ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠮᠤᠷ ᠤᠨ ᠣᠯᠠᠷᠢᠯ ᠤᠨ ᠠᠮᠤ ᠪᠤᠳᠠᠭ᠎ᠠ ᠬᠤᠳᠠᠯᠳᠤᠨ ᠠᠪᠴᠤ ᠬᠠᠳᠠᠭᠠᠯᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠨᠠᠮᠤᠷ ᠤᠨ ᠣᠯᠠᠷᠢᠯ ᠤᠨ ᠠᠮᠤ ᠪᠤᠳᠠᠭ᠎ᠠ ᠬᠤᠳᠠᠯᠳᠤᠨ ᠠᠪᠴᠤ ᠬᠠᠳᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2020/11/2
   10 ᠰᠠᠷ᠎ᠠ ᠶᠢᠨ 21᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠠᠮᠤ ᠪᠤᠳᠠᠭ᠎ᠠ ᠬᠠᠳᠠᠭᠠᠯᠠᠬᠤ ᠬᠥᠮᠥᠷᠭᠡ᠂ ᠬᠤᠩ ᠹᠧᠩ ᠠᠮᠤ ᠲᠣᠰᠣ ᠬᠤᠳᠠᠯᠳᠤᠨ ᠪᠣᠷᠣᠯᠠᠭᠤᠯᠬᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠨᠠᠮᠤᠷ ᠤᠨ ᠣᠯᠠᠷᠢᠯ ᠤᠨ ᠠᠮᠤ ᠪᠤᠳᠠᠭ᠎ᠠ ᠬᠤᠳᠠᠯᠳᠤᠨ ᠠᠪᠴᠤ ᠬᠠᠳᠠᠭᠠᠯᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠦ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠴᠤ ᠬᠠᠳᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠵᠢᠴᠢ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠠᠶᠢᠨ᠎ᠠ᠃
    ᠬᠤᠰᠢᠭᠤ ᠠᠮᠤ ᠪᠤᠳᠠᠭ᠎ᠠ ᠬᠠᠳᠠᠭᠠᠯᠠᠬᠤ ᠬᠥᠮᠥᠷᠭᠡ ᠪᠠ ᠬᠤᠩ ᠹᠧᠩ ᠠᠮᠤ ᠲᠣᠰᠣ ᠬᠤᠳᠠᠯᠳᠤᠨ ᠪᠣᠷᠣᠯᠠᠭᠤᠯᠬᠤ ᠬᠢᠵᠠᠭᠠᠷᠲᠤ ᠺᠣᠮᠫᠠᠨᠢ ᠳᠤ ᠡᠷᠳᠡᠨᠢᠪᠢᠯᠢᠭ ᠨᠠᠷ ᠠᠮᠤ ᠪᠤᠳᠠᠭ᠎ᠠ ᠬᠤᠳᠠᠯᠳᠤᠨ ᠠᠪᠴᠤ ᠬᠠᠳᠠᠭᠠᠯᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠨ ᠠᠮᠤ ᠪᠤᠳᠠᠭ᠎ᠠ ᠬᠤᠳᠠᠯᠳᠤᠨ ᠠᠪᠬᠤ᠂ ᠠᠮᠤ ᠪᠤᠳᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ᠂ ᠠᠮᠤ ᠪᠤᠳᠠᠭᠠᠨ ᠤ ᠬᠥᠮᠥᠷᠭᠡ ᠶᠢᠨ ᠬᠠᠮᠢᠶᠠᠷᠤᠯᠲᠠ᠂ ᠬᠥᠮᠥᠷᠭᠡ ᠶᠢᠨ ᠪᠠᠭᠲᠠᠭᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠠᠶᠢᠨ᠎ᠠ᠃ ᠲᠡᠷᠡ ᠵᠢᠭᠠᠵᠤ ᠭᠠᠷᠭᠠᠭᠰᠠᠨ ᠨᠢ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ ᠪᠠᠶᠢᠵᠤ ᠬᠠᠷᠢᠭᠤᠴᠠᠯᠭ᠎ᠠ ᠮᠠᠰᠢ ᠬᠦᠨᠳᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠠᠮᠤ ᠪᠤᠳᠠᠭᠠᠨ ᠤ ᠠᠵᠢᠯ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠳᠣ ᠪᠠᠶᠢᠭ᠎ᠠ ᠡᠬᠢ ᠪᠠᠶᠠᠯᠢᠭ ᠢ ᠰᠠᠶᠢᠳᠤᠷ ᠠᠰᠢᠭᠯᠠᠬᠤ ᠬᠡᠷᠡᠭᠲᠡᠶ᠃ ᠠᠮᠤ ᠪᠤᠳᠠᠭᠠᠨ ᠤ ᠢᠷᠡᠯᠲᠡ‌‍ᠶᠢᠨ ᠲᠣᠬᠢᠷᠠᠭᠤᠯᠤᠯᠲᠠ ᠶᠢ ᠴᠢᠩᠭᠠᠳᠬᠠᠵᠤ ᠠᠮᠤ ᠪᠤᠳᠠᠭᠠᠨ ᠤ ᠬᠠᠳᠠᠭᠠᠯᠠᠯᠲᠠ ᠭᠦᠢᠴᠡᠳ ᠪᠠᠶᠢᠬᠤ ᠪᠠ ᠠᠮᠤ ᠪᠤᠳᠠᠭ᠎ᠠ ᠲᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠬᠠᠳᠠᠭᠠᠯᠠᠬᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠭᠢᠭᠦ ᠬᠡᠷᠡᠭᠲᠡᠢ ᠬᠡᠰᠡᠨ ᠪᠠᠶᠢᠨ᠎ᠠ᠃
    ᠰᠠᠭᠤᠳᠠᠯ ᠤᠨ ᠬᠤᠷᠠᠯ ᠳᠡᠭᠡᠷ᠎ᠡ ᠠᠮᠤ ᠪᠤᠳᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠠᠮᠤ ᠪᠤᠳᠠᠭᠠᠨ ᠤ ᠬᠠᠳᠠᠭᠠᠯᠠᠯᠳᠠ ᠵᠡᠷᠭᠡ ᠠᠵᠢᠯ ᠤᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠠᠶᠢᠨ᠎ᠠ᠃ ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠨᠡ ᠬᠦ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠤᠯᠤᠰ‌‍ᠤᠨ ᠠᠵᠤ ᠠᠬᠤᠢ ᠠᠷᠠᠳ ᠤᠨ ᠠᠮᠢᠳᠤᠷᠠᠯ ᠪᠣᠯᠤᠨ ᠨᠡᠶᠢᠭᠡᠮ ᠤᠨ ᠲᠣᠭᠲᠠᠭᠤᠨ ᠪᠠᠶᠢᠳᠠᠯ ᠎ ᠳᠤ ᠬᠤᠯᠪᠣᠭᠳᠠᠬᠤ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠳᠬᠤᠵᠤ ᠪᠣᠳᠠᠲᠠᠢ ᠠᠳᠬᠤᠵᠤ ᠨᠠᠷᠢᠨ ᠠᠳᠬᠤᠬᠤ ᠬᠡᠷᠡᠭᠲᠡᠢ᠃ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠪᠠ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠴᠢᠩᠭ᠎ᠠ ᠳᠠᠭᠠᠵᠤ ᠴᠢᠨᠠᠷ ᠰᠠᠶᠢᠲᠠᠶ᠂ ᠣᠷᠭᠠᠨᠢᠭ ᠂ ᠰᠢᠮ᠎ᠡ ᠲᠡᠵᠢᠭᠡᠯ ᠲᠠᠢ᠂ ᠨᠡᠷᠡᠲᠦ ᠲᠥᠷᠥᠯ ᠲᠡᠮᠳᠡᠭ ᠲᠡᠰᠢ ᠲᠣᠬᠢᠷᠠᠭᠤᠯᠤᠯᠲᠠ ᠬᠢᠬᠦ ᠬᠡᠷᠡᠭᠲᠡᠶ᠃ ᠰᠠᠶᠢᠨ ᠡᠭᠦᠯᠳᠡᠷ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠣᠯᠤᠨ ᠪᠣᠷᠣᠯᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ ᠲᠠᠷᠢᠶᠠᠯᠠᠩ ᠤᠨ ᠪᠦᠲᠦᠭᠡᠭᠳᠡᠬᠦᠨ ᠢ ᠰᠠᠶᠢᠨ ᠲᠠᠷᠢᠬᠤ ᠠᠴᠠ ᠰᠠᠶᠢᠨ ᠬᠤᠳᠠᠯᠳᠤᠬᠤ ᠲᠡᠰᠢ ᠬᠤᠪᠢᠷᠠᠭᠤᠯᠬᠤ ᠶᠢ ᠠᠬᠢᠭᠤᠯᠤᠨ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠲᠠᠷᠢᠶᠠᠯᠠᠩ ᠤᠨ ᠪᠦᠲᠦᠴᠡ ᠶᠢ ᠲᠣᠬᠢᠷᠠᠭᠤᠯᠬᠤ᠂ ᠠᠷᠭ᠎ᠠ ᠮᠠᠶ᠋ᠢᠭ ᠢ ᠬᠤᠪᠢᠷᠠᠭᠤᠯᠬᠤ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠠᠮᠤᠷ ᠤᠨ ᠣᠯᠠᠷᠢᠯ ᠤᠨ ᠠᠮᠤ ᠪᠤᠳᠠᠭ᠎ᠠ ᠬᠤᠳᠠᠯᠳᠤᠨ ᠠᠪᠴᠤ ᠬᠠᠳᠠᠭᠠᠯᠠᠬᠤ᠂ ᠪᠣᠯᠪᠠᠰᠤᠷᠠᠭᠤᠯᠬᠤ ᠪᠠ ᠪᠣᠷᠣᠯᠠᠭᠤᠯᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ ᠥᠷᠭᠡᠨ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠦᠢᠯᠡᠴᠢᠯᠡᠭᠡ ᠪᠣᠯᠤᠨ ᠪᠠᠲᠤᠯᠠᠭ᠎ᠠ ᠬᠠᠩᠭᠠᠵᠤ ᠠᠮᠤ ᠪᠤᠳᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ ᠪᠦᠬᠦ ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号