ᠪᠦᠬᠦ ᠬᠤᠰᠢᠭᠤᠨ ᠤ ᠠᠵᠤ ᠠᠬᠤᠶ ᠶᠢᠨ ᠡᠷᠬᠢᠯᠲᠡ ᠶᠢᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ᠠᠵᠤ ᠠᠬᠤᠶ ᠶᠢᠨ ᠡᠷᠬᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ ᠬᠤᠷᠠᠯ ᠲᠡᠭᠡᠷ᠎ᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠢ ᠶᠢᠨ ᠡᠷᠭᠢᠯᠳᠠ ᠶᠢᠨ ᠠᠵᠢᠯ ᠤᠨ ᠲᠤᠬᠠᠶ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠮᠠᠨ ᠤ ᠬᠤᠰᠢᠭᠤᠨ ᠤ ᠡᠮᠦᠨ᠎ᠡ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯ ᠢ ᠳ᠋ᠦᠩᠨᠡᠨ ᠳᠠᠷᠠᠭᠠᠴᠢ ᠶᠢᠨ ᠠᠯᠬᠤᠮ  ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠪᠦᠬᠦ ᠬᠤᠰᠢᠭᠤᠨ ᠤ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠮᠦᠨ᠎ᠡ ᠭᠤᠷᠪᠠᠨ ᠤᠯᠠᠷᠢᠯ ᠳᠤ ᠬᠢᠵᠢᠭ ᠤᠨ ᠪᠠᠶᠢᠳᠠᠯ ᠤᠨ ᠠᠵᠤ ᠠᠬᠤᠶ ᠳᠤ ᠦᠵᠡᠭᠦᠯᠬᠦ ᠨᠦᠯᠦᠭᠡᠨ ᠤ ᠲᠤᠤᠷ᠎ᠠ ᠪᠦᠬᠦ ᠬᠤᠰᠢᠭᠤ ᠪᠠᠷ ᠢᠶᠠᠨ ᠪᠦᠯᠬᠦᠮᠳᠡᠨ ᠨᠢᠭᠡᠳᠴᠦ ᠢᠳᠡᠪᠬᠢᠲᠡᠶ ᠲᠡᠮᠡᠴᠡᠨ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠬᠢᠵᠤ ᠠᠵᠤ ᠠᠬᠤᠶ ᠶᠢᠨ ᠡᠷᠭᠢᠯᠳᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠪᠠ᠃ ᠣᠳᠣᠬᠠᠨ ᠳᠤ᠂ ᠠᠵᠤ ᠠᠬᠤᠢ ᠶᠢᠨ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠤᠯᠬᠤᠷ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠰᠡᠷᠭᠡᠭ ᠢᠶᠠᠷ ᠲᠣᠳᠣᠷᠬᠠᠶ ᠲᠠᠨᠢᠵᠤ ᠵᠠᠪᠠᠯ ᠢᠯᠠᠬᠤ ᠢᠲᠡᠭᠡᠯ ᠵᠣᠷᠢᠭ ᠢᠶᠠᠨ ᠪᠠᠳᠤᠳᠬᠠᠨ ᠰᠢᠷᠭᠠᠭᠤ ᠠᠵᠢᠯᠯᠠᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠮᠵᠢᠯᠲᠠ ᠲᠠᠢ ᠲᠡᠭᠦᠰᠬᠦ ᠶᠢ ᠪᠠᠲᠤᠯᠠᠵᠤ ᠮᠠᠨ ᠤ ᠬᠤᠰᠢᠭᠤᠨ ᠤ ᠴᠢᠨᠠᠷ ᠰᠠᠶᠢᠲᠠᠢ ᠭᠥᠭᠵᠢᠯᠳᠠ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠭᠦ ᠭᠡᠷᠡᠭᠳᠠᠢ ᠭᠡᠰᠡᠨ ᠪᠠᠶᠢᠨ᠎ᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠭᠥᠭᠵᠢᠯᠳᠠ ᠪᠣᠯ ᠲᠡᠷᠢᠭᠦᠨ ᠴᠢᠬᠤᠯᠠ ᠡᠭᠦᠷᠭᠡ ᠭᠡᠳᠡᠭ ᠢ ᠪᠠᠷᠢᠮᠳᠠᠯᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠠᠵᠢᠯ ᠢ ᠦᠷᠭᠦᠯᠵᠢᠯᠡᠨ ᠠᠳᠬᠤᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠲᠠᠢ ᠤᠶᠠᠯᠳᠤᠭᠤᠯᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠬᠢᠬᠦ ᠲᠤᠭᠤᠷᠢᠨ ᠳᠤ ᠲᠠᠶᠢᠴᠢᠯᠠᠬᠤ ᠴᠢᠳᠠᠪᠤᠷᠢ ᠪᠠᠷ ᠴᠢᠩᠭ᠎ᠠ ᠂ ᠨᠥᠭᠡᠴᠡ ᠬᠦᠴᠦᠨ ᠢᠶᠠᠷ ᠭᠥᠢᠴᠡᠳ ᠨᠢᠭᠡ ᠪᠦᠯᠦᠭ ᠭᠡᠯᠭᠢᠶᠠᠵᠢᠯ ᠢ ᠤᠷᠳᠤᠳᠬᠠᠬᠤ᠂ ᠨᠥᠭᠦᠪᠤᠷᠢᠯᠠᠭᠦ ᠲᠥᠷᠥᠯ ᠵᠥᠢᠯ ᠪᠣᠯᠤᠨ ᠢᠵᠢ ᠪᠦᠷᠢᠳᠦᠭᠦᠯᠬᠦ ᠲᠥᠷᠥᠯ ᠵᠥᠢᠯ ᠢ ᠲᠥᠯᠥᠪᠯᠠᠭᠦ ᠭᠡᠷᠡᠭᠳᠠᠢ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠥᠭᠵᠢᠭᠡᠨ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠶᠢ ᠨᠠᠩ ᠳᠤᠪᠤᠶᠢᠮ᠎ᠠ ᠪᠠᠶᠢᠷᠢᠨ ᠳᠤ ᠲᠠᠯᠪᠢᠵᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠤᠷᠢᠯᠠᠨ ᠡᠯ᠎ᠡ ᠲᠥᠷᠥᠯ ᠤᠨ ᠭᠠᠷ ᠭᠦᠢᠴᠡᠳᠬᠡᠯ ᠢ ᠲᠥᠷᠭᠡᠨ ᠭᠢᠵᠤ ᠠᠵᠤ ᠠᠬᠤᠶᠢᠯᠠᠯ ᠤᠨ ᠦᠢᠯᠡᠳᠪᠦᠷᠢᠯᠡᠯ ᠢ ᠪᠠᠲᠤᠯᠠᠬᠤ᠂ ᠲᠥᠷᠥᠯ ᠵᠦᠢᠯ ᠢ ᠪᠠᠲᠤᠯᠠᠬᠤ᠂ ᠡᠵᠡᠩᠨᠡᠯᠲᠡ ᠶᠢ ᠪᠠᠲᠤᠯᠠᠬᠤ ᠳᠤ ᠬᠠᠪᠰᠤᠷᠤᠯᠭ᠎ᠠ ᠥᠵᠠᠭᠦᠯᠭᠦ ᠭᠡᠷᠡᠭᠳᠠᠢ᠃ ᠡᠳ᠋ ᠤᠨ ᠵᠠᠰᠠᠭ ᠭᠠᠶᠢᠯᠢ ᠶᠢᠨ ᠠᠵᠢᠯ ᠢ ᠲᠣᠬᠢᠷᠠᠭᠤᠯᠬᠤ ᠪᠠ ᠪᠦᠷᠢᠳᠬᠡᠬᠦ ᠠᠵᠢᠯ ᠢ ᠴᠢᠩᠭᠠᠳᠬᠠᠨ ᠲᠤᠭ᠎ᠠ ᠪᠠᠷᠢᠮᠲᠠ ᠶᠢᠨ ᠪᠦᠷᠢᠳᠬᠡᠯ ᠢ ᠰᠢᠨᠵᠢᠯᠡᠬᠦ ᠤᠬᠠᠭᠠᠨᠴᠢ ᠪᠠᠷ ᠨᠢᠭᠡᠳᠬᠡᠵᠦ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠲᠣᠭᠲᠠᠭᠤᠨ ᠵᠡᠷᠭᠡ ᠡᠯ᠎ᠡ ᠲᠥᠷᠤᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠣᠨ ᠤ ᠡᠯ᠎ᠡ ᠲᠥᠷᠤᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号