ᠮᠠᠨ ᠤ ᠬᠤᠰᠢᠭᠤ 21 ᠳᠠᠬᠢ ᠰᠤᠷᠪᠤᠯᠵᠢᠯᠠᠭᠴᠢ ᠶᠢᠨ ᠪᠠᠶᠠᠷ ᠢᠶᠠᠨ ᠤᠳᠬ᠎ᠠ ᠲᠡᠭᠦᠯᠲᠡᠷ ᠲᠡᠮᠲᠡᠭᠯᠡᠯ᠎ᠡ
ᠨᠡᠶᠢᠲᠡᠯᠡᠭᠰᠡᠨ ᠴᠠᠭ᠄
2020/11/11
     11 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠬᠠᠮ ᠵᠠᠭᠤᠴᠢᠯᠠᠭᠤᠷ ᠤᠨ ᠲᠥᠪ ᠬᠠᠮᠲᠤᠷᠠᠨ 21 ᠳᠠᠬᠢ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠠᠵᠢᠯᠯᠠᠭ᠎ᠠ ᠳᠤ ᠣᠷᠣᠯᠴᠠᠵᠠᠶ᠃
      ᠵᠠᠭᠤᠴᠢᠯᠠᠭᠤᠷ ᠤᠨ ᠠᠵᠢᠯᠲᠠᠳ ᠤᠷᠢᠳ ᠬᠤᠵᠢᠳ ᠤᠯᠠᠭᠠᠨᠲᠤᠯᠤᠭᠠᠢ ᠪᠠᠯᠭᠠᠰᠤᠨ ᠤ ᠤᠯᠠᠭᠠᠨᠲᠤᠭ ᠲᠣᠰᠬᠤᠨ ᠤ ᠤᠯᠠᠭᠠᠨ ᠲᠤᠭ ᠪᠠᠶᠠᠴᠢ ᠤᠶᠢᠯᠠᠭᠠᠯᠳᠠ ᠶᠢᠨ ᠥᠵᠡᠰᠭᠦᠯᠡᠩ᠂ ᠤᠯᠠᠭᠠᠨ ᠲᠤᠭ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠢᠠᠯᠯᠳᠠ ᠲᠣᠰᠬᠤᠨ ᠤ ᠴᠢᠬᠡᠴᠢ ᠵᠠᠰᠠᠭ ᠤᠨ ᠰᠣᠶᠣᠯ ᠤᠨ ᠠᠭᠤᠳᠠᠮ ᠲᠠᠯᠠᠪᠠᠢ᠂ ᠠᠬᠠᠮᠠᠳ ᠲᠣᠰᠬᠤᠨ ᠤ ᠳᠠᠷᠤᠭ᠎ᠠ ᠶᠢᠨ ᠦᠯᠢᠬᠡᠷ ᠤᠨ ᠭᠠᠵᠠᠷ᠂ ᠰᠦᠯᠵᠢᠶᠡᠨ ᠤᠳᠤᠳ ᠤᠨ ᠪᠤᠯᠪᠠᠰᠤᠷᠠᠯ ᠤᠨ ᠰᠠᠭᠤᠷᠢᠨ ᠭᠠᠵᠠᠷ ᠵᠡᠷᠭᠡ ᠭᠠᠵᠠᠷ ᠢᠶᠠᠷ ᠬᠦᠷᠴᠦ ᠰᠤᠷᠤᠯᠴᠠᠨ ᠤᠶᠢᠯᠠᠭᠠᠬᠤ ᠶᠢᠨ ᠬᠠᠮᠲᠤ ᠪᠠᠶᠠᠯᠢᠭ ᠠᠭᠤᠯᠭ᠎ᠠ ᠲᠠᠢ ᠰᠤᠶᠤᠯ ᠲᠠᠮᠢᠷ ᠤᠨ ᠠᠵᠢᠯᠯᠠᠭ᠎ᠠ  ᠦᠷᠨᠢᠭᠦᠯᠦᠭᠰᠡᠨ ᠪᠠᠶᠢᠨ᠎ᠠ᠃
      ᠤᠯᠠᠭᠠᠨ ᠲᠤᠭ ᠪᠠᠶᠠᠴᠢ ᠤᠶᠢᠯᠠᠭᠠᠯᠲᠠ ᠶᠢᠨ ᠥᠵᠡᠰᠭᠦᠯᠡᠩ ᠳᠤ ᠣᠯᠠᠨ ᠢᠶᠠᠷ ᠢᠶᠠᠨ ᠬᠠᠭᠤᠴᠢᠨ ᠡᠳ᠋ᠯᠠᠯ ᠭᠡᠷᠡᠭᠰᠠᠯ ᠢ  ᠰᠤᠨᠢᠷᠬᠠᠨ ᠲᠡᠤᠬᠡ ᠪᠠᠨ ᠡᠷᠭᠢᠴᠠᠭᠦᠯᠵᠤ ᠴᠠᠭ ᠦᠶ᠎ᠡ ᠶᠢᠨ ᠬᠤᠪᠢᠷᠠᠯᠳᠠ ᠳᠠᠪᠰᠢᠯᠲᠠ ᠶᠢ ᠲᠠᠨᠢᠵᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠳᠤ ᠲᠠᠷᠢᠮᠠᠯ ᠤᠨ ᠤᠷᠭᠤᠴᠠ ᠶᠢᠨ ᠪᠠᠶᠢᠳᠠᠯ ᠪᠠ ᠰᠤᠯᠢᠶᠤᠤ ᠫᠧᠩ ᠤᠨ ᠠᠵᠤ ᠠᠬᠤᠢ ᠶᠢᠨ ᠬᠥᠭᠵᠢᠯᠲᠡ ᠶᠢ ᠤᠶᠢᠯᠠᠭᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠭᠤᠳᠠᠮ ᠲᠠᠯᠠᠪᠠᠢ ᠶᠢᠨ ᠳᠡᠯᠭᠡᠨ ᠦᠵᠡᠭᠦᠯᠬᠦ ᠰᠠᠮᠪᠠᠷ᠎ᠠ ᠠᠴᠠ ᠴᠢᠭᠡᠴᠢ ᠵᠠᠰᠠᠭ ᠤᠨ ᠰᠣᠶᠣᠯ ᠢ ᠨᠠᠷᠢᠨ ᠤᠶᠢᠯᠠᠭᠠᠵᠠᠢ᠃ ᠠᠬᠠᠮᠠᠳ ᠲᠣᠰᠬᠤᠨ ᠤ ᠳᠠᠷᠤᠭ᠎ᠠ ᠶᠢᠨ ᠦᠯᠢᠭᠡᠷ ᠤᠨ ᠭᠠᠵᠠᠷ ᠲᠤ ᠣᠯᠠᠨ ᠢᠶᠠᠷ ᠢᠶᠠᠨ ᠠᠬᠠᠮᠠᠳ ᠲᠣᠰᠬᠤᠨ ᠳᠠᠷᠤᠭ᠎ᠠ ᠲᠠᠢ ᠬᠠᠮᠲᠤ  ᠬᠤᠪᠢᠰᠬᠠᠯ ᠤᠨ ᠳᠠᠭᠤᠤ ᠳᠠᠭᠤᠯᠠᠵᠤ ᠠᠬᠠᠮᠠᠳ ᠲᠤᠰᠬᠤᠨ ᠳᠠᠷᠤᠭ᠎ᠠ ᠶᠢᠨ ᠢᠯᠠᠯᠳᠠ ᠲᠣᠰᠬᠤᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ 56 ᠵᠢᠯ ᠤᠨ ᠲᠤᠷᠰᠢᠬᠢ ᠦᠯᠢᠭᠡᠷ ᠢ ᠰᠤᠨᠤᠰᠤᠨ ᠲᠣᠰᠬᠤᠨ ᠤ ᠭᠥᠭᠵᠢᠯᠳᠠ ᠬᠤᠪᠢᠷᠠᠯᠲᠠ ᠶᠢ  ᠤᠯᠵᠤ ᠬᠠᠷᠠᠭᠰᠠᠨ ᠪᠠᠶᠢᠨ᠎ᠠ᠃ ︽ᠰᠦᠯᠵᠢᠶᠡᠨ ᠤ ᠰᠢᠭᠤᠳ ᠨᠡᠪᠲᠡᠷᠡᠭᠦᠯᠭᠡ︾ ᠠᠴᠠ ᠬᠡᠷᠡᠭᠯᠡᠭᠡ ᠶᠢ ᠡᠭᠦᠳᠬᠦ ᠰᠢᠨ᠎ᠡ ᠬᠡᠪ ᠵᠠᠭᠪᠤᠷ ᠤᠨ ᠲᠤᠬᠠᠢ ᠪᠠ ᠰᠦᠯᠵᠢᠶᠡᠨ ᠤᠳᠤᠳ ᠤᠨ ᠰᠢᠭᠤᠳ ᠨᠡᠪᠲᠡᠷᠡᠭᠦᠯᠭᠡ ᠶᠢᠨ ᠷᠢᠳᠢ ᠰᠢᠳᠢ ᠶᠢ ᠤᠶᠢᠯᠠᠭᠠᠵᠠᠢ᠃  ᠲᠤᠭᠤᠷᠢᠨ ᠦᠵᠡᠵᠤ ᠰᠤᠨᠢᠷᠬᠠᠬᠤ ᠪᠠᠷ ᠳᠠᠮᠵᠢᠨ ᠰᠤᠷᠪᠤᠯᠵᠢᠯᠠᠭᠴᠢᠳ ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠮᠠᠳᠠᠷᠠᠨ ᠬᠤᠶᠢᠰᠢᠳᠠ ᠶᠢᠨ ᠠᠵᠢᠯ ᠤᠨ ᠳᠤᠮᠳᠠ ︽ᠳᠥᠷᠪᠡᠨ  ᠴᠢᠲᠠᠪᠤᠷᠢ︾  ᠪᠠᠨ ᠦᠢᠯᠡᠳᠦᠯᠭᠡᠵᠢᠭᠦᠯᠵᠤ ᠥᠥᠰᠢᠨ ᠤ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠲᠡᠮᠳᠡᠭᠯᠡᠨ ᠥᠥᠰᠢᠨ ᠠᠷᠠᠳ ᠲᠦᠮᠡᠨ ᠤ ᠤᠭ ᠰᠠᠨᠠᠭ᠎ᠠ ᠪᠠᠨ ᠦᠯᠦ ᠮᠠᠷᠳᠠᠨ ᠡᠷᠡᠮᠡᠬᠡᠶᠢᠯᠡᠨ ᠤᠷᠤᠭᠰᠢᠯᠠᠵᠤ ᠠᠭᠤᠤ ᠶᠡᠭᠡ ᠲᠤᠮᠳᠠᠳᠤ ᠶᠢᠨ  ᠭᠥᠰᠡᠯ ᠵᠠᠭᠦᠳᠤ ᠶᠢ ᠬᠠᠮᠲᠤᠪᠠᠷ ᠲᠡᠷᠭᠡᠯᠰᠢᠭᠦᠯᠬᠦ ᠦᠢᠯᠡᠳᠦᠯᠭᠡ ᠶᠢ ᠶᠠᠷᠢᠵᠤ ᠤᠬᠠᠭᠤᠯᠤᠨ᠎ᠠ ᠭᠡᠵᠤ ᠢᠯᠠᠷᠭᠡᠶᠢᠯᠡᠭᠰᠠᠨ ᠪᠠᠶᠢᠨ᠎ᠠ᠃
     ᠠᠵᠢᠯᠯᠠᠭᠠᠨ ᠲᠡᠭᠡᠷ᠎ᠡ᠂ 21 ᠳᠠᠬᠢ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠵᠢᠴᠢ 2020 ᠣᠨ ᠤ ᠪᠥᠬᠦ ᠬᠤᠰᠢᠭᠤᠨ ᠤ ᠰᠤᠨᠢᠨ ᠮᠡᠳᠡᠭᠡᠨ ᠤ ᠰᠢᠯᠢᠳᠡᠭ ᠠᠵᠢᠯᠲᠠᠨ᠂ ᠦᠤᠰᠢᠨ ᠰᠢᠯᠢᠳᠡᠭ ᠰᠣᠨᠢᠨ ᠮᠡᠳᠡᠭᠡ ᠶᠢ ᠱᠠᠩᠨᠠᠨ ᠭᠥᠭᠢᠭᠦᠯᠭᠦ ᠬᠤᠷᠠᠯ ᠬᠤᠷᠠᠯᠳᠤᠭᠤᠯᠵᠤ 2020 ᠣᠨ ᠤ ᠪᠥᠬᠦ ᠬᠤᠰᠢᠭᠤᠨ ᠤ ᠰᠣᠨᠢᠨ ᠮᠡᠳᠡᠭᠡᠨ ᠤ ᠰᠢᠯᠢᠳᠡᠭ ᠠᠵᠢᠯᠲᠠᠨ᠂ ᠴᠢᠮᠡᠭᠡᠯᠡᠭᠴᠢ᠂ ᠰᠦᠯᠵᠢᠶᠡᠨ ᠤ ᠭᠢᠨᠠᠨ ᠰᠢᠭᠦᠮᠵᠢᠯᠡᠭᠴᠢ ᠪᠠ ᠦᠤᠰᠢᠨ ᠰᠢᠯᠢᠳᠡᠭ ᠰᠣᠨᠢᠨ ᠮᠡᠳᠡᠭᠡ ᠵᠡᠷᠭᠡ  ᠶᠢ ᠱᠠᠩᠨᠠᠨ ᠭᠥᠭᠢᠭᠦᠯᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ  ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠳᠠᠯᠠᠨ ︽ᠳᠥᠷᠪᠡᠨ ᠤᠬᠠᠮᠰᠠᠷ︾ ᠢ ᠴᠢᠩᠭᠠᠳᠬᠠᠵᠤ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ 48 ᠦᠰᠦᠭ ᠤᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ ᠨᠠᠮ ᠤᠨ ᠰᠢᠨ᠎ᠡ ᠶᠢ ᠡᠭᠦᠳᠬᠦ ᠤᠨᠤᠯ ᠢ ᠠᠷᠠᠳ ᠲᠥᠮᠡᠨ ᠤ ᠲᠤᠮᠳᠠ ᠬᠦᠷᠭᠡᠵᠤ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠵᠢᠮ᠎ᠡ ᠶᠣᠰᠣ ᠶᠢ ᠬᠦᠨᠳᠤᠳᠬᠡᠨ ᠰᠦᠯᠵᠢᠶᠡᠨ ᠤ ᠵᠠᠭᠤᠴᠢᠯᠠᠭᠤᠷ ᠤᠨ ᠪᠠᠶᠢᠭᠤᠯᠤᠯᠲᠠ ᠶᠢ ᠠᠳᠬᠤᠵᠤ ᠰᠤᠨᠢᠨ ᠮᠡᠳᠡᠭᠡᠨ ᠤ ᠪᠦᠲᠦᠭᠡᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠠᠭᠦᠯᠭᠦ ᠭᠡᠷᠡᠭᠳᠠᠢ᠃ ᠣᠨᠣᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠣᠨ ︽ᠳᠥᠷᠪᠡᠨ ᠴᠢᠳᠠᠪᠤᠷᠢ︾  ᠪᠠᠨ ᠴᠢᠷᠮᠠᠶᠢᠨ ᠦᠢᠯᠡᠳᠦᠯᠭᠡᠵᠢᠭᠦᠯᠵᠦ ᠦᠨᠡᠨ ᠢ ᠪᠠᠷᠢᠮᠲᠠᠯᠠᠨ ᠰᠢᠨ᠎ᠡ ᠶᠢ ᠡᠭᠦᠳᠴᠦ ᠦᠨᠳᠦᠰᠦᠨ ᠱᠠᠲᠤᠨ ᠳᠤ ᠭᠦᠨᠵᠡᠭᠡᠶᠢᠷᠡᠨ ᠨᠠᠩ ᠣᠯᠠᠨ ᠰᠢᠯᠢᠳᠡᠭ ᠰᠣᠨᠢᠨ ᠮᠡᠳᠡᠭᠡ᠂ ᠰᠢᠯᠢᠳᠡᠭ ᠪᠦᠲᠦᠭᠡᠯ ᠭᠠᠷᠭᠠᠵᠤ ᠦᠤᠰᠢᠨ ᠤ ᠦᠯᠢᠭᠡᠷ ᠢ ᠰᠠᠶᠢᠨ ᠶᠠᠷᠢᠨ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠥᠵᠠᠭᠦᠯᠭᠦ ᠭᠡᠷᠡᠭᠳᠠᠢ ᠭᠡᠵᠡᠢ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号