲᠤᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠰᠢᠶᠤᠤ ᠫᠢᠩ ᠵᠢᠴᠢ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠬᠥᠮᠦᠰ ᠬᠤᠷᠠᠯ ᠳᠤ ᠣᠷᠣᠯᠴᠠᠨ ᠵᠢᠭᠠᠨ ᠵᠢᠯᠤᠭᠤᠳᠤᠯᠭ᠎ᠠ ᠭᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠬᠤᠷᠠᠯ ᠳᠤ ᠰᠤᠯᠠ ᠤᠷᠤᠯᠴᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠤᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠴᠢᠬᠤᠯᠠᠴᠢᠯᠠᠨ ᠥᠵᠠᠵᠤ ᠬᠤᠷᠠᠯ ᠠᠴᠠ ᠡᠮᠦᠨ᠎ᠡ ᠰᠤᠷᠤᠯᠴᠠᠬᠤ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠤᠨ ᠰᠠᠨᠠᠯ ᠰᠠᠨᠠᠭᠤᠯᠭ᠎ᠠ ᠬᠤᠷᠢᠶᠠᠵᠤ ᠰᠡᠳᠬᠢᠯ ᠤᠨ ᠦᠭᠡ ᠪᠠᠨ ᠶᠠᠷᠢᠯᠴᠠᠭᠰᠠᠨ ᠰᠠᠭᠤᠷᠢᠨ ᠳᠡᠭᠡᠷ᠎ᠡ ᠪᠠᠭ ᠤᠨ ᠪᠦᠷᠢᠯᠳᠦᠬᠦᠨ ᠨᠡᠷ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠨᠠᠷᠢᠨ ᠪᠢᠴᠢᠵᠦ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠥᠢᠴᠡᠳ ᠪᠡᠯᠡᠳᠭᠡᠯ ᠭᠢᠪᠠ᠃      ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠬᠤᠷᠠᠯ ᠠᠴᠠ ᠡᠮᠤᠨ᠎ᠠ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠡᠭᠡᠷ᠎ᠡ ᠡᠷᠳᠡᠨᠢᠪᠢᠯᠢᠭ ᠡᠩ ᠲᠡᠷᠢᠭᠦᠨ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠭᠢᠭᠦ ᠶᠢᠨ ᠬᠠᠮᠲᠤ ᠬᠤᠪᠢ ᠬᠥᠮᠦᠨ ᠤ ᠪᠠᠶᠢᠴᠠᠭᠠᠯᠲᠠ ᠵᠠᠳᠠᠯᠤᠯᠲᠠ ᠬᠢᠵᠡᠶ᠃ ᠳᠠᠷᠠᠭ᠎ᠠ ᠨᠢ ᠵᠣᠣ ᠹᠸᠢ ᠯᠦ ᠪᠣᠯᠤᠨ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠤᠪᠢ ᠬᠥᠮᠦᠨ ᠤ ᠵᠠᠳᠠᠯᠤᠯᠲᠠ ᠭᠢᠵᠤ ᠪᠤᠰᠤᠳ ᠨᠥᠬᠦᠳ ᠴᠤ ᠥᠪᠠᠷ ᠤᠨ ᠰᠢᠭᠦᠮᠵᠢᠯᠠᠯ ᠭᠢᠭᠰᠡᠨ ᠪᠠᠶᠢᠨ᠎ᠠ᠃ ᠣᠯᠠᠨ ᠲᠠᠶᠠᠭᠠᠷ ᠤᠨ ᠥᠪᠡᠷ ᠤᠨ ᠰᠢᠭᠦᠮᠵᠢᠯᠡᠯ ᠨᠢ ᠠᠰᠠᠭᠤᠳᠠᠯ ᠳᠤ ᠰᠢᠭᠤᠳ ᠬᠠᠨᠳᠤᠵᠤ ᠠᠰᠠᠭᠤᠳᠠᠯ ᠢ ᠲᠡᠯᠭᠡᠭᠰᠠᠨ ᠨᠢ ᠨᠠᠷᠢᠨ ᠭᠢᠨᠠᠮᠠᠭᠠᠢ᠂ ᠬᠠᠷᠢᠯᠴᠠᠨ ᠰᠢᠭᠦᠮᠵᠢᠯᠡᠭᠰᠠᠨ ᠨᠢ ᠥᠨᠠᠨ ᠪᠠᠶᠢᠵᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ ᠨᠠᠮ ᠤᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠠᠭᠦᠯᠤᠨ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠦᠨᠳᠦᠰᠦᠲᠡᠨ ᠤ ᠠᠵᠢᠯ ᠢ ᠤᠬᠠᠮᠰᠠᠷ ᠠᠴᠠ ᠪᠠᠨ ᠲᠥᠯᠥᠪᠯᠡᠨ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ ᠢ ᠬᠢᠨᠠᠮᠠᠭᠠᠶ ᠲᠤᠭᠳᠠᠭᠠᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠭᠡᠷᠡᠭᠳᠠᠢ᠃ ᠰᠤᠷᠲᠠᠯ ᠤᠨ ᠪᠠᠶᠢᠭᠤᠯᠤᠯᠲᠠ ᠶᠢ ᠭᠥᠨᠵᠡᠭᠡᠶᠢᠷᠠᠭᠦᠯᠤᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠶ ᠱᠠᠭᠠᠷᠳᠠᠯᠭ᠎ᠠ ᠶᠢ ᠲᠤᠭᠤᠰᠢᠯᠠᠭᠤᠯᠵᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠦᠨᠳᠦᠰᠦᠲᠡᠨ ᠤ ᠠᠵᠢᠯ ᠢ ᠠᠬᠢᠭᠤᠯᠬᠤ ᠪᠥᠭᠦ ᠶᠠᠪᠤᠴᠠ ᠳᠤ ᠲᠤᠭᠤᠰᠢᠯᠠᠭᠤᠯᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠤ ᠶᠢᠨ ᠬᠦᠴᠦᠨ  ᠪᠤᠯᠭᠠᠬᠤ ᠭᠡᠷᠡᠭᠳᠠᠢ ᠭᠡᠵᠡᠢ᠃      ᠵᠠᠩ ᠰᠢᠶᠣᠤ ᠫᠢᠩ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠨᠢ ᠭᠥᠢᠴᠡᠳ᠂ ᠠᠰᠠᠭᠤᠳᠠᠯ ᠢ ᠪᠠᠶᠢᠴᠠᠭᠠᠨ ᠲᠡᠯᠭᠡᠭᠰᠠᠨ ᠨᠢ ᠪᠥᠷᠢᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠨᠢ ᠲᠥᠪ ᠴᠢᠩᠭ᠎ᠠ ᠨᠠᠷᠢᠨ ᠬᠢᠨᠠᠮᠠᠭᠠᠶ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠬᠠᠷᠠᠯᠲᠠ ᠲᠠᠢ ᠪᠠᠶᠢᠵᠤ ᠵᠢᠱᠢᠭᠰᠡᠨ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ᠂ ᠲᠥᠪ ᠪᠠ ᠥᠪᠠᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ  ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠦᠤᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠭᠢᠭᠤᠯᠬᠤ ᠭᠡᠷᠡᠭᠳᠠᠢ ᠭᠡᠵᠡᠢ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号