ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/2
    10 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠯᠢᠨ ᠶᠦᠩ ᠭᠠᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠠᠴᠠᠩᠭᠡᠯ ᠬᠤᠷᠠᠯ ᠳᠤ ᠤᠷᠤᠯᠴᠠᠨ ᠬᠤᠰᠢᠭᠤ ᠵᠠᠰᠠᠭ  ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠲᠥᠭᠦᠷᠴᠢᠯᠡᠭᠰᠠᠨ ᠲᠥᠭᠦᠭᠡᠷᠤᠮᠵᠢ ᠶᠢᠨ ᠢᠨᠵᠧᠨᠧᠷᠢᠩ ᠤᠨ ᠲᠤᠬᠠᠶ ᠬᠤᠯᠪᠣᠭᠳᠠᠯ ᠪᠦᠬᠦᠢ ᠤᠴᠢᠷ ᠢ ᠰᠤᠳᠤᠯᠵᠠᠶ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠪᠣᠯ ᠠᠵᠤ ᠥᠢᠯᠡᠳᠪᠤᠷᠢ ᠶᠢᠨ ᠠᠵᠤ ᠠᠬᠤᠶ ᠶᠢ ᠠᠴᠢᠶᠠᠯᠠᠬᠤ ᠴᠢᠬᠤᠯᠠ ᠣᠷᠣᠨ ᠪᠦᠰᠡ ᠮᠥᠨ᠂ ᠰᠠᠭᠤᠷᠢ ᠲᠥᠭᠦᠭᠡᠷᠤᠮᠵᠢ ᠨᠢ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠨᠡᠭᠡᠭᠡᠨ ᠭᠥᠭᠵᠢᠭᠦᠯᠥᠯᠳᠠ ᠪᠦᠲᠦᠭᠡᠨ ᠪᠠᠶᠢᠭᠤᠯᠤᠯᠳᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠲᠠᠴᠢᠯᠠᠬᠤ ᠠᠬᠢᠯᠲᠠ ᠶᠢᠨ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ ᠪᠠᠶᠢᠭ᠎ᠠ ᠶᠤᠮ᠃ ᠰᠣᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠪᠣᠯᠤᠨ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠣᠭᠤᠷᠢᠭ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠤᠨ ᠠᠵᠤ ᠥᠢᠯᠡᠳᠪᠤᠷᠢ ᠶᠢᠨ ᠲᠥᠷᠥᠯ ᠵᠦᠢᠯ ᠤᠨ ᠠᠴᠢᠶᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠡᠯ᠎ᠡ ᠲᠥᠷᠤᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠪᠦᠬᠦ ᠬᠤᠰᠢᠭᠤᠨ ᠤ ᠠᠵᠤ ᠥᠢᠯᠡᠳᠪᠤᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃      ᠬᠤᠷᠠᠯ ᠠᠴᠠ ︽ᠡᠷᠡᠭᠦᠯ ᠡᠩᠬᠡ ᠦᠣᠰᠢᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ  ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ ︽ᠡᠷᠡᠭᠦᠯ ᠡᠩᠬᠡ ᠥᠥᠰᠢᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠲᠠᠢ ᠬᠠᠷᠢᠴᠠᠭᠤᠯᠤᠨ ᠨᠠᠷᠢᠨ ᠲᠤᠭᠢᠷᠠᠭᠤᠯᠤᠯᠳᠠ ᠪᠠᠶᠢᠷᠢᠯᠠᠭᠤᠯᠤᠯᠳᠠ ᠭᠢᠵᠤ ᠡᠭᠦᠷᠭᠡ ᠲᠣᠳᠣᠷᠬᠠᠶ᠂ ᠬᠠᠷᠢᠭᠤᠴᠠᠯᠭ᠎ᠠ ᠲᠣᠳᠣᠷᠬᠠᠶ᠂ ᠠᠷᠭ᠎ᠠ ᠬᠡᠮᠵᠢᠶ᠎ᠡ ᠪᠣᠳᠠᠲᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ ᠃ ᠡᠷᠡᠭᠦᠯ ᠡᠩᠬᠡ ᠦᠦᠰᠢᠨ ᠠᠵᠢᠯᠯᠠᠭ᠎ᠠ ᠶᠢ ᠲᠦᠭᠡᠮᠡᠯᠵᠢᠭᠦᠯᠦᠨ ᠤᠬᠠᠭᠤᠯᠬᠤ ᠠᠵᠢᠯ ᠢ ᠴᠢᠩᠭᠠᠳᠬᠠᠵᠤ ᠡᠷᠡᠭᠦᠯ ᠡᠩᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠪᠤᠯᠤᠩ ᠨᠡᠭᠡᠭᠡᠬᠦ᠂ ᠠᠰᠠᠭᠤᠨ ᠯᠠᠪᠯᠠᠬᠤ  ᠴᠡᠭ ᠭᠠᠷᠭᠠᠬᠤ᠂ ᠥᠢᠯᠡᠳᠤᠯᠭᠡ ᠶᠢᠨ ᠥᠷᠲᠡᠭᠡ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠥᠮᠡᠨ ᠳᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠵᠤ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠲᠡᠭᠡᠭᠰᠢᠯᠠᠭᠦᠯᠭᠦ ᠭᠡᠷᠡᠭᠳᠠᠢ ᠭᠡᠵᠡᠢ᠃      ᠬᠤᠷᠠᠯ ᠠᠴᠠ᠂ 2020 ᠣᠨ ᠤ ᠡᠳ᠋ ᠤᠨ ᠵᠠᠰᠠᠭ ᠤᠨ ᠲᠥᠰᠦᠪ ᠲᠤ ᠲᠣᠬᠢᠷᠠᠭᠤᠯᠤᠯᠲᠠ ᠬᠢᠬᠦ ᠲᠤᠬᠠᠶ ᠵᠥᠢᠯᠡᠰ ᠢ  ᠰᠤᠳᠤᠯᠤᠨ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠤᠢ ᠪᠤᠯᠭᠠᠨ ᠲᠥᠰᠤᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠤᠨ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠲᠡᠭᠡᠭᠰᠢᠯᠠᠭᠦᠯᠵᠦ ᠠᠵᠤ ᠠᠬᠤᠶ ᠨᠡᠶᠢᠭᠡᠮ ᠤᠨ ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠳᠤ ᠬᠦᠴᠦᠲᠡᠶ ᠪᠠᠳᠤᠯᠠᠭ᠎ᠠ ᠬᠠᠩᠭᠠᠬᠤ ᠭᠡᠷᠡᠭᠳᠠᠢ ᠭᠡᠵᠡᠢ᠃      ᠬᠤᠷᠠᠯ ᠠᠴᠠ ᠪᠠᠰᠠ ᠪᠤᠰᠤᠳ ᠵᠥᠢᠯᠡᠰ ᠢ ᠰᠤᠳᠤᠯᠵᠠᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号