ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠶᠢᠨ ᠲᠤᠬᠠᠢ ᠰᠠᠨᠠᠯ ᠬᠤᠷᠢᠶᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠠᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠭᠡᠳ ᠴᠢᠬᠤᠯᠠ ᠶᠠᠷᠢᠶ᠎ᠠ ᠲᠠᠯᠪᠢᠪᠠ ᠯᠢ ᠺᠧ ᠴᠢᠶᠠᠩ ᠸᠠᠩ ᠶᠠᠩ ᠸᠠᠩ ᠬᠤ᠋ ᠨᠢᠩ ᠬᠠᠨ ᠵᠧᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2020/11/2
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 30᠎ ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 8 ᠰᠠᠷ᠎ᠠ ᠶᠢᠨ 25᠎ ᠤ ᠡᠳᠦᠷ ᠵᠦᠩ ᠨᠠᠨ ᠬᠠᠶ ᠳᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠶᠢᠨ ᠲᠤᠬᠠᠶ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠤᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠮᠥᠨ᠃ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠲᠡᠤᠬᠡᠲᠦ ᠴᠢᠨᠠᠷᠲᠠᠶ ᠰᠡᠳᠦᠪ ᠪᠣᠯ ᠦᠵᠦ ᠲᠥᠯᠥᠪᠯᠡᠭᠡ ᠪᠣᠯᠤᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠭᠳᠠᠭᠠᠭᠰᠠᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠣᠭᠲᠠᠭᠠᠵᠤ᠂ ᠪᠦᠬᠦ ᠨᠠᠮ ᠪᠦᠬᠦ ᠤᠯᠤᠰ ᠢ ᠵᠢᠯᠤᠭᠤᠳᠴᠤ ᠪᠠᠶᠢᠭᠠᠳ ᠢᠷᠡᠬᠦ 5 ᠵᠢᠯ ᠪᠠ ᠨᠡᠩ ᠤᠷᠳᠤ ᠬᠤᠭᠤᠴᠠᠭᠠᠨ ᠤ ᠲᠤᠷᠰᠢᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠶᠠᠪᠤᠳᠠᠯ ᠪᠤᠯᠤᠨ᠎ᠠ ᠭᠡᠵᠤ ᠴᠢᠬᠤᠯᠠᠴᠢᠯᠠᠵᠠᠢ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠪᠠ᠃    ᠭᠤᠮᠢᠨᠳᠠᠩ ᠤᠨ ᠬᠤᠪᠢᠰᠬᠠᠯᠳᠤ ᠬᠤᠷᠢᠶᠠᠨ ᠤ ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠴᠧᠨ ᠵᠦ᠂ ᡁᠢᠭᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠸᠠᠨ ᠭᠠᠩ᠂ ︽9 · 3︾᠎ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠲᠤᠤ ᡁᠢ ᠤᠷᠢᠳ ᠬᠤᠵᠢᠳ ᠦᠭᠡ ᠬᠡᠯᠡᠪᠡ᠃ ᠲᠡᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠮᠠᠨ ᠤ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠶᠢᠨ ᠪᠤᠳᠤᠯᠬᠢᠯᠠᠯ ᠢ ᠵᠥᠪᠰᠢᠶᠡᠷᠡᠭᠰᠡᠨ ᠪᠦᠭᠡᠳ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠦᠷᠢᠯᠳᠦᠭᠦᠯᠵᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠬᠤ ᠶᠢ ᠪᠠᠷᠢᠮᠲᠠᠯᠠᠵᠤ᠂ ᠮᠠᠨ ᠤ ᠤᠯᠤᠰ ᠤᠨ ᠵᠠᠩᠭᠢᠯᠠᠭ᠎ᠠ ᠶᠢᠨ ᠲᠤᠨᠤᠭᠯᠠᠯ ᠢ ᠦᠢᠯᠡᠳᠬᠦ ᠮᠡᠷᠭᠡᠵᠢᠯ ᠤᠨ ᠰᠤᠳᠤᠯᠤᠨ ᠨᠡᠭᠡᠭᠡᠬᠦ ᠬᠡᠯᠬᠢᠶ᠎ᠡ ᠶᠢ ᠲᠡᠭᠦᠯᠳᠡᠷᠵᠢᠭᠦᠯᠤᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠤᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠯᠥᠪᠵᠢᠭᠦᠯᠭᠡ ᠶᠢᠨ ᠬᠠᠤᠯᠢᠵᠢᠯ ᠤᠨ ᠬᠠᠮᠢᠶᠠᠷᠤᠯᠲᠠ ᠶᠢ ᠴᠢᠩᠭᠠᠳᠬᠠᠨ᠂ ᠨᠡᠭᠡᠭᠡᠯᠳᠠ ᠬᠢᠬᠦ ᠬᠠᠮᠲᠤᠷᠠᠯᠴᠠᠬᠤ ᠶᠢ ᠭᠦᠨᠵᠡᠭᠡᠶᠢᠷᠡᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠤᠯᠠᠨ ᠤ ᠬᠡᠯᠡᠭᠰᠡᠨ ᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠶᠢᠨ ᠪᠤᠳᠤᠯᠬᠢᠯᠠᠯ ᠪᠤᠯᠤᠨ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠷᠢᠨ ᠬᠢᠨᠠᠮᠠᠭᠠᠢ ᠰᠤᠳᠤᠯᠬᠤ ᠪᠠᠷ ᠲᠠᠮᠵᠢᠨ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ ᠶᠢ ᠰᠤᠳᠤᠯᠬᠤ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠭᠤᠣᠯ ᠰᠡᠳᠦᠪ ᠪᠤᠯᠭᠠᠬᠤ ᠪᠠᠷ ᠲᠤᠭᠳᠠᠵᠠᠢ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠡᠭᠦᠷᠭᠡ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠷᠠᠯᠲᠠ ᠶᠢ ᠨᠢᠭᠡᠳᠦᠯᠲᠡᠶ ᠲᠦᠯᠦᠪᠵᠢᠭᠦᠯᠬᠦ ᠶᠢᠨ ᠪᠣᠳᠠᠲᠤ ᠬᠡᠷᠡᠭᠴᠡᠭᠡ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠴᠢᠬᠤᠯᠠ ᠠᠷᠭ᠎ᠠ ᠵᠠᠮ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠤᠭᠳᠠᠭᠠᠬᠤ ᠨᠢ ᠲᠥᠯᠥᠪᠵᠢᠭᠦᠯᠭᠡ ᠶᠢᠨ ᠬᠦᠳᠦᠯᠪᠦᠷᠢ ᠶᠢ ᠨᠠᠶᠢᠷᠠᠭᠤᠯᠤᠨ ᠳᠤᠭᠳᠠᠭᠠᠬᠤ ᠳᠤ ᠦᠨᠳᠦᠰᠦᠯᠡᠯ ᠬᠠᠩᠭᠠᠵᠤ᠂ ᠢᠷᠡᠬᠦ 5 ᠵᠢᠯ ᠤᠨ ᠮᠠᠨ ᠤ ᠤᠯᠤᠰ ᠤᠨ ᠬᠥᠭᠵᠢᠯᠲᠡ ᠶᠢᠨ ᠭᠤᠤᠯ ᠬᠠᠷᠠᠯᠲᠠ᠂ ᠤᠷᠢᠳ ᠢᠶᠠᠷ ᠪᠤᠳᠤᠯᠬᠢᠯᠠᠬᠤ ᠬᠦᠷᠢᠶ᠎ᠡ ᠴᠠᠷᠠᠭ᠎ᠠ ᠂ ᠭᠤᠤᠯᠳᠠᠯᠭ᠎ᠠ ᠲᠠᠢ ᠡᠭᠦᠷᠭᠡ ᠶᠢ ᠨᠡᠶᠢᠭᠡᠮ ᠨᠡᠶᠢᠳᠡ ᠳᠤ ᠳᠠᠮᠵᠢᠭᠤᠯᠵᠤ᠂ ᠪᠦᠬᠦ ᠨᠡᠶᠢᠭᠡᠮ ᠢ ᠬᠦᠳᠦᠯᠦᠨ ᠳᠠᠭᠠᠭᠤᠯᠵᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠲᠠᠷᠠᠭᠤᠯᠵᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠰᠤᠷᠠᠯᠳᠠ ᠦᠭᠡᠢ ᠨᠡᠩ ᠶᠡᠭᠡ ᠰᠢᠨ᠎ᠡ ᠠᠮᠵᠢᠯᠲᠠ ᠤᠯᠬᠤ ᠶᠢ ᠠᠬᠢᠭᠤᠯᠬᠤ ᠳᠤ ᠠᠰᠢᠭᠲᠠᠶ ᠶᠤᠮ ᠭᠡᠵᠤ ᠵᠢᠭᠠᠵᠤ ᠭᠠᠷᠭᠠᠵᠠᠢ᠃    ᠰᠢ ᠶᠢᠨ ᠫᠢᠩ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠣᠭᠲᠠᠭᠠᠬᠤ ᠳᠤ ᠡᠷᠬᠡᠪᠰᠢ ᠬᠡᠳᠦᠨ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠨᠢᠭᠡ ᠳᠤ᠂ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠳᠠᠢ᠃    ᠬᠤᠶᠠᠷ ᠲᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠳᠠᠢ᠃ ᠭᠤᠷᠪᠠ ᠳᠤ᠂ ᠨᠡᠭᠡᠭᠡᠯᠲᠡ ᠬᠢᠬᠦ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠤᠯᠤᠰ ᠤᠨ ᠳᠣᠲᠣᠭᠠᠳᠤ ᠪᠠ ᠳᠡᠯᠡᠬᠡᠢ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠶ ᠲᠥᠯᠥᠪᠵᠢᠭᠦᠯᠬᠦ ᠬᠡᠷᠡᠭᠳᠠᠢ᠃ ᠲᠦᠷᠪᠡ ᠳᠤ᠂ ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠳᠠᠢ᠃ ᠲᠠᠪᠤ ᠳᠤ᠂ ᠪᠠᠶᠢᠯᠳᠤᠬᠤ ᠪᠤᠳᠤᠯᠭ᠎ᠠ ᠪᠠ ᠪᠠᠶᠢᠯᠳᠤᠬᠤ ᠠᠷᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ᠂ ᠪᠣᠳᠠᠲᠠᠶ ᠶᠢ ᠡᠷᠬᠢᠮᠯᠡᠭᠰᠡᠨ ᠲᠤᠰᠠᠳᠠᠢ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠭᠳᠠᠭᠠᠬᠤ ᠬᠡᠷᠡᠭᠳᠠᠢ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠥᠭᠵᠢᠯᠲᠡ ᠶᠢᠨ ᠠᠮᠵᠢᠯᠲᠠ ᠪᠤᠯᠤᠨ ᠲᠤᠷᠰᠢᠯᠭ᠎ᠠ ᠶᠢ ᠳ᠋ᠦᠩᠨᠡᠵᠦ᠂ ᠬᠥᠭᠵᠢᠯᠲᠡ ᠶᠢᠨ ᠣᠷᠴᠢᠨ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠶᠡᠷᠦᠩᠬᠡᠶ ᠰᠡᠳᠬᠢᠮᠵᠢ ᠪᠣᠯᠤᠨ ᠭᠤᠤᠯ ᠬᠠᠷᠠᠯᠲᠠ ᠶᠢ ᠭᠦᠨᠵᠡᠭᠡᠶ ᠰᠤᠳᠤᠯᠵᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠣᠨᠣᠪᠴᠢᠲᠠᠶ ᠡᠵᠡᠮᠳᠡᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ ᠲᠥᠰᠦᠯ ᠢ ᠤᠷᠢᠳᠠᠴᠢ ᠴᠢᠨᠠᠷᠲᠠᠶ ᠪᠠᠷ ᠲᠥᠯᠥᠪᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠡᠨᠡ ᠵᠢᠯ ᠠᠴᠠ ᠨᠠᠭᠠᠰᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠬᠡᠯᠪᠡᠷᠢ ᠪᠠᠷ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠨᠢᠭᠡ ᠪᠦᠯᠦᠭ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠬᠢᠬᠦ ᠳᠤ ᠨᠠᠷᠢᠨ ᠬᠢᠨᠠᠮᠠᠭᠠᠶ ᠪᠡᠯᠡᠳᠬᠡᠯ ᠬᠢᠵᠠᠢ᠃ 4 ᠰᠠᠷ᠎ᠠ ᠶᠢᠨ ᠰᠡᠭᠦᠯᠴᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠲᠤ ᠨᠠᠶᠢᠳᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠭᠤᠤᠯ ᠰᠡᠳᠦᠪ ᠤᠨ ᠲᠤᠬᠠᠢ ᠤᠯᠠᠨ ᠤ ᠰᠠᠨᠠᠯ ᠰᠠᠨᠠᠭᠤᠯᠭ᠎ᠠ ᠶᠢ ᠬᠤᠷᠢᠶᠠᠵᠦ᠂ ᠨᠦᠬᠦᠳ ᠨᠠᠷ ︽ᠠᠷᠪᠠᠨ ᠳᠦᠷᠪᠡᠳᠦᠬᠡᠷ ᠳᠠᠪᠤᠨ ᠵᠢᠯ︾᠎ ᠤᠨ ᠬᠤᠭᠤᠴᠠᠭᠠᠨ ᠳᠤ ᠮᠠᠨ ᠤ ᠤᠯᠤᠰ ᠤᠨ ᠬᠦᠭᠵᠢᠯᠳᠡ ᠳᠤ ᠳᠤᠯᠭᠠᠷᠠᠬᠤ ᠠᠵᠠ ᠳᠤᠬᠢᠶᠠᠯ ᠪᠤᠯᠤᠨ ᠦᠷᠢᠰᠦᠯᠳᠦᠬᠡᠨ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠦᠨᠳᠦᠰᠦᠨ ᠰᠡᠳᠬᠢᠮᠵᠢ᠂ ᠬᠥᠭᠵᠢᠯᠲᠡ ᠶᠢᠨ ᠬᠠᠷᠠᠯᠲᠠ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠤᠯ ᠡᠭᠦᠷᠭᠡ ᠪᠣᠯᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠶᠢᠨ ᠲᠤᠭᠤᠷᠢᠨ ᠳᠤ ᠠᠯᠢ ᠤᠯᠠᠨ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠴᠤ᠂ ᠰᠠᠨᠠᠭᠤᠯᠭ᠎ᠠ ᠶᠢᠨ ᠡᠭᠡ ᠨᠤᠤᠷᠠᠭ ᠢ ᠲᠤᠭᠤᠷᠪᠢᠬᠤ ᠳᠤ ᠴᠢᠬᠤᠯᠠ ᠯᠠᠪᠯᠠᠯᠲᠠ ᠬᠠᠩᠭᠠᠪᠠ᠃ ᠣᠯᠠᠨ ᠢᠶᠠᠷ ᠢᠶᠠᠨ ᠰᠠᠶᠢᠬᠠᠨ ᠦᠵᠡᠯ ᠪᠤᠳᠤᠯ ᠢᠶᠠᠨ ᠠᠭᠤᠵᠢᠷᠠᠲᠠᠯ᠎ᠠ ᠶᠠᠷᠢᠵᠤ᠂ ︽ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠤᠬᠠᠶ ᠰᠠᠨᠠᠯ ᠰᠠᠨᠠᠭᠤᠯᠭ᠎ᠠ ᠪᠠᠨ ᠤᠯᠠᠮ ᠨᠢᠭᠡ ᠠᠯᠬᠤᠮ ᠳᠤᠷᠠᠳᠴᠤ᠂ ᠰᠤᠨᠤᠰᠤᠭᠠᠳ ᠮᠠᠰᠢ ᠶᠡᠭᠡ ᠰᠡᠩᠬᠡᠷᠡᠭᠦᠯᠦᠯ ᠣᠯᠵᠠᠶ᠂ ᠪᠢᠳᠡ ᠨᠠᠷᠢᠨ ᠬᠢᠨᠠᠮᠠᠭᠠᠶ ᠰᠤᠳᠤᠯᠵᠤ ᠰᠢᠩᠭᠡᠭᠡᠵᠦ ᠠᠪᠬᠤ ᠪᠤᠯᠤᠨ᠎ᠠ ᠭᠡᠵᠦ ᠵᠢᠭᠠᠵᠦ ᠭᠠᠷᠭᠠᠪᠠ᠃    ᠰᠢ ᠶᠢᠨ ᠫᠢᠩ ᠤᠯᠠᠨ ᠤ ᠦᠷᠭᠦᠯᠵᠢᠯᠡᠨ ᠰᠡᠳᠬᠢᠨ ᠰᠤᠳᠤᠯᠵᠤ᠂ ᠦᠷᠭᠦᠯᠵᠢᠯᠡᠨ ᠰᠤᠳᠤ ᠮᠡᠷᠭᠡᠨ ᠦᠵᠡᠯᠲᠡ ᠳᠤᠷᠠᠳᠬᠤ ᠶᠢ ᠬᠦᠰᠡᠪᠡ᠃ ᠰᠢᠨ᠎ᠡ ᠬᠥᠭᠵᠢᠯᠲᠡ ᠶᠢᠨ ᠱᠠᠲᠤ ᠶᠢ ᠭᠦᠨᠵᠡᠭᠡᠶ ᠲᠠᠨᠢᠵᠤ᠂ ᠰᠢᠨ᠎ᠡ ᠬᠥᠭᠵᠢᠯᠲᠡ ᠶᠢᠨ ᠱᠠᠳᠤᠨ ᠤ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠢᠳᠡᠪᠬᠢᠲᠡᠢ ᠪᠦᠭᠡᠳ ᠰᠠᠨᠠᠭᠠᠴᠢᠯᠠᠭ᠎ᠠ ᠠᠴᠠ ᠪᠠᠨ ᠥᠷᠢᠰᠥᠯᠳᠦᠭᠡᠨ ᠳᠤ ᠬᠠᠨᠳᠤᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠨᠥᠯᠥᠭᠡᠯᠡᠵᠤ ᠪᠠᠶᠢᠭ᠎ᠠ ᠠᠯᠢ ᠤᠯᠠᠨ ᠪᠦᠲᠦᠴᠡ ᠶᠢᠨ ᠴᠢᠨᠠᠷᠲᠠᠢ᠂ ᠦᠶᠡᠯᠡᠯ ᠤᠨ ᠴᠢᠨᠠᠷᠲᠠᠢ᠂ ᠪᠠᠶᠢᠭᠤᠯᠤᠯ ᠤᠨ ᠴᠢᠨᠠᠷᠲᠠᠶ ᠠᠰᠠᠭᠤᠳᠠᠯ ᠢ ᠰᠢᠶ᠋ᠳᠪᠦᠷᠢᠯᠡᠵᠦ᠂ ᠴᠢᠩᠭ᠎ᠠ ᠡᠷᠴᠢᠮᠲᠠᠢ ᠦᠷᠬᠦᠯᠵᠢᠯᠡᠬᠦ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠨ᠂ ᠦᠵᠦ ᠲᠥᠯᠥᠪᠯᠡᠭᠡ ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠦ᠂ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ ᠂ ᠮᠠᠨ ᠤ ᠤᠯᠤᠰ ᠤᠨ ᠬᠥᠭᠵᠢᠯᠲᠡ ᠶᠢᠨ ᠣᠷᠴᠢᠨ᠂ ᠬᠥᠭᠵᠢᠯᠲᠡ ᠶᠢᠨ ᠱᠠᠲᠤ᠂ ᠬᠥᠭᠵᠢᠯᠲᠡ ᠶᠢᠨ ᠨᠥᠬᠦᠴᠡᠯ ᠤᠨ ᠭᠦᠨᠵᠡᠭᠡᠶ ᠬᠤᠪᠢᠷᠠᠯᠲᠠ ᠶᠢ ᠦᠨᠳᠦᠰᠦᠯᠡᠨ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠡᠬᠢ ᠪᠠᠶᠠᠯᠢᠭ ᠤᠨ ᠴᠢᠬᠤᠯᠠ ᠡᠯᠧᠮᠧᠨ᠋ᠲ ᠢ ᠨᠡᠩ ᠰᠠᠶᠢᠳᠦᠷ ᠲᠠᠲᠠᠠ ᠠᠪᠴᠢᠷᠠᠵᠦ᠂ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠ ᠥᠷᠢᠰᠥᠯᠳᠦᠭᠡᠨ ᠳᠤ ᠣᠷᠣᠯᠴᠠᠬᠤ ᠰᠢᠨ᠎ᠡ ᠳᠠᠪᠠᠭᠤᠯᠢᠭ ᠢ ᠪᠤᠢ ᠪᠣᠯᠭᠠᠬᠤ ᠭᠡᠷᠡᠭᠲᠡᠢ ᠭᠡᠪᠡ᠃    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠬᠢᠨᠠᠨ ᠵᠦᠪᠯᠡᠵᠦ ᠪᠠᠲᠤᠯᠠᠭᠰᠠᠨ ᠤ ᠲᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠᠰᠠ ︽ᠰᠠᠨᠠᠭᠤᠯᠭ᠎ᠠ︾᠎ ᠶᠢ ᠦᠨᠳᠦᠰᠦᠯᠡᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠥᠰᠦᠯ︾᠎ ᠢ ᠲᠣᠭᠲᠠᠭᠠᠬᠤ ᠪᠤᠯᠤᠨ᠎ᠠ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠦᠨᠡᠨ ᠪᠤᠳᠠᠳᠠᠢ ᠪᠠᠶᠢᠳᠠᠯ ᠢ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠨᠤᠳᠠᠯᠠᠵᠤ᠂ ᠨᠡᠶᠢᠭᠡᠮ ᠤᠨ ᠬᠦᠰᠡᠯ ᠱᠠᠭᠠᠷᠳᠠᠯᠭ᠎ᠠ ᠶᠢ ᠲᠤᠰᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠥᠪᠵᠢᠭᠦᠯᠭᠡ ᠶᠢ ᠰᠠᠶᠢᠲᠤᠷ ᠲᠣᠭᠲᠠᠭᠠᠬᠤ ᠳᠤ ᠡᠷᠬᠢᠮ ᠨᠠᠨᠳᠢᠨ ᠤᠶᠤᠨ ᠤᠬᠠᠭᠠᠨ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃    ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠦᠨ ᠴᠦᠨ ᠯᠠᠨ᠂ ᠬᠤ᠋ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠶᠢᠦ ᠴᠢᠤᠸᠠᠨ᠂ ᠰᠢᠶᠣᠤ ᠵᠢᠶᠧ᠂ ᠾᠧ ᠯᠢ ᠹᠧᠩ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠤ ᠣᠷᠣᠯᠴᠠᠭᠰᠠᠨ ᠨᠠᠮ ᠤᠨ ᠭᠠᠳᠠᠨᠠᠬᠢ ᠬᠥᠮᠦᠰ ᠲᠤ ᠪᠠᠰᠠ ᠴᠧᠨ ᠰᠢᠶᠤᠤ ᠭᠤᠸᠠᠩ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ ᠪᠣᠯᠤᠨ ᠵᠢᠶᠠᠩ ᠽᠦᠸᠧ ᠵᠢᠶᠦ᠋ᠨ᠂ ᠯᠢ ᠶᠤᠸᠠᠢ ᠹᠧᠩ᠂ ᠰᠢᠶᠧ ᠵᠢᠩ ᠷᠦᠩ᠂ ᠹᠠᠨ ᠵᠢᠶᠧ ᠨᠡᠷ ᠪᠤᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号