ᠪᠥᠬᠦ ᠬᠤᠰᠢᠭᠤᠨ ᠤ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠳᠥᠷᠪᠡᠳᠦᠭᠡᠷ ᠤᠳᠠᠭᠠᠨ ᠤ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 20᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠥᠬᠦ ᠬᠤᠰᠢᠭᠤᠨ ᠤ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠳᠥᠷᠪᠡᠳᠦᠭᠡᠷ ᠤᠳᠠᠭᠠᠨ ᠤ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠪᠦᠬᠦ ᠬᠤᠰᠢᠭᠤᠨ ᠤ ᠭᠡᠷ ᠲᠤ ᠎ ᠪᠠᠨ ᠪᠠᠶᠢᠭ᠎ᠠ ᠰᠢᠶᠠᠨ ᠤ ᠲᠠᠰ ᠤᠨ ᠪᠦᠬᠦ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠵᠢᠴᠢ ᠬᠤᠰᠢᠭᠤᠨ ᠤ ᠶᠠᠳᠠᠭᠤ ᠶᠢ ᠳᠡᠳᠬᠦᠬᠦ ᠨᠡᠭᠡᠭᠡᠯᠲᠡ ᠶᠢᠨ ᠶᠡᠷᠦᠩᠬᠡᠶᠢᠯᠡᠭᠰᠡᠨ ᠥᠢᠯᠡᠴᠢᠯᠡᠭᠡᠨ ᠤ ᠲᠥᠪ᠂ ᠳᠠᠭᠠᠭᠠᠴᠢᠯᠠᠨ ᠬᠠᠷᠢᠯᠴᠠᠬᠤ ᠠᠯᠪᠠᠨ ᠬᠡᠷ ᠤᠨ ᠪᠥᠬᠦ ᠬᠡᠰᠢᠬᠦᠨ ᠬᠤᠷᠠᠯ ᠳᠤ ᠤᠷᠤᠯᠴᠠᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠭᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠠᠭᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠨᠡ ᠵᠢᠯ ᠤᠨ ᠬᠢᠨᠠᠨ ᠰᠢᠯᠭᠠᠯᠲᠠ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠤᠳᠠᠭᠠᠨ ᠤ ︽ᠣᠨ ᠤ ᠬᠢᠨᠠᠨ ᠰᠢᠯᠭᠠᠯᠲᠠ︾ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠰᠢᠯᠭᠠᠯᠲᠠ ᠦᠨᠡᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠥᠢᠴᠡᠳ ᠲᠠᠨᠢᠵᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠦᠬᠡᠲᠦ ᠡᠭᠦᠷᠭᠡ ᠶᠢ ᠲᠡᠭᠦᠰ ᠠᠮᠵᠢᠯᠲᠠ ᠲᠠᠢ ᠪᠠᠶᠠᠯᠠᠭᠦᠯᠭᠦ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠶᠢᠴᠠᠭᠠᠨ ᠦᠵᠡᠬᠦ ᠶᠢ ᠰᠠᠶᠢᠳᠤᠷ ᠬᠢᠵᠦ ᠲᠣᠰᠬᠤᠨ᠂ ᠡᠷᠦᠬᠡ᠂ ᠬᠥᠮᠦᠨ ᠳᠠᠷᠠᠭᠠᠯᠠᠨ ᠠᠷᠭ᠎ᠠ ᠬᠡᠮᠵᠢᠶ᠎ᠡ ᠠᠪᠴᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠠᠭᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠠᠭᠦᠯᠭᠦ ᠭᠡᠷᠡᠭᠳᠠᠢ᠃ ᠠᠵᠤ ᠥᠢᠯᠡᠰ ᠢ ᠬᠦᠭᠵᠢᠬᠦᠯᠬᠦ ᠡᠷᠴᠢᠮ ᠢᠶᠠᠨ ᠴᠢᠩᠭᠠᠷᠠᠭᠤᠯᠵᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠠᠨ ᠨᠡᠮᠡᠭᠳᠡᠭᠦᠯᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠤᠯᠭᠠᠭᠤᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠰᠠᠶᠢᠨ ᠰᠠᠶᠢᠬᠠᠨ ᠨᠠᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠲᠥᠷᠤᠭᠦᠯᠠᠨ ᠰᠤᠮᠤ ᠪᠠᠯᠭᠠᠰᠤ ᠭᠠᠴᠠᠭ᠎ᠠ ᠲᠣᠰᠬᠤᠨ ᠳᠤ ᠭᠥᠨᠵᠡᠭᠡᠶᠢᠷᠠᠨ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ ᠬᠠᠷᠢᠭᠤ ᠲᠤᠰᠬᠠᠭᠰᠠᠨ ᠠᠰᠠᠭᠤᠳᠠᠯ ᠪᠠ ᠢᠯᠡᠷᠡᠭᠦᠯᠦᠭᠰᠡᠨ ᠠᠰᠠᠭᠤᠳᠠᠯ ᠢ ᠭᠦᠨᠵᠡᠭᠡᠶ ᠵᠠᠳᠠᠯᠵᠤ ᠲᠦᠢᠯᠪᠤᠷᠢᠲᠠᠶ ᠰᠢᠢᠳᠪᠤᠷᠢᠯᠠᠭᠦ ᠭᠡᠷᠡᠭᠳᠠᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号