ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠲᠡᠷᠢᠭᠦᠨ ᠤ ᠤᠶᠢᠯᠡ ᠠᠵᠢᠯᠯᠠᠭ᠎ᠠ ᠶᠢᠨ ᠲᠣᠭᠤᠷᠢᠨ ᠮᠡᠳᠡᠬᠦᠯᠦᠯᠳᠡ ᠶᠢᠨ ᠬᠤᠷᠠᠯ ᠬᠥᠬᠡᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 22᠎ ᠤᠨ ᠡᠳᠦᠷ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠤᠯᠳᠠ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠲᠣᠭᠤᠷᠢᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦ᠋ᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠡᠳᠡᠭᠦᠯᠦᠯᠲᠡ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠤ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠢ ᠵᠡᠷᠭᠡ ᠰᠢᠶᠠᠨ ᠤ ᠲᠠᠰ ᠤᠨ ᠤᠳᠤᠷᠢᠳᠤᠯᠭ᠎ᠠ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠬᠡᠯᠪᠡᠷᠢ ᠪᠠᠷ ᠬᠤᠷᠠᠯ ᠳᠤ ᠤᠷᠤᠯᠴᠠᠪᠠ᠃
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠮᠡᠳᠡᠭᠦᠯᠦᠯᠲᠡ ᠶᠢᠨ ᠪᠦᠯᠬᠦᠮ ᠤᠨ ᠳᠠᠷᠤᠭ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦ᠋ᠷᠢᠯᠳᠦᠬᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠲᠠᠷᠤᠭ᠎ᠠ ᠽᠸᠤ ᠰᠢᠶᠤᠤ ᠳ᠋ᠦᠩ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠪᠤᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠨᠡᠶᠢᠲᠡᠯᠢᠭ ᠵᠢᠱᠢᠶ᠎ᠡ ᠶᠢᠨ ᠬᠥᠲᠥᠯᠥᠨ ᠲᠠᠭᠠᠭᠤᠯᠬᠤ ᠦᠢᠯᠡᠳᠦᠯ ᠢ ᠪᠠᠳᠠᠷᠠᠭᠤᠯᠤᠨ ᠶᠠᠳᠠᠭᠤ ᠶᠢ ᠲᠡᠳᠬᠦᠬᠦ ᠺᠠᠳ᠋ᠷ ᠢ ᠬᠠᠯᠠᠮᠵᠢᠯᠠᠨ ᠬᠠᠶᠢᠷᠠᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠳᠡᠪᠬᠢ ᠬᠦᠴᠦᠨ ᠢ ᠬᠥᠭᠵᠢᠭᠡᠨ ᠰᠢᠪᠲᠤᠷᠭᠠᠨ ᠤ ᠠᠵᠢᠯ ᠤᠨ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃
     ᠮᠡᠳᠡᠭᠦᠯᠦᠯᠲᠡ ᠶᠢᠨ ᠪᠦᠯᠬᠦᠮ ᠤᠨ ᠪᠦᠷᠢᠯᠳᠦᠬᠦᠨ ᠯᠢᠶᠣᠤᠨᠢᠩ ᠮᠤᠵᠢ ᠶᠢᠨ ᠴᠤᠤᠶᠠᠩ ᠬᠤᠲᠠ ᠶᠢᠨ ᠵᠢᠶᠠᠨᠫᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠶᠠᠨᠫᠢᠩ ᠪᠠᠯᠭᠠᠰᠤᠨ ᠤ ᠨᠠᠮ ᠤᠨ ᠬᠤᠷᠢᠶᠠᠨ ᠤ ᠱᠦ᠋ᠵᠢ ᠰᠦᠨ ᠢᠦᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠱᠦ ᠶᠢᠦ᠂ ᠭᠢᠷᠢᠨ ᠮᠤᠵᠢ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠨᠡᠶᠢᠭᠡᠮᠯᠢᠭ ᠤᠨ ᠳᠠᠷᠤᠭ᠎ᠠ ᠭᠤᠤ ᠱᠢ ᠯᠦᠩ᠂ ᠬᠠᠷᠠᠮᠥ᠋ᠷᠡᠨ ᠮᠤᠵᠢ ᠶᠢᠨ ᠵᠠᠮᠰᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠸᠠᠴᠤᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠭᠦᠸᠧ ᠭᠤᠸᠠᠩ ᠹᠦ᠋᠂ ᠬᠦᠢᠵᠸᠤ ᠮᠤᠵᠢ ᠶᠢᠨ ᠡᠮᠡᠭᠲᠡᠶᠢᠴᠦᠳ ᠤᠨ ᠬᠤᠯᠪᠤᠭᠠᠨ ᠤ ᠳᠡᠳ᠋ ᠲᠡᠷᠢᠭᠦᠯᠡᠭᠴᠢ ︵ᠬᠠᠪᠰᠤᠷᠭᠠᠨ ᠬᠠᠷᠢᠭᠤᠴᠠᠵᠤ ᠪᠠᠶᠢᠨ᠎ᠠ︶᠂ ᠮᠠ ᠬᠤᠸᠠᠢ ᠬᠤᠯᠪᠤᠭᠠᠳᠤ ᠲᠣᠰᠬᠤᠨ ᠤ ᠨᠠᠮ ᠤᠨ ᠬᠤᠷᠢᠶᠠᠨ ᠤ ᠱᠦᠵᠢ᠂ ᠮᠠ ᠬᠤᠸᠠᠢ ᠲᠣᠰᠬᠤᠨ ᠤ ᠨᠠᠮ ᠤᠨ ᠡᠭᠦᠷ ᠤᠨ ᠱᠦᠵᠢ ᠳ᠋ᠧᠩ ᠶᠢᠩ ᠰᠢᠶᠠᠩ᠂ ᠤᠨᠢᠨ ᠳᠡᠭᠡᠷ᠎ᠠ ᠨᠢ ᠶᠠᠳᠠᠭᠤ ᠶᠢ ᠲᠡᠳᠬᠦᠬᠦ ᠶᠢ ᠠᠩᠬ᠎ᠠ ᠰᠠᠨᠠᠭᠠᠴᠢᠯᠠᠭᠰᠠᠨ ᠭᠠᠵᠠᠷ — ᠱᠢ ᠪᠠ ᠳ᠋ᠦᠩ ᠲᠣᠰᠬᠤᠨ ᠤ ᠬᠠᠮᠤᠭ ᠲᠦᠷᠦᠬᠦᠨ ᠤ ᠶᠠᠳᠠᠭᠤ ᠶᠢ ᠲᠡᠳᠬᠦᠬᠦ ᠠᠩᠭᠢ ᠶᠢᠨ ᠳᠠᠷᠤᠭ᠎ᠠ᠂ ᠬᠤᠨᠠᠨ ᠤ ᠰᠢᠶᠠᠩ ᠰᠢ ᠤᠯᠤᠰ ᠤᠨ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥ᠋ᠪᠯᠡᠯ ᠤᠨ ᠡᠷᠬᠢᠯᠡᠭᠴᠢ ᠯᠦᠩ ᠰᠢᠤ ᠯᠢᠨ᠂ ᠥᠪᠥᠷ ᠮᠣᠩᠭᠤᠯ ᠤᠨ  ᠦᠪᠡᠷᠳᠡᠬᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠎ ᠤ ᠨᠠᠮ ᠤᠨ ᠬᠤᠷᠢᠶᠠᠨ ᠤ ᠱᠦᠵᠢ ᠴᠢᠦᠶ ᠵᠧᠨ ᠨᠢᠶᠠᠨ ᠵᠡᠷᠭᠡ 7 ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠥᠯᠥᠭᠡᠯᠡᠭᠴᠢ ᠠᠮᠢᠳᠤᠯᠢᠭ ᠪᠣᠷᠣᠭᠵᠢᠭᠤᠨ ᠦᠭᠡ ᠬᠡᠯᠡ ᠪᠠᠷ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠬᠠᠷᠠᠭᠠᠰᠤ ᠠᠴᠠ ᠲᠤᠰ ᠲᠤᠰ ᠤᠨ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠠᠬᠢ ᠪᠤᠳᠠᠳᠤ ᠥᠩᠭᠡᠷᠡᠯᠲᠡ᠂ ᠰᠡᠳᠬᠢᠯ ᠬᠥᠳᠡᠯᠭᠡᠮ᠎ᠡ ᠦᠯᠢᠬᠡᠷ ᠪᠤᠯᠤᠨ ᠦᠢᠯᠡᠳᠦᠯᠭᠡ ᠶᠢᠨ ᠲᠤᠷᠰᠢᠯᠭ᠎ᠠ ᠪᠠᠨ ᠭᠦᠨ ᠰᠡᠳᠬᠢᠯᠭᠡ ᠲᠠᠢ ᠪᠠᠷ ᠶᠠᠷᠢᠵᠠᠢ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠨᠢ ᠬᠥᠮᠦᠰ ᠲᠤ ᠭᠦᠨ ᠰᠡᠩᠬᠡᠷᠡᠭᠦᠯᠤᠯ ᠦᠭᠬᠦᠨ ᠶᠡᠭᠡ ᠵᠤᠷᠢᠭᠵᠢᠭᠤᠯᠤᠯ ᠪᠤᠯᠵᠤ᠂ ᠲᠤᠬᠠᠢ ᠶᠢᠨ ᠲᠠᠯᠠᠪᠠᠶ ᠶᠢᠨ ᠦᠵᠡᠭᠴᠢᠳ ᠪᠠᠶᠢᠨ ᠳᠠᠬᠢᠨ ᠬᠠᠯᠠᠭᠤᠨ ᠢᠶᠠᠷ ᠠᠯᠠᠭ᠎ᠠ ᠲᠠᠰᠢᠵᠤ ᠪᠠᠶᠢᠯ᠎ᠠ᠃      ᠱᠢ ᠲᠠᠢ ᠹᠧᠩ ᠵᠢᠭᠠᠵᠤ ᠭᠠᠷᠭᠠᠬᠤ ᠳᠤ ᠪᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠹᠷᠤᠨᠲ ᠲᠤ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠥᠯᠥᠭᠡᠯᠡᠭᠴᠢᠳ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠳᠡ ᠶᠢ ᠲᠠᠶᠢᠯᠪᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢᠨ ᠦᠯᠢᠭᠡᠷ ᠳᠠᠭᠤᠷᠢᠶᠠᠯ ᠪᠠ ᠵᠢᠱᠢᠶᠡᠴᠢ ᠶᠢᠨ ᠠᠯᠳᠠᠷ ᠢᠶᠠᠨ ᠭᠤᠳᠤᠭᠠᠭᠰᠠᠨ ᠦᠭᠡᠢ᠃ ᠣᠷᠣᠨ ᠳᠠᠶᠠᠭᠠᠷ ᠢᠶᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠦᠯᠦᠭᠡᠯᠡᠭᠴᠢ ᠪᠠᠷ ᠳᠠᠭᠤᠷᠢᠶᠠᠯ ᠪᠣᠯᠭᠠᠨ ᠲᠡᠳᠡᠨ ᠤ ᠨᠠᠮ ᠳᠠᠭᠠᠨ ᠦᠨᠡᠨᠴᠢ ᠰᠢᠳᠤᠷᠭᠤ ᠪᠠᠶᠢᠲᠠᠭ ᠤᠯᠤᠰ ᠲᠥᠷᠥ ᠶᠢᠨ ᠬᠡᠪ ᠰᠤᠷᠲᠠᠯ᠂ ᠠᠷᠠᠳ ᠤᠨ ᠲᠥᠯᠥᠭᠡ ᠭᠤᠶᠠᠴᠢ ᠦᠭᠡᠢ ᠵᠢᠳᠬᠦᠬᠦ ᠬᠠᠶᠢᠷ᠎ᠠ ᠰᠡᠳᠬᠢᠯᠭᠡ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠰᠤᠷᠲᠠᠯ ᠢ ᠨᠠᠷᠢᠨ ᠬᠢᠨᠠᠮᠠᠭᠠᠶ ᠰᠤᠷᠤᠯᠴᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠡᠬᠦᠷᠭᠡ ᠬᠦᠨᠳᠦ ᠭᠡᠰᠡᠡ ᠢ ᠮᠡᠲᠡᠵᠦ ᠪᠠᠶᠢᠭᠠᠳ ᠬᠦᠨᠲᠦ ᠡᠬᠦᠷᠭᠡ ᠶᠢ ᠡᠬᠦᠷᠭᠡᠯᠡᠵᠤ᠂ ᠡᠬᠢᠯᠡᠬᠦ ᠲᠠᠢ ᠪᠠᠨ ᠠᠳᠠᠯᠢ ᠪᠠᠷ ᠳᠠᠭᠤᠰᠤᠨ ᠳᠠᠭᠤᠰᠳᠠᠯ᠎ᠠ ᠪᠠᠨ ᠪᠤᠯᠭᠤᠮᠵᠢᠲᠠᠢ ᠬᠠᠨᠳᠤᠵᠤ᠂ ᠪᠤᠭᠤᠮᠳᠠ ᠰᠢᠪᠳᠤᠯᠬᠤ ᠴᠡᠭ ᠢᠶᠠᠨ ᠤᠨᠤᠪᠴᠢᠳᠠᠢ ᠡᠵᠡᠮᠳᠡᠨ ᠨᠢᠮᠪᠠᠢ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃ ᠤᠳᠤᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠴᠦᠰ ᠤᠨ ᠰᠢᠪᠳᠤᠯᠤᠯᠳᠠ ᠶᠢᠨ ᠱᠠᠲᠤᠨ ᠳᠤ ᠬᠦᠷᠦᠭᠡᠳ ᠪᠠᠶᠢᠨ᠎ᠠ᠂ ᠪᠦᠬᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠨ ᠡᠴᠤᠰ ᠤᠨ ᠰᠢᠪᠲᠤᠯᠤᠯᠲᠠ ᠬᠢᠵᠦ ᠰᠠᠶᠢᠨ ᠢᠶᠠᠷ ᠡᠬᠢᠯᠡᠭᠦᠯᠵᠤ ᠰᠠᠶᠢᠨ ᠢᠶᠠᠷ ᠲᠡᠭᠦᠰᠬᠡᠨ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠥ ᠪᠦᠷᠢᠮᠦᠰᠦᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠳᠠᠳᠠᠵᠥ ᠪᠣᠯᠬᠤ ᠦᠭᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠤᠳᠤᠯᠭ᠎ᠠ ᠶᠢᠨ ᠲᠠᠯ᠎ᠠ ᠪᠠᠷ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠠᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ ᠪᠦᠬᠦ ᠠᠷᠠᠳ ᠤᠨ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠲᠡᠶᠢᠰᠢ ᠦᠷᠭᠦᠯᠵᠢᠯᠡᠨ ᠤᠷᠤᠭᠰᠢᠯᠠᠬᠤ ᠬᠡᠷᠡᠭᠲᠡᠢ ᠬᠡᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号