ᠰᠢ ᠶᠢᠨ ᠫᠢᠩ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠤᠨ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠡᠬᠢᠯᠡᠭᠰᠡᠨ ᠳᠤ ᠴᠢᠬᠤᠯᠠ ᠵᠢᠭᠠᠪᠤᠷᠢ ᠦᠭᠴᠤ ᠴᠢᠬᠤᠯᠠᠴᠢᠯᠠᠬᠰᠠᠨ ᠨᠢ ︽ᠬᠤᠶᠠᠷ ᠵᠠᠮ︾ ᠤᠨ ᠵᠤᠷᠢᠬ ᠰᠠᠨᠠᠭ᠎ᠠ ᠪᠤᠯᠤᠨ ᠬᠦᠬᠡᠨᠠᠭᠤᠷ ᠲᠦᠪᠡᠳ ᠤᠨ ᠲᠡᠮᠤᠷ ᠵᠠᠮ ᠤᠨ ᠵᠤᠷᠢᠬ ᠰᠠᠨᠠᠭ᠎ᠠ ᠶᠢ ᠪᠠᠳᠠᠷᠠᠭᠤᠯᠵᠤ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠶᠢ ᠴᠢᠨᠠᠷ ᠰᠠᠶᠢᠳᠠᠢ ᠠᠬᠢᠭᠤᠯᠬᠤ ᠭᠡᠷᠡᠭᠳᠠᠢ  ᠯᠢ ᠺᠧ ᠴᠢᠶᠠᠩ ᠴᠤᠬᠤᠯᠠᠪᠤᠷᠢ ᠦᠭᠴᠠᠢ
ᠨᠡᠶᠢᠲᠡᠯᠡᠭᠰᠡᠨ ᠴᠠᠭ᠄
2020/11/11
   ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 8 ᠤ ᠴᠠᠬᠢᠯᠭᠠᠨ ᠮᠡᠳᠡᠭᠡ  ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠤᠨ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠡᠬᠢᠯᠡᠭᠰᠡᠨ ᠳᠤ ᠴᠢᠬᠤᠯᠠ ᠵᠢᠭᠠᠪᠤᠷᠢ ᠦᠭᠬᠦ ᠳᠡᠭᠡᠨ᠂ ᠰᠧᠴᠤᠸᠠᠨ ᠠᠴᠠ ᠲᠦᠪᠡᠳ ᠬᠦᠷᠬᠦ ᠲᠡᠮᠤᠷ ᠵᠠᠮ ᠢ ᠪᠦᠳᠤᠬᠡᠨ ᠪᠠᠶᠢᠭᠤᠯᠬᠤ ᠪᠤᠯ ᠰᠢᠨ᠎ᠠ ᠴᠠᠬ ᠦᠶ ᠎ᠠ ᠶᠢᠨ ᠨᠠᠮ ᠤᠨ ᠲᠦᠪᠡᠳ ᠢ ᠵᠠᠰᠠᠬᠤ ᠠᠷᠭ᠎ᠠ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠴᠢᠬᠤᠯᠠ ᠶᠡᠭᠡ ᠠᠷᠭ᠎ᠠ ᠬᠡᠮᠵᠢᠶ᠎ᠠ ᠪᠤᠯᠤᠨ᠎ᠠ᠂ ᠤᠯᠤᠰ ᠤᠨ ᠨᠢᠬᠡᠳᠤᠯ ᠢ ᠬᠠᠮᠠᠭᠠᠯᠠᠬᠤ᠂ ᠦᠨᠳᠤᠰᠤᠳᠠᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠤᠭᠳᠠᠭᠤᠨ ᠢ ᠪᠠᠬᠢᠵᠢᠬᠦᠯᠬᠦ᠂ ᠪᠠᠷᠠᠭᠤᠨ ᠭᠡᠰᠡᠭ ᠭᠠᠵᠠᠷ ᠤᠷᠤᠨ ᠢᠯᠠᠩᠭᠤᠶ᠎ᠠ ᠰᠧᠴᠤᠸᠠᠨ ᠲᠦᠪᠡᠳ ᠬᠤᠶᠠᠷ ᠮᠤᠵᠢ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠲᠠᠭᠠᠤ ᠶᠢᠨ ᠭᠠᠵᠠᠷ ᠤᠨ ᠪᠠᠶᠢᠴᠠ ᠭᠠᠵᠠᠷ ᠵᠦᠢ ᠪᠤᠯᠤᠨ ᠠᠭᠤᠷ ᠠᠮᠢᠰᠬᠤᠯ ᠤᠨ ᠨᠦᠬᠦᠴᠠᠯ ᠪᠤᠳᠤᠯᠢᠶᠠᠨᠳᠠᠢ᠂ ᠠᠮᠢ ᠠᠬᠤᠢ ᠤᠷᠴᠢᠨ ᠲᠤᠭᠤᠷᠢᠨ ᠬᠡᠪᠡᠷᠡᠭ ᠪᠠᠶᠢᠵᠤ᠂ ᠵᠠᠮ ᠲᠡᠪᠢᠰᠬᠦ ᠠᠵᠢᠯ ᠤᠨ ᠬᠦᠴᠢᠷᠳᠡᠯ ᠶᠡᠭᠡ ᠪᠠᠶᠢᠲᠠᠭ ᠢᠶᠠᠷ ᠢᠶᠠᠨ ᠲᠡᠯᠡᠬᠡᠢ ᠲᠡᠭᠡᠷ᠎ᠠ ᠴᠤ ᠬᠤᠪᠤᠷ ᠶᠤᠮ᠂ ᠮᠠᠨ ᠤ ᠤᠯᠤᠰ ᠤᠨ ᠨᠡᠶᠢᠬᠡᠮ ᠵᠢᠷᠤᠮ ᠤᠨ ᠪᠠᠶᠢᠭᠤᠯᠤᠯ ᠤᠨ ᠬᠦᠴᠤᠨ ᠢᠶᠠᠨ ᠲᠦᠪᠯᠡᠷᠡᠬᠦᠯᠤᠨ ᠶᠡᠭᠡ ᠶᠠᠪᠤᠳᠠᠯ ᠢ ᠪᠦᠲᠦᠭᠡᠵᠤ ᠲᠡᠶᠢᠯᠳᠡᠭ ᠲᠠᠪᠠᠭᠤᠯᠢᠬ ᠢ ᠬᠦᠢᠴᠡᠳ ᠪᠠᠳᠠᠷᠠᠭᠤᠯᠵᠤ᠂ ᠡᠨᠡ ᠬᠦ ᠦᠩᠬᠡ ᠬᠡᠷᠡᠯᠳᠡᠢ ᠪᠦᠬᠡᠳ ᠬᠠᠲᠠᠭᠤ ᠪᠡᠷᠬᠡ ᠲᠡᠤᠬᠡᠳᠤ ᠡᠬᠦᠷᠬᠡ ᠶᠢ ᠲᠡᠬᠦᠰ ᠠᠮᠵᠢᠯᠳᠠ ᠲᠠᠢ ᠪᠡᠶᠡᠯᠡᠬᠦᠯᠬᠦ ᠭᠡᠷᠡᠭᠳᠠᠢ᠃ ᠤᠯᠤᠰ ᠤᠨ ᠲᠡᠮᠤᠷ ᠵᠠᠮ ᠤᠨ ᠪᠦᠯᠦᠭᠯᠡᠯ ᠺᠤᠮᠫᠠᠨᠢ ᠶᠢᠨ ᠬᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠯᠪᠤᠬᠳᠠᠯ ᠪᠦᠬᠦᠢ ᠨᠢᠬᠡᠴᠢ ᠪᠤᠯᠤᠨ ᠰᠧᠴᠤᠸᠠᠨ ᠲᠦᠪᠡᠳ ᠬᠤᠶᠠᠷ ᠮᠤᠵᠢ ᠤᠷᠤᠨ ᠤ ᠬᠢᠨ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠨᠠᠷᠢᠨ ᠨᠢᠮᠪᠠᠢ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠦᠷᠬᠡᠨ ᠤᠯᠠᠨ ᠲᠠᠮᠤᠷ ᠵᠠᠮ ᠤᠨ ᠪᠦᠳᠤᠬᠡᠨ ᠪᠠᠶᠢᠭᠤᠯᠤᠬᠴᠢ ︽ᠬᠤᠶᠠᠷ ᠵᠠᠮ︾ ᠤᠨ ᠵᠤᠷᠢᠬ ᠰᠠᠨᠠᠭ᠎ᠠ ᠪᠤᠯᠤᠨ ᠬᠦᠬᠡᠨᠠᠭᠤᠷ ᠲᠦᠪᠡᠳ ᠤᠨ ᠲᠡᠮᠤᠷ ᠵᠠᠮ ᠤᠨ ᠵᠤᠷᠢᠬ ᠰᠠᠨᠠᠭ᠎ᠠ ᠶᠢ ᠪᠠᠳᠠᠷᠠᠭᠤᠯᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠬᠢᠵᠤ᠂ ᠠᠮᠤᠷ ᠲᠦᠪᠰᠢᠨ ᠢᠶᠠᠷ ᠬᠢᠵᠤ᠂ ᠪᠤᠬᠢᠷᠳᠤᠯ ᠦᠬᠡᠢ ᠪᠠᠷ ᠬᠢᠵᠤ᠂ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠶᠢ ᠴᠢᠨᠠᠷ ᠰᠠᠶᠢᠳᠠᠢ ᠠᠬᠢᠭᠤᠯᠵᠤ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃    ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠷᠤᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠤ᠂ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠢ ᠪᠦᠳᠤᠬᠡᠨ ᠪᠠᠶᠢᠭᠤᠯᠬᠤ ᠪᠤᠯ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠲᠠᠯ᠎ᠠ ᠳᠤ ᠰᠠᠭᠤᠷᠢᠯᠠᠵᠤ᠂ ᠠᠯᠤᠰ ᠬᠡᠳᠤ ᠶᠢ ᠪᠤᠲᠤᠯᠬᠢᠯᠠᠵᠤ ᠪᠠᠶᠢᠭᠠᠳ ᠲᠤᠭᠲᠠᠭᠠᠭᠰᠠᠠ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ᠎ᠠ᠃ ᠡᠯ᠎ᠠ ᠬᠤᠯᠪᠤᠬᠳᠠᠯ ᠪᠦᠬᠦᠢ ᠲᠠᠯ᠎ᠠ ᠶᠢᠨ ᠬᠢᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠨᠠᠶᠢᠳᠠᠪᠤᠷᠢᠳᠠᠢ ᠪᠠᠶᠢᠬᠤ ᠶᠢ ᠤᠷᠢᠳ ᠢᠶᠠᠷ ᠪᠤᠳᠤᠯᠬᠢᠯᠠᠬᠤ᠂ ᠴᠠᠬ ᠬᠤᠭᠤᠴᠠᠭ᠎ᠠ ᠨᠢ ᠶᠠᠰᠤ ᠴᠢᠨᠠᠷ ᠢ ᠲᠠᠭᠠᠬᠤ ᠵᠠᠷᠴᠢᠮ ᠢᠶᠠᠷ᠂ ᠪᠠᠷᠢᠯᠭ᠎ᠠ ᠶᠢᠨ ᠲᠦᠰᠤᠯ ᠢ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠮᠡᠷᠬᠡᠵᠢᠯ ᠤᠨ ᠪᠤᠭᠤᠮᠳᠠ ᠰᠢᠪᠳᠤᠯᠬᠤ ᠡᠷᠴᠢᠮ ᠢ ᠴᠢᠩᠭᠠᠷᠠᠭᠤᠯᠵᠤ᠂ ᠪᠠᠷᠢᠯᠭ᠎ᠠ ᠶᠢᠨ ᠠᠵᠢᠯ ᠢ ᠵᠤᠬᠢᠶᠠᠨ ᠪᠠᠶᠢᠭᠤᠯᠵᠤ ᠶᠠᠪᠤᠭᠲᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠠᠶᠤᠯᠬᠦᠢ ᠤᠢᠢᠯᠡᠳᠪᠤᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠤᠯᠠᠨ ᠲᠦᠮᠡᠨ ᠤ ᠪᠠ ᠠᠷᠠᠳ ᠤᠨ ᠠᠮᠢᠳᠤᠷᠠᠯ ᠵᠡᠷᠬᠡ ᠠᠵᠢᠯ ᠢ ᠰᠠᠶᠢᠳᠤᠷ ᠨᠢᠬᠡᠳᠤᠯᠳᠠᠢ ᠲᠦᠯᠤᠪᠵᠢᠬᠦᠯᠵᠤ᠂ ᠦᠨᠳᠤᠷ ᠭᠠᠷᠤᠭ᠎ᠠ ᠦᠨᠳᠦᠷ ᠪᠠᠷᠢᠮᠵᠢᠶ᠎ᠠ ᠴᠢᠨᠠᠷ ᠰᠠᠶᠢᠳᠠᠢ ᠪᠠᠷ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠤᠨ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠲᠦᠪᠡᠳ ᠤᠷᠤᠨ ᠤ ᠤᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠬᠦᠯᠬᠦ᠂ ᠤᠷᠤᠨ ᠪᠦᠰᠠ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠪᠠ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃    ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ︵ᠶᠠ ᠠᠨ ᠠᠴᠠ ᠨᠢᠩ ᡂᠢ ᠬᠦᠷᠬᠦ︶ ᠤᠨ ᠪᠠᠷᠢᠯᠭ᠎ᠠ ᠡᠬᠢᠯᠡᠬᠦ ᠲᠠᠶᠢᠴᠢᠯᠠᠯᠳᠠ ᠶᠢᠨ ᠶᠡᠭᠡ ᠬᠤᠷᠠᠯ 11 ᠰᠠᠷ᠎ᠠ ᠶᠢᠨ 8 ᠤ ᠡᠳᠤᠷ ᠪᠡᠬᠡᠵᠢᠩ ᠪᠤᠯᠤᠨ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠤᠨ ᠡᠵᠡᠮᠰᠢᠯᠳᠤ ᠴᠢᠨᠠᠷᠳᠠᠢ ᠪᠠᠷᠢᠯᠭ᠎ᠠ ᠶᠢᠨ ᠰᠧᠵᠢᠯᠠ ᠠᠭᠤᠯᠠ ᠶᠢᠨ ᠨᠦᠬᠡᠨ ᠵᠠᠮ᠂ ᠳ᠋ᠠ ᠳ᠋ᠦ᠋ ᠡᡁᠧ ᠭᠤᠤᠯ ᠤᠨ ᠶᠡᠭᠡ ᠬᠦᠬᠦᠷᠬᠡ ᠶᠢᠨ ᠭᠤᠷᠪᠠᠨ ᠭᠠᠵᠠᠷ ᠲᠤ ᠸᠢᠳᠢᠣ᠋ ᠬᠡᠯᠪᠡᠷᠢ ᠪᠠᠷ ᠵᠡᠷᠬᠡ ᠪᠠᠷ ᠶᠠᠪᠤᠬᠳᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠲᠡᠳ᠋ ᠶᠠᠷᠤᠩᠬᠡᠢ ᠰᠠᠶᠢᠳ ᠯᠢᠦ ᠡᡁᠧ ᠶᠡᠭᠡ ᠬᠤᠷᠠᠯ ᠲᠡᠭᠡᠷ᠎ᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠵᠦ᠂ ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠤᠨ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠶᠢᠨ ᠵᠢᠯᠤᠭᠤᠳᠬᠤ ᠭᠠᠵᠠᠷ ᠤᠨ ᠫᠠᠶᠢᠰᠠ ᠶᠢ ᠰᠡᠬᠦᠵᠤ᠂ ᠰᠧᠴᠤᠸᠠᠨ‌ᠡᠴᠠ ᠲᠦᠪᠡᠳ ᠬᠦᠷᠬᠦ ᠲᠠᠮᠤᠷ ᠵᠠᠮ ︵ᠶᠠ ᠠᠨ ᠠᠴᠠ ᠨᠢᠩ ᡂᠢ ᠬᠦᠷᠬᠦ︶ ᠤᠨ ᠪᠠᠷᠢᠯᠭ᠎ᠠ ᠶᠢᠨ ᠪᠦᠳᠤᠬᠡᠨ ᠪᠠᠶᠢᠭᠤᠯᠤᠯᠳᠠ ᠡᠬᠢᠯᠡᠭᠰᠡᠨ ᠢ ᠵᠠᠷᠯᠠᠪᠠ᠃    ᠰᠧᠴᠤᠸᠠᠨ ᠠᠴᠠ ᠲᠦᠪᠡᠳ ᠬᠦᠷᠬᠦ ᠲᠠᠮᠤᠷ ᠵᠠᠮ ᠤᠨ ᠴᠧᠩᠳᠦ᠋ ᠠᠴᠠ ᠶᠠ ᠠᠨ ᠬᠦᠷᠬᠦ ᠭᠡᠰᠡᠭ 2018 ᠤᠨ ᠤ 12 ᠰᠠᠷ᠎ᠠ ᠠᠴᠠ ᠡᠬᠢᠯᠠᠵᠤ ᠨᠡᠪᠳᠡᠷᠡᠨ ᠡᠵᠡᠩᠨᠠᠯᠳᠠ ᠳᠤ ᠤᠷᠤᠵᠤ᠂ ᠯᡁᠨᠰᠠ ᠠᠴᠠ ᠨᠢᠩ ᡂᠢ ᠬᠦᠷᠬᠦ ᠭᠡᠰᠡᠭ ᠨᠢ 2015 ᠤᠨ ᠤ 6 ᠰᠠᠷ᠎ᠠ ᠠᠴᠠ ᠪᠠᠷᠢᠯᠭ᠎ᠠ ᠡᠬᠢᠯᠠᠵᠤ᠂ ᠤᠳᠤᠬᠠᠨ ᠳᠤ ᠪᠠᠷᠢᠯᠭ᠎ᠠ ᠶᠢᠨ ᠠᠬᠢᠴᠠ ᠤᠷᠤᠬᠰᠢᠳᠠᠢ ᠶᠠᠪᠤᠭᠳᠠᠵᠤ ᠪᠤᠢ᠂ ᠡᠨᠡ ᠤᠳᠠᠭ᠎ᠠ ᠶᠢᠨ ᠪᠠᠷᠢᠯᠭ᠎ᠠ ᠡᠬᠢᠯᠡᠭᠰᠡᠨ ᠶᠠ ᠠᠨ ᠠᠴᠠ ᠨᠢᠩ ᡂᠢ ᠬᠦᠷᠬᠦ ᠭᠡᠰᠡᠭ ᠨᠢ ᠰᠧᠴᠤᠸᠠᠨ ᠮᠤᠵᠢ ᠪᠠ ᠲᠦᠪᠡᠳ ᠤᠨ ᠦᠪᠡᠷᠳᠡᠬᠡᠨ ᠵᠠᠰᠠᠬᠤ ᠤᠷᠤᠨ ᠤ ᠬᠢᠯᠢ ᠳᠤᠳᠤᠷ᠎ᠠ ᠪᠠᠶᠢᠨ᠎ᠠ᠃ ᠲᠡᠮᠤᠷ ᠵᠠᠮ ᠨᠢ ᠰᠧᠴᠤᠸᠠᠨ ᠤ ᠶᠠ ᠠᠨ ᠠᠴᠠ ᠡᠬᠢᠯᠠᠵᠤ᠂ ᠲᠦᠪᠡᠳ ᠤᠨ ᠨᠢᠩ ᡂᠢ ᠳᠤ ᠬᠦᠷᠴᠤ᠂ ᠤᠯᠤᠰ ᠤᠨⅠᠲᠡᠰ ᠤᠨ ᠬᠤᠤᠰ ᠱᠤᠭᠤᠮᠳᠤ ᠲᠡᠮᠤᠷ ᠵᠠᠮ ᠪᠤᠯᠤᠨ᠎ᠠ᠂ ᠰᠢᠨ᠎ᠠ ᠪᠠᠷ ᠪᠠᠷᠢᠯᠭ᠎ᠠ ᠡᠬᠢᠯᠡᠭᠰᠡᠨ ᠱᠤᠭᠤᠮ ᠤᠨ ᠪᠦᠬᠦ ᠤᠷᠳᠤ ᠨᠢ 1011 ᠺᠢᠯᠤᠮᠧᠲᠷ᠂ ᠲᠦᠯᠤᠪᠯᠡᠭᠰᠡᠨ ᠴᠠᠭ ᠤᠨ ᠬᠤᠷᠳᠤᠴᠠ ᠨᠢ 120 ᠺᠢᠯᠤᠮᠧᠲᠷ ᠠᠴᠠ 200 ᠺᠢᠯᠤᠮᠧᠲᠷ ᠤᠨ ᠬᠤᠭᠤᠷᠤᠨᠳᠤ ᠪᠤᠯᠤᠨ᠎ᠠ᠃ ᠲᠦᠷᠤᠯ ᠵᠦᠢᠯ ᠢ ᠤᠯᠤᠰ ᠤᠨ ᠲᠡᠮᠤᠷ ᠵᠠᠮ ᠤᠨ ᠪᠦᠯᠦᠭᠯᠡᠯ ᠺᠤᠮᠫᠠᠨᠢ ᠠᠴᠠ ᠬᠠᠷᠢᠭᠤᠴᠠᠨ ᠵᠤᠬᠢᠶᠠᠨ ᠪᠠᠶᠢᠭᠤᠯᠵᠤ ᠭᠡᠷᠡᠭᠵᠢᠬᠦᠯᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号