ᠨᠡᠶᠢᠲᠡ ᠶᠢᠨ ᠦᠮᠴᠢᠯᠡᠯᠲᠣ ᠠᠵᠤ ᠠᠬᠤᠢ ᠭᠡᠰᠢᠭᠦᠳ ᠢᠶᠠᠨ ᠳᠡᠶᠢᠴᠢᠯᠠᠨ ᠪᠠᠶᠠᠵᠢᠭᠤᠯᠵᠤ ᠪᠡᠶᠢᠨ᠎ᠠ
ᠨᠡᠶᠢᠲᠡᠯᠡᠭᠰᠡᠨ ᠴᠠᠭ᠄
2020/11/2
     ᠰᠦᠯᠳᠡ ᠰᠤᠮᠤᠨ ᠤ ᠲᠣᠭᠤᠷᠢᠮ ᠭᠠᠴᠠᠭᠠᠨ ᠳᠤ ᠪᠠᠶᠢᠭ᠎ᠠ ᠨᠠᠷᠠᠨ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠠᠩᠬᠠᠨ ᠤ ᠠᠰᠢᠭ ᠬᠤᠪᠢᠶᠠᠷᠢᠯᠠᠯᠲᠠ ᠪᠠᠨ ᠬᠢᠵᠦ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ᠂ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠳᠤ ᠪᠠᠰᠠ ᠨᠢᠭᠡᠨ ᠪᠠᠲᠤᠯᠠᠭ᠎ᠠ ᠪᠣᠯᠵᠤ ᠡᠬᠢᠯᠡᠯ᠎ᠡ᠃      ᠤᠷᠴᠢᠮᠬᠠᠨ ᠰᠦᠯᠳᠡ ᠰᠤᠮᠤᠨ ᠤ ᠲᠣᠭᠤᠷᠢᠮ ᠭᠠᠴᠠᠭᠠᠨ ᠤ ᠶᠠᠳᠠᠭᠤ ᠠᠴᠠ ᠠᠩᠭᠢᠵᠢᠷᠠᠭᠰᠠᠨ 7 ᠡᠷᠦᠬᠡ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠪᠣᠯᠬᠤ ᠨᠠᠷᠠᠨ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠠᠰᠢᠭ ᠢ ᠬᠦᠷᠲᠡᠵᠦ ᠡᠷᠦᠬᠡ ᠪᠣᠯᠭᠠᠨ 4000 ᠲᠥᠭᠦᠷᠢᠭ ᠣᠯᠣᠭᠠᠳ ᠮᠠᠩᠨᠠᠢ ᠲᠡᠨᠡᠶᠢᠨ ᠪᠠᠶᠠᠷᠯᠠᠯ᠎ᠠ᠃      ᠰᠦᠯᠳᠡ ᠰᠤᠮᠤᠨ ᠤ ᠲᠣᠭᠤᠷᠢᠮ᠂ ᠲᠦᠩᠽᠢ ᠵᠡᠷᠭᠡ ᠳᠥᠷᠪᠡᠨ ᠭᠠᠴᠠᠭ᠎ᠠ 2018 ᠣᠨ ᠳᠤ 208 ᠮᠦ ᠭᠠᠵᠠᠷ ᠰᠢᠷᠣᠢ ᠪᠠ 200 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ ᠬᠤᠪᠢ ᠣᠷᠣᠭᠤᠯᠣᠭᠰᠨ ᠠᠵᠤ ᠠᠬᠤᠶᠢᠯᠠᠯ ᠲᠠᠢ ᠬᠠᠮᠲᠤᠷᠠᠨ ᠲᠤᠰ ᠨᠠᠷᠠᠨ ᠭᠡᠷᠡᠯ ᠢᠶᠠᠷ ᠴᠠᠬᠢᠯᠭᠠᠨ ᠭᠠᠷᠭᠠᠬᠤ ᠥᠷᠲᠡᠭᠡ ᠶᠢ ᠡᠬᠢᠯᠡᠨ ᠪᠠᠶᠢᠭᠤᠯᠵᠤ 2019 ᠣᠨ ᠳᠤ ᠬᠡᠷᠡᠭᠯᠡᠯᠲᠡ ᠳᠤ ᠤᠷᠤᠭᠤᠯᠵᠠᠢ᠃ ᠡᠭᠦᠨ ᠳᠤ ᠠᠵᠤ ᠠᠬᠤᠶᠢᠯᠠᠯ ᠠᠴᠠ ᠴᠠᠬᠢᠯᠭᠠᠨ ᠭᠠᠷᠭᠠᠬᠤ ᠥᠷᠲᠡᠭᠡᠨ ᠤ ᠪᠦᠬᠦᠶᠢᠯᠡ ᠠᠵᠢᠯ ᠢ ᠬᠠᠷᠢᠭᠤᠴᠠᠨ ᠬᠢᠵᠦ 25 ᠵᠢᠯ ᠤᠨ ᠳᠣᠲᠣᠷ᠎ᠠ ᠵᠢᠯ ᠪᠦᠷᠢ ᠳᠥᠷᠪᠡᠨ ᠭᠠᠴᠠᠭᠠᠨ ᠳᠤ ᠨᠡᠶᠢᠲᠡ 56 ᠲᠦᠮᠡᠨ ᠲᠥᠭᠦᠷᠢᠭ ᠤᠨ ᠠᠰᠢᠭ ᠬᠤᠪᠢᠶᠠᠵᠤ ᠳᠥᠷᠪᠡᠨ ᠭᠠᠴᠠᠭ᠎ᠠ ᠠᠴᠠ ᠬᠤᠪᠢ ᠣᠷᠣᠭᠤᠯᠤᠭᠰᠠᠨ ᠬᠠᠷᠢᠴᠠᠯ ᠢᠶᠠᠷ ᠲᠠᠬᠢᠨ ᠬᠤᠪᠢᠶᠠᠬᠤ ᠪᠣᠯᠣᠨ᠎ᠠ᠃ ᠡᠨᠡ ᠤᠳᠠᠭ᠎ᠠ ᠲᠣᠭᠤᠷᠢᠮ ᠭᠠᠴᠠᠭ᠎ᠠ 32 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠯᠲᠠ ᠣᠯᠵᠤ ᠮᠠᠯᠴᠢᠨ ᠲᠠᠷᠢᠶᠠᠴᠢᠳ ᠤᠨ ᠠᠮᠢᠳᠤᠷᠠᠯ ᠤᠨ ᠲᠦᠪᠰᠢᠨ ᠤ ᠳᠡᠭᠡᠭᠰᠢᠯᠡᠯᠲᠡ᠂ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠳᠤ ᠬᠡᠷᠡᠭᠯᠡᠬᠦ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号