ᠭᠦᠳᠡᠯᠮᠦᠷᠢ ᠴᠢᠷᠮᠠᠶᠢᠯᠭ᠎ᠠ ᠪᠠᠷ ᠢᠶᠠᠨ ᠦᠭᠡᠳᠡᠯᠡᠵᠤ ᠶᠠᠪᠤᠭ᠎ᠠ ᠭᠤᠸᠠᠨ ᠵᠢᠶᠡᠨ ᠵᠢᠶᠦ᠋ᠨ
ᠨᠡᠶᠢᠲᠡᠯᠡᠭᠰᠡᠨ ᠴᠠᠭ᠄
2020/11/11
    ︽ᠴᠢᠷᠮᠠᠶᠢᠯᠭ᠎ᠠ ᠬᠦᠮᠦᠨ ᠢ ᠭᠤᠮᠣᠳᠠᠭᠠᠬᠤ ᠦᠭᠡᠢ︾ ᠭᠡᠳᠡᠭᠴᠢᠯᠡᠨ᠂ ᠭᠤᠸᠠᠨ ᠵᠢᠶᠠᠨ ᠵᠢᠶᠦ᠋ᠨ ᠭᠡᠷᠭᠡᠢ ᠲᠠᠢ ᠪᠠᠨ ᠬᠠᠮᠲᠣ ᠰᠢᠷᠭᠠᠭᠤ ᠬᠦᠳᠡᠯᠮᠦᠷᠢᠯᠡᠨ ᠠᠷᠪᠢᠯᠠᠨ ᠭᠠᠮᠨᠠᠵᠤ᠂ ᠠᠵᠢᠯᠴᠢ ᠪᠣᠷᠣᠭᠵᠢᠭᠤᠨ ᠢᠶᠠᠷ ᠠᠮᠢᠳᠣᠷᠠᠯ ᠢᠶᠠᠨ ᠴᠣᠭᠴᠠᠯᠠᠭᠰᠠᠨ ᠤ ᠬᠠᠷᠢᠭᠤ ᠳᠤ ᠬᠡᠳᠦᠬᠡᠨ ᠵᠢᠯ ᠤᠨ ᠲᠣᠲᠣᠷ᠎ᠠ ᠶᠠᠳᠠᠭᠤ ᠠᠴᠠ ᠠᠩᠭᠢᠵᠢᠷᠠᠨ᠂ ᠴᠢᠨᠡᠭᠡᠯᠢᠭ ᠰᠠᠶᠢᠬᠠᠨ ᠠᠮᠢᠳᠣᠷᠠᠯ ᠲᠠᠢ ᠰᠢᠨ᠎ᠡ ᠲᠠᠷᠢᠶᠠᠴᠢᠨ ᠤ ᠡᠩᠨᠡᠭᠡᠨ ᠳᠤ ᠢᠳᠡᠷᠡᠭᠦᠨ ᠠᠯᠬᠤᠨ᠎ᠠ᠃ ᠭᠤᠸᠠᠨ ᠵᠢᠶᠠᠨ ᠵᠢᠶᠦ᠋ᠨ ᠪᠣᠯ ᠦᠤᠰᠢᠨ ᠬᠤᠰᠢᠭᠤᠨ ᠤ ᠲᠤᠭ ᠪᠠᠯᠭᠠᠰᠣᠨ ᠤ ᠲᠣᠭᠤᠯᠳᠠᠢ ᠭᠠᠴᠠᠭᠠᠨ ᠤ ᠵᠢᠷ ᠤᠨ ᠨᠢᠭᠡᠨ ᠲᠠᠷᠢᠶᠠᠴᠢᠨ ᠶᠤᠮ᠃ ᠰᠤᠷᠪᠤᠯᠵᠢᠯᠠᠭᠴᠢ ᠲᠠᠳᠡᠨ ᠤ ᠬᠢᠨ ᠤ ᠳᠤ ᠬᠦᠷᠬᠦ ᠳᠤ᠂ ᠬᠤᠭᠤᠯᠠᠨ ᠭᠡᠷ ᠲᠤᠨᠢ ᠵᠤᠴᠢᠳ ᠢᠶᠠᠷ ᠳᠦᠭᠦᠷᠴᠤ ᠠᠷᠠᠯᠵᠢᠶ᠎ᠠ ᠮᠠᠶᠢᠮᠠᠢ ᠬᠦᠷ ᠨᠠᠷᠭᠢᠶᠠᠨ ᠲᠠᠢ ᠶᠠᠪᠤᠭᠳᠠᠵᠤ ᠪᠠᠶᠢᠪᠠ᠃     ︽ᠭᠠᠢ ᠭᠠᠵᠠᠷ ᠲᠣᠣᠷ᠎ᠠ ᠠᠴᠠ︾ ᠭᠡᠳᠡᠭᠴᠢᠯᠡᠨ ᠡᠮᠦᠨ᠎ᠡ ᠬᠡᠳᠦᠨ ᠵᠢᠯ ᠭᠤᠸᠠᠨ ᠵᠢᠶᠠᠨ ᠵᠢᠶᠦ᠋ᠨ ᠢ ᠶᠠᠭ ᠠᠳᠠᠯ ᠦᠢᠯᠡᠰ ᠢᠶᠠᠨ ᠪᠣᠰᠬᠠᠵᠤ᠂ ᠠᠶᠢᠯ ᠭᠡᠷ ᠢᠶᠠᠨ ᠴᠣᠭᠴᠠᠯᠠᠵᠤ ᠶᠠᠪᠣᠵᠣ ᠪᠠᠶᠢᠳᠠᠯ᠎ᠠ ᠰᠢᠭᠡᠰᠦᠨ ᠬᠤᠣᠷᠳᠠᠯᠭ᠎ᠠ ᠶᠢᠨ ᠭᠡᠮ ᠳᠤ ᠠᠵᠠ ᠪᠤᠰᠤ ᠪᠠᠷ ᠨᠡᠷᠪᠡᠭᠳᠡᠵᠦ᠂ ᠶᠡᠭᠡ ᠬᠡᠮᠵᠢᠶᠡᠨ ᠤ ᠡᠮᠨᠡᠯᠭᠡ ᠶᠢᠨ ᠰᠦᠢᠳᠬᠡᠯ ᠵᠠᠷᠣᠴᠠᠭᠤᠯᠤᠭᠰᠠᠨ ᠪᠠ ᠬᠦᠳᠡᠯᠮᠦᠷᠢ ᠬᠦᠴᠦ ᠳᠣᠲᠠᠭᠳᠠᠭᠰᠠᠨ ᠵᠡᠷᠭᠡ ᠠᠴᠠ ᠪᠣᠯᠵᠤ᠂ ᠠᠮᠢᠳᠣᠷᠠᠯ ᠨᠢ ᠲᠦᠢᠯ ᠢᠶᠠᠷ ᠬᠦᠴᠢᠷᠳᠡᠵᠡᠢ᠃ 2016 ᠣᠨ ᠳᠤ ᠪᠠᠯᠭᠠᠰᠣᠨ ᠤ ᠵᠠᠰᠠᠭ ᠤᠨ ᠣᠷᠳᠣᠨ ᠪᠠ ᠭᠠᠴᠠᠭ᠎ᠠ ᠵᠥᠪᠯᠡᠯ ᠲᠡᠭᠦᠨ ᠤ ᠡᠶᠢᠮᠦᠷᠭᠦᠦ ᠬᠦᠴᠢᠷᠳᠡᠯᠳᠡᠢ ᠪᠠᠶᠢᠳᠠᠯ ᠢ ᠤᠶᠢᠯᠠᠭᠠᠵᠤ ᠮᠡᠳᠡᠭᠡᠳ ᠳᠠᠷᠣᠢ ᠳᠤᠨᠢ ᠳᠠᠩᠰᠠ ᠺᠠᠷᠲ ᠪᠠᠶᠢᠭᠤᠯᠤᠬᠰᠡᠨ ᠶᠠᠳᠠᠭᠤ ᠭᠦᠴᠢᠷᠳᠡᠯᠳᠡᠢ ᠡᠷᠦᠭᠡ ᠪᠠᠷ ᠲᠤᠬᠳᠠᠭᠠᠵᠤ᠂ ᠤᠯᠡᠨ ᠲᠡᠯ᠎ᠡ ᠪᠠᠷ ᠬᠠᠪᠰᠣᠷᠣᠯᠭ᠎ᠠ ᠳᠡᠮᠵᠢᠯᠭᠡ ᠦᠵᠡᠭᠦᠯᠪᠡ᠃ ᠬᠡᠳᠦ᠋ᠢᠪᠡᠷ ᠡᠪᠡᠳᠴᠢᠨ ᠤ ᠬᠠᠯᠠ ᠲᠠᠮᠣᠯᠠᠯ ᠢ ᠠᠮᠰᠠᠵᠤ᠂ ᠠᠮᠢᠳᠣᠷᠠᠯ ᠬᠦᠴᠢᠷᠳᠡᠯᠲᠡᠢ ᠪᠠᠶᠢᠭᠰᠠᠨ ᠴᠤ ᠭᠠᠯ ᠵᠠᠯᠠᠭᠤ ᠨᠠᠰᠣᠨ ᠤ ᠪᠠᠨ ᠢᠳᠡ ᠬᠦᠴᠦᠨ ᠳᠡᠭᠡᠷ᠎ᠡ ᠪᠠᠶᠢᠭ᠎ᠠ ᠭᠤᠸᠠᠨ ᠵᠢᠶᠠᠨ ᠵᠢᠶᠦ᠋ᠨ ᠬᠤᠶᠢᠷᠭᠤᠰᠢᠵᠤ ᠭᠤᠮᠤᠷᠬᠠᠵᠤ ᠰᠠᠭᠤᠭᠰᠠᠨ ᠦᠭᠡᠢ᠂ ᠬᠠᠷᠢᠨ ᠪᠠᠯᠭᠠᠰᠣᠨ ᠤ ᠵᠠᠰᠠᠭ ᠤᠨ ᠣᠷᠳᠣᠨ᠂ ︽3+1︾ ᠬᠠᠪᠰᠣᠷᠤᠨ ᠳᠡᠳᠬᠦᠬᠦ ᠨᠢᠭᠡᠴᠢ ᠶᠢᠨ ᠳᠡᠮᠵᠢᠯᠭᠡ ᠪᠠ ᠦᠪᠡᠷ ᠢᠶᠠᠨ ᠮᠦᠩᠭᠦ ᠵᠤᠭᠤᠰ ᠬᠤᠷᠠᠮᠳᠣᠭᠤᠯᠣᠨ 100 ᠭᠠᠷᠣᠢ ᠳᠠᠬᠢᠶ᠎ᠠ ᠬᠤᠳᠠᠯᠳᠣᠨ ᠠᠪᠴᠤ᠂ ᠬᠦᠳᠡᠭᠡ ᠲᠤᠰᠬᠤᠨ ᠤ ᠵᠣᠭᠠᠴᠠᠯ ᠤᠨ ᠲᠠᠬᠢᠶᠠᠨ ᠮᠢᠬᠠᠨ ᠤ ᠬᠤᠭᠤᠯᠠᠨ ᠭᠡᠷ ᠭᠠᠷᠭᠠᠪᠠ᠃ ᠦᠪᠡᠷ ᠢᠶᠠᠨ ᠲᠡᠵᠢᠭᠡᠭᠰᠡᠨ ᠳᠠᠬᠢᠶ᠎ᠠ᠂ ᠬᠦᠳᠡᠭᠡ ᠠᠶᠢᠯ ᠤᠨ ᠴᠢᠨᠠᠯᠠᠭ᠎ᠠ᠂ ᠬᠠᠯᠠᠭᠤᠮᠰᠤᠭ ᠣᠪᠣᠷ ᠢᠶᠠᠷ ᠵᠣᠴᠢᠳ ᠤᠨ ᠲᠠᠭᠠᠰᠢᠶᠠᠯ ᠢ ᠳᠠᠳᠠᠵᠤ᠂ ᠬᠤᠭᠤᠯᠠᠨ ᠭᠡᠷ ᠨᠡᠭᠡᠭᠡᠭᠰᠡᠨ ᠲᠥᠷᠥᠭᠦᠥ ᠭᠤᠷᠪᠠᠨ ᠰᠠᠷ᠎ᠠ ᠳᠠᠭᠠᠨ 3 ᠲᠦᠮᠡᠨ ᠲᠦᠭᠦᠷᠢᠭ ᠤᠨ ᠴᠡᠪᠡᠷ ᠤᠷᠤᠯᠭ᠎ᠠ ᠣᠯᠪᠠ᠃ ︽ᠬᠠᠷᠢᠭᠤ ᠲᠠᠢ ᠪᠤᠯ ᠪᠢᠷᠠᠭᠤ ᠲᠠᠢ︾ ᠭᠡᠮᠡᠨ ᠪᠠᠲᠤ ᠢᠳᠡᠭᠡᠵᠤ ᠶᠠᠪᠣᠳᠠᠭ ᠭᠤᠸᠠᠨ ᠵᠢᠶᠠᠨ ᠵᠢᠶᠦ᠋ᠨ ᠪᠦᠰᠡᠭᠦᠢ ᠲᠠᠢ ᠪᠠᠨ ᠰᠠᠨᠠᠯ ᠪᠣᠳᠣᠯ ᠢᠶᠠᠨ ᠨᠢᠭᠡᠳᠬᠡᠨ᠂ ᠤᠶᠤᠨ ᠬᠦᠳᠡᠯᠮᠦᠷᠢ ᠪᠠᠨ ᠵᠠᠷᠤᠴᠠᠭᠤᠯᠵᠣ ᠢᠷᠡᠭᠰᠡᠨ ᠢᠶᠠᠷ ᠣᠳᠣ ᠡᠳᠡᠨ ᠤ ᠬᠢᠨ 300 ᠭᠠᠷᠣᠢ ᠳᠠᠬᠢᠶ᠎ᠠ ᠲᠡᠵᠢᠭᠡᠵᠦ᠂ ᠴᠡᠪᠡᠷ ᠳᠤᠬᠢᠯᠢᠭ ᠣᠷᠣᠨ ᠰᠠᠭᠤᠴᠠ᠂ ᠰᠢᠨ᠎ᠡ ᠮᠠᠰᠢᠨ ᠲᠡᠷᠭᠡ᠂ ᠰᠢᠨ᠎ᠡ ᠪᠠᠷ ᠪᠠᠷᠢᠭᠰᠠᠨ ᠬᠤᠭᠤᠯᠠᠨ ᠭᠡᠷ ᠲᠠᠢ ᠪᠤᠯᠵᠤ᠂ ᠵᠢᠯ ᠤᠨ ᠴᠡᠪᠡᠷ ᠣᠷᠣᠯᠭ᠎ᠠ 15 ᠲᠦᠮᠡᠨ ᠲᠦᠭᠦᠷᠢᠭ ᠢ ᠳᠠᠪᠠᠵᠤ᠂ ᠶᠠᠳᠠᠭᠤ ᠠᠴᠠ ᠠᠩᠭᠢᠵᠢᠷᠠᠨ ᠰᠢᠨ᠎ᠡ ᠲᠠᠷᠢᠶᠠᠴᠢᠨ ᠤ ᠣᠳᠣᠬᠢᠴᠢᠯᠠᠭᠰᠠᠨ ᠠᠮᠢᠳᠣᠷᠠᠯ ᠤᠨ ᠡᠩᠨᠡᠬᠡᠨ  ᠳᠤ ᠬᠤᠰᠢᠭᠤᠴᠢᠯᠠᠨ ᠶᠡᠪᠣᠨ᠎ᠠ᠃       ᠲᠡᠭᠡᠬᠦ ᠳᠤ ᠦᠪᠡᠷ ᠲᠡᠭᠡᠨ ᠴᠢᠨᠡᠭᠡᠯᠢᠭᠵᠢᠭᠰᠡᠨ ᠴᠤ ᠦᠷᠦᠭᠡᠯ ᠢᠶᠠᠨ ᠮᠠᠷᠳᠠᠳᠠᠭ ᠦᠭᠡᠢ ᠲᠡᠷᠡ ᠬᠦᠮᠦᠨ ᠠᠷᠠᠳ ᠢᠶᠠᠨ ᠬᠠᠮᠵᠢᠨ ᠳᠣᠰᠠᠯᠠᠵᠤ ᠶᠠᠪᠣᠭ᠎ᠠ ᠨᠢ ᠮᠦᠨ ᠴᠤ ᠪᠠᠭ᠋ᠠᠷᠤᠭᠤᠰᠢᠳᠠᠢ᠃ ᠭᠤᠸᠠᠨ ᠵᠢᠶᠠᠨ ᠵᠢᠶᠦ᠋ᠨ ᠤ ᠬᠤᠭᠤᠯᠠᠨ ᠭᠡᠷ ᠤᠨ ᠠᠷᠠᠯᠵᠢᠶ᠎ᠠ ᠮᠠᠶᠢᠮᠠᠢ ᠤᠯᠠᠮ ᠰᠠᠶᠢᠵᠢᠷᠠᠬᠤ ᠳᠣᠰᠤᠮ ᠡᠳᠡᠨ ᠤ ᠬᠢᠨ ᠤ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠪᠠᠨ ᠪᠤᠯᠢᠵᠤ᠂ ᠭᠠᠳᠠᠨ᠎ᠠ ᠠᠴᠠ ᠳᠠᠬᠢᠶᠠᠨ ᠮᠢᠬ᠎ᠠ ᠣᠷᠣᠭᠤᠯᠬᠤ ᠴᠢᠬᠤᠯᠠᠲᠠᠢ ᠪᠣᠯᠵᠠᠢ᠂ ᠡᠶᠢᠮᠦᠷᠭᠦᠦ ᠪᠠᠶᠢᠳᠠᠯ ᠳᠣᠣᠷ᠎ᠠ ᠭᠤᠸᠠᠨ ᠵᠢᠶᠠᠨ ᠵᠢᠶᠦ᠋ᠨ ᠭᠠᠴᠠᠭᠠᠨ ᠤ ᠣᠶᠢᠷ᠎ᠠ ᠵᠡᠷᠭᠡᠯᠡᠳᠡᠭᠡ ᠠᠶᠢᠯ ᠤᠨ ᠲᠠᠬᠢᠶ᠎ᠠ ᠶᠢ ᠪᠤᠷᠤᠯᠠᠭᠤᠯᠵᠤ ᠥᠭᠬᠦ ᠶᠢᠨ ᠲᠦᠯᠦᠭᠡ ᠳᠣᠰᠬᠠᠶᠢᠯᠠᠨ ᠲᠡᠳᠡᠨ ᠤ ᠳᠠᠬᠢᠶ᠎ᠠ ᠶᠢ ᠬᠤᠳᠠᠯᠳᠣᠨ ᠠᠪᠳᠠᠭ᠃ ᠲᠡᠷᠡ ᠳᠠᠬᠢᠶ᠎ᠠ ᠲᠡᠵᠢᠭᠡᠵᠦ ᠪᠠᠶᠢᠭ᠎ᠠ ᠠᠶᠢᠯ ᠳᠤ ᠲᠡᠵᠢᠭᠡᠨ ᠦᠷᠡᠵᠢᠭᠦᠯᠬᠦ ᠮᠡᠷᠭᠡᠵᠢᠯ ᠵᠢᠭᠠᠵᠤ ᠥᠭᠬᠦ ᠪᠠᠷ ᠪᠠᠷᠠᠬᠤ ᠦᠭᠡᠢ ︽ᠠᠪᠬᠤ ᠳᠤ ᠠᠯᠠᠭ᠎ᠠ ᠪᠠᠨ ᠳᠣᠰᠴᠤ᠂ ᠥᠭᠬᠦ ᠳᠤ ᠥᠷᠥᠴᠡ ᠪᠠᠨ ᠲᠠᠲᠠᠵᠤ︾ ᠶᠠᠭᠠᠬᠢᠵᠤ ᠪᠤᠯᠤᠨ᠎ᠠ ᠪᠤᠢ᠂ ᠨᠠᠮ ᠵᠠᠰᠠᠭ᠂ ᠭᠠᠴᠠᠭ᠎ᠠ ᠵᠦᠪᠯᠡᠯ ᠠᠴᠠ ᠪᠢᠳᠠᠨ ᠳᠤ ᠡᠶᠢᠮᠤ ᠶᠡᠭᠡ ᠳᠡᠮᠵᠢᠯᠭᠡ ᠳᠣᠰᠠᠯᠠᠮᠵᠢ ᠦᠵᠡᠭᠦᠯᠦᠨ᠂ ᠪᠠᠶᠠᠵᠢᠯ ᠤᠨ ᠵᠠᠮ ᠢᠶᠠᠷ ᠬᠦᠲᠦᠯᠵᠤ ᠪᠠᠶᠢᠭ᠎ᠠ ᠶᠢᠨ ᠬᠠᠷᠢᠭᠤ ᠳᠤ ᠪᠢᠳᠠ ᠭᠠᠷ ᠬᠤᠮᠢᠵᠤ ᠰᠠᠭᠤᠵᠤ ᠪᠣᠯᠬᠤ ᠦᠭᠡᠢ᠂ ᠬᠢᠪᠡᠰᠦ ᠵᠣᠬᠢᠬᠤ ᠠᠵᠢᠯ ᠢᠶᠠᠨ ᠬᠢᠪᠡᠯ ᠲᠠᠭᠠᠷᠠᠨ᠎ᠠ᠂ ᠪᠢᠳᠠᠨ ᠤ ᠠᠮᠢᠳᠣᠷᠠᠯ ᠰᠠᠶᠢᠵᠢᠷᠠᠭᠰᠠᠨ ᠳᠤᠷᠰᠢᠯᠭ᠎ᠠ ᠪᠠᠨ ᠳᠠᠶᠠᠭᠠᠷ ᠲᠤ ᠬᠤᠪᠢᠶᠠᠯᠴᠠᠵᠤ ᠬᠠᠮᠲᠣ ᠪᠠᠷ ᠪᠠᠶᠠᠵᠢᠯ ᠤᠨ ᠵᠠᠮ ᠳᠤ ᠣᠷᠣᠪᠡᠯ ᠲᠠᠭᠠᠷᠠᠨ᠎ᠠ ᠭᠡᠵᠦ ᠬᠡᠯᠡᠵᠦ ᠪᠠᠶᠢᠪᠠ᠃       ᠠᠮᠢᠳᠣᠷᠠᠯ ᠨᠢ ᠬᠡᠵᠢᠶᠡᠳᠡ ᠪᠠᠨ ᠴᠢᠷᠮᠠᠶᠢᠯᠭ᠎ᠠ ᠲᠠᠢ ᠲᠡᠷᠡ ᠨᠢᠭᠡᠨ ᠳᠡᠭᠡᠨ ᠠᠵᠠ ᠵᠢᠷᠭᠠᠯ ᠢ ᠣᠯᠭᠤᠳᠠᠭ ᠣᠴᠢᠷᠲᠠᠢ᠃ ᠪᠣᠰᠣᠳ ᠤᠨ ᠳᠡᠮᠵᠢᠯᠭᠡ ᠪᠠ ᠦᠪᠡᠷ ᠤᠨ ᠴᠢᠷᠮᠠᠶᠢᠯᠭ᠎ᠠ ᠪᠠᠷ ᠦᠭᠡᠳᠡᠷᠭᠡᠭ ᠶᠠᠪᠣᠭ᠎ᠠ ᠭᠤᠸᠠᠨ ᠵᠢᠶᠠᠨ ᠵᠢᠶᠦ᠋ᠨ ᠬᠤᠶᠢᠰᠢᠳᠠ ᠬᠤᠭᠤᠯᠠᠨ ᠭᠡᠷ ᠤᠨ ᠮᠠᠶᠢᠮᠠᠢ ᠪᠠᠨ ᠨᠡᠩ ᠰᠠᠶᠢᠨ ᠡᠵᠡᠩᠨᠡᠬᠦ ᠶᠢᠨ ᠳᠠᠭᠠᠤ ᠲᠠᠬᠢᠶ᠎ᠠ ᠲᠡᠵᠢᠭᠡᠬᠦ ᠲᠠᠯᠠᠪᠠᠢ ᠪᠠᠨ ᠦᠷᠭᠡᠳᠬᠡᠵᠦ᠂ ᠴᠢᠨᠠᠷ ᠰᠠᠶᠢᠨ ᠨᠤᠳᠤᠭ ᠤᠨ ᠳᠠᠬᠢᠶᠠᠨ ᠮᠢᠬᠠᠨ ᠤ ᠨᠡᠷᠡᠳᠤ ᠲᠡᠮᠳᠡᠭᠳᠦ ᠶᠢ ᠡᠭᠦᠳᠬᠦ ᠭᠡᠮᠡᠨ ᠬᠠᠷᠠᠯᠲᠠ ᠵᠣᠷᠢᠯᠲᠠ ᠲᠣᠳᠣᠷᠠᠬᠠᠢ ᠶᠠᠪᠤᠨ᠎ᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号