ᠡᠷᠳᠡᠨᠢᠪᠢᠯᠢᠭ ᠦᠤᠰᠢᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠯᠬᠢ ᠭᠡᠷᠡᠯ ᠢᠯᠴᠢ ᠪᠠᠷ ᠴᠠᠬᠢᠯᠭᠠᠨ ᠭᠠᠷᠭᠠᠬᠤ ᠬᠠᠳᠠᠭᠠᠯᠠᠬᠤ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ ᠤᠨ ᠲᠥᠯᠥᠪᠵᠢᠭᠦᠯᠭᠡ ᠶᠢᠨ ᠮᠡᠳᠡᠭᠦᠯᠦᠯᠲᠡ ᠶᠢᠨ ᠲᠤᠰᠬᠠᠶ ᠮᠡᠷᠭᠡᠵᠢᠯᠲᠡᠨ ᠤ ᠬᠢᠨᠠᠨ ᠲᠤᠭᠳᠠᠭᠠᠬᠤ ᠬᠤᠷᠠᠯ ᠳᠤ ᠤᠷᠤᠯᠴᠠᠨ ᠪᠣᠳᠠᠲᠠᠶ ᠳᠤ ᠰᠠᠭᠤᠷᠢᠯᠠᠨ ᠲᠥᠯᠥᠪᠵᠢᠭᠦᠯᠭᠡ ᠪᠠᠷ ᠬᠥᠲᠥᠯᠥᠨ ᠲᠠᠭᠠᠭᠤᠯᠵᠤ ᠨᠢᠭᠡᠳᠦᠯᠲᠡᠶ ᠲᠥᠯᠥᠪᠯᠡᠨ ᠠᠭᠢᠭᠤᠯᠵᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠭᠥᠭᠵᠢᠭᠦᠯᠭᠦ ᠬᠡᠷᠡᠭᠲᠡᠶ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 26 ᠤ ᠡᠳᠦᠷ᠂ ᠦᠤᠰᠢᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠯᠬᠢ ᠭᠡᠷᠡᠯ ᠢᠯᠴᠢ ᠪᠠᠷ ᠴᠠᠬᠢᠯᠭᠠᠨ ᠭᠠᠷᠭᠠᠬᠤ ᠬᠠᠳᠠᠭᠠᠯᠠᠬᠤ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ  ᠤᠨ ᠲᠥᠯᠥᠪᠵᠢᠭᠦᠯᠭᠡ ᠶᠢᠨ ᠮᠡᠳᠡᠭᠦᠯᠦᠯᠲᠡ ᠶᠢᠨ ᠲᠤᠰᠬᠠᠶ ᠮᠡᠷᠭᠡᠵᠢᠯᠲᠡᠨ ᠤ ᠬᠢᠨᠠᠨ ᠲᠤᠭᠳᠠᠭᠠᠬᠤ ᠬᠤᠷᠠᠯ ᠣᠷᠳᠣᠰ ᠬᠤᠲᠠ ᠶᠢᠨ ᠤᠯᠠᠭᠠᠨ ᠪᠠᠭᠤᠳᠠᠯ ᠳᠤ ᠬᠤᠷᠠᠯᠳᠤᠪᠠ᠃ ᠬᠢᠨᠠᠨ ᠲᠣᠭᠲᠠᠭᠠᠬᠤ ᠪᠠᠶᠢᠭᠤᠯᠤᠮᠵᠢ ᠪᠠ ᠮᠡᠳᠡᠭᠦᠯᠦᠯᠲᠡ ᠶᠢ ᠨᠠᠶᠢᠷᠠᠭᠤᠯᠤᠨ ᠲᠤᠭᠳᠠᠭᠠᠬᠤ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠲᠤᠰᠬᠠᠶ ᠮᠡᠷᠭᠡᠵᠢᠯᠲᠡᠨ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯᠲᠠᠨ ᠤ ᠲᠥᠯᠥᠭᠡᠯᠡᠭᠴᠢ ᠤᠷᠢᠯᠭ᠎ᠠ ᠪᠠᠷ ᠬᠢᠨᠠᠨ ᠲᠣᠭᠲᠠᠭᠠᠬᠤ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠪᠤᠯᠤᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠰᠠᠯᠬᠢ ᠭᠡᠷᠡᠯ ᠢᠯᠴᠢ ᠪᠠᠷ ᠴᠠᠬᠢᠯᠭᠠᠨ ᠭᠠᠷᠭᠠᠬᠤ ᠬᠠᠳᠠᠭᠠᠯᠠᠬᠤ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠭᠤᠯᠬᠤ ᠪᠣᠯ ᠮᠠᠨ ᠤ ᠬᠤᠰᠢᠭᠤ ᠶᠡᠷᠦᠩᠬᠡᠶ ᠱᠦᠵᠢ ᠰᠢ‌‍ᠶᠢᠨ ᠫᠢᠩ ᠤᠨ ᠥᠪᠥᠷ ᠮᠣᠩᠭᠤᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ᠂ ᠮᠥᠨᠴᠦ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠢᠨᠵᠧᠨᠧᠷᠢᠩ ᠪᠣᠯᠤᠨ᠎ᠠ᠃ ᠡᠨᠡ ᠨᠢ ᠮᠠᠨ ᠤ ᠬᠤᠰᠢᠭᠤᠨ ᠤ ᠥᠪᠥᠷ ᠮᠣᠩᠭᠤᠯ ᠤᠨ ᠪᠠᠷᠠᠭᠤᠨ ᠤᠷᠤᠨ ᠤ ᠴᠠᠬᠢᠯᠭᠠᠨ ᠢ ᠭᠠᠳᠠᠭᠰᠢ ᠬᠦᠷᠭᠡᠬᠦ ᠶᠢ ᠨᠠᠪᠳᠠᠷᠠᠭᠦᠯᠭᠦ ᠵᠠᠮ ᠳᠤ ᠠᠭᠤᠰᠬᠠᠵᠤ ᠥᠪᠥᠷ ᠮᠣᠩᠭᠤᠯ ᠱᠠᠨᠰᠢ ᠨᠢᠩᠰᠢᠶᠠ ᠶᠢᠨ ᠴᠠᠬᠢᠯᠭᠠᠨ ᠡᠭᠦᠰᠭᠡᠭᠴᠢ ᠶᠢᠨ ᠴᠡᠭ ᠤᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ ᠳᠤ ᠠᠰᠢᠭᠲᠠᠶ᠃ ᠨᠡᠭᠦᠷᠡᠰᠦᠨ ᠴᠢᠯᠠᠭᠤ᠂ ᠠᠭᠤᠷᠬᠠᠢ ᠶᠢᠨ ᠬᠤᠳᠳᠤᠭ ᠤᠨ ᠤᠰᠤ ᠵᠡᠷᠭᠡ ᠨᠡᠭᠦᠷᠡᠰᠦᠨ ᠤ ᠳᠠᠭᠠᠯᠳᠤᠬᠤ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠥᠨᠳᠥᠷ ᠪᠦᠲᠦᠮᠵᠢᠲᠡᠶ ᠠᠰᠢᠭᠯᠠᠬᠤ ᠳᠤ ᠠᠰᠢᠭᠲᠠᠶ᠃ ᠣᠷᠣᠨ ᠪᠦᠰᠡ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ ᠨᠡᠭᠦᠷᠡᠰᠦᠨ ᠤ ᠠᠵᠤ ᠦᠢᠯᠡᠰ ᠤᠨ ᠭᠡᠯᠭᠢᠶᠠᠵᠢᠯ ᠢ ᠤᠷᠲᠤᠳᠬᠠᠬᠤ᠂ ᠨᠡᠭᠦᠷᠡᠰᠦ ᠴᠠᠬᠢᠯᠭᠠᠨ ᠤ ᠬᠥᠭᠵᠢᠯᠲᠡ ᠶᠢᠨ ᠲᠤᠳᠠᠭᠳᠠᠯ ᠢ ᠨᠥᠬᠦᠪᠥᠷᠢᠯᠡᠬᠦ ᠳᠤ ᠠᠰᠢᠭᠲᠠᠢ ᠪᠠᠶᠢᠵᠤ ᠮᠠᠨ ᠤ ᠬᠤᠰᠢᠭᠤᠨ ᠤ ᠴᠡᠪᠡᠷ ᠡᠨᠧᠷᠭᠢ ᠪᠣᠯᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠪᠤᠯᠬᠤ ᠡᠨᠧᠷᠭᠢ ᠶᠢᠨ ᠠᠵᠤ ᠥᠢᠯᠡᠰ ᠤᠨ ᠬᠥᠭᠵᠢᠯᠲᠡ ᠶᠢᠨ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠴᠠᠭ ᠲᠤᠬᠠᠶ ᠳᠤᠨᠢ ᠰᠤᠷᠤᠯᠴᠠᠨ ᠲᠤᠭᠤᠰᠢᠯᠠᠭᠤᠯᠵᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠴᠢᠭᠯᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠣᠪᠴᠢᠲᠠᠶ ᠡᠵᠡᠮᠳᠠᠨ ᠮᠠᠨ ᠤ ᠬᠤᠰᠢᠭᠤᠨ ᠤ ᠠᠵᠤ ᠦᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠳᠠᠯᠠᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ ᠨᠢᠭᠡᠳᠦᠯᠲᠡᠶ ᠲᠥᠯᠥᠪᠯᠡᠨ ᠠᠷᠭ᠎ᠠ ᠪᠣᠳᠣᠯᠭ᠎ᠠ ᠰᠦᠪᠡᠭᠴᠢᠯᠡᠵᠦ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠵᠦ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠥᠵᠠᠭᠦᠯᠭᠦ ᠭᠡᠷᠡᠭᠳᠠᠢ ᠭᠡᠵᠡᠢ᠃
     ᠬᠤᠷᠠᠯ ᠳᠡᠭᠡᠷ᠎ᠡ᠂ ᠲᠥᠯᠥᠪᠵᠢᠭᠦᠯᠭᠡ ᠨᠠᠶᠢᠷᠠᠭᠤᠯᠤᠨ ᠲᠤᠭᠳᠠᠭᠠᠬᠤ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠳᠠᠨ ᠨᠠᠶᠢᠷᠠᠭᠤᠯᠤᠨ ᠲᠤᠭᠳᠠᠭᠠᠭᠰᠠᠨ ᠪᠠᠶᠢᠳᠠᠯ ᠪᠠ ᠭᠤᠤᠯ ᠠᠭᠤᠯᠭ᠎ᠠ ᠶᠢ ᠨᠠᠷᠢᠨ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠵᠢᠴᠢ ᠲᠤᠰᠬᠠᠶ ᠮᠡᠷᠭᠡᠵᠢᠯᠲᠡᠳ ᠤᠨ ᠳᠤᠭᠤᠶᠢᠯᠠᠩ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢᠨ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠪᠣᠯᠤᠨ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠭᠥᠢᠴᠡᠳ ᠨᠤᠳᠠᠯᠠᠨ ︽ᠲᠥᠯᠥᠪᠵᠢᠭᠦᠯᠭᠡ ᠶᠢᠨ ᠮᠡᠳᠡᠭᠦᠯᠦᠯᠲᠡ︾ ᠨᠢ ᠨᠡᠭᠦᠷᠡᠰᠦᠨ ᠤ ᠡᠬᠢ ᠪᠠᠶᠠᠯᠢᠭ᠂ ᠤᠰᠤᠨ ᠤ ᠡᠬᠢ ᠪᠠᠶᠠᠯᠢᠭ᠂ ᠵᠠᠬ᠎ᠠ ᠳᠡᠯᠭᠡᠭᠦᠷ ᠵᠡᠷᠭᠡ ᠡᠯᠧᠮᠧᠨ᠋ᠲ ᠢ ᠪᠦᠬᠦ ᠲᠠᠯ᠎ᠠ ᠪᠠᠷ ᠵᠠᠳᠠᠯᠵᠤ ᠮᠡᠳᠡᠭᠦᠯᠦᠯᠲᠡ ᠶᠢᠨ ᠠᠭᠤᠯᠭ᠎ᠠ ᠨᠢ ᠨᠠᠷᠢᠨ ᠪᠣᠳᠠᠲᠠᠶ᠂ ᠰᠠᠭᠤᠷᠢ ᠨᠢ ᠯᠠᠪᠳᠠᠭᠤᠨ ᠪᠠᠲᠤᠲᠠᠶ᠂ ᠰᠠᠳᠭᠢᠴᠠ ᠨᠢ ᠲᠤᠳᠤᠷᠬᠠᠢ ᠪᠠᠶᠢᠵᠤ᠂ ᠲᠤᠰ ᠰᠠᠭᠤᠷᠢᠨ ᠭᠠᠵᠠᠷ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠴᠠᠬᠢᠯᠭᠠᠨ ᠬᠦᠴᠦᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠳᠤ ᠮᠠᠰᠢ ᠰᠠᠶᠢᠨ ᠲᠤᠯᠭᠠᠭᠤᠷᠢᠯᠠᠬᠤ ᠥᠢᠯᠡᠳᠤᠯ ᠲᠠᠢ ᠭᠡᠵᠤ ᠥᠵᠡᠭᠰᠠᠨ ᠪᠠᠶᠢᠨ᠎ᠠ᠃ ᠬᠤᠷᠠᠯ ᠳᠡᠭᠡᠷ᠎ᠡ ᠲᠤᠰᠬᠠᠶ ᠮᠡᠷᠭᠡᠵᠢᠯᠲᠡᠳ ᠤᠨ ᠳᠤᠭᠤᠶᠢᠯᠠᠩ ᠤᠨ ᠬᠢᠨ ᠲᠤᠰᠬᠠᠶ ᠮᠡᠷᠭᠡᠵᠢᠯ ᠤᠨ ᠲᠠᠯ᠎ᠠ ᠠᠴᠠ ᠲᠥᠯᠥᠪᠵᠢᠭᠦᠯᠭᠡ ᠶᠢᠨ ᠠᠭᠤᠯᠭ᠎ᠠ ᠶᠢ ᠵᠢᠯᠣᠭᠤᠳᠤᠨ ᠨᠤᠳᠠᠯᠠᠵᠤ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠤᠨ ᠨᠠᠶᠢᠷᠠᠭᠤᠯᠤᠨ ᠲᠤᠭᠳᠠᠭᠠᠬᠤ ᠨᠢᠭᠡᠴᠢ ᠲᠤᠰᠬᠠᠶ ᠮᠡᠷᠭᠡᠵᠢᠯᠲᠡᠨ ᠤ ᠰᠠᠨᠠᠯ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ᠵᠢᠩᠬᠢᠨᠢ ᠮᠡᠳᠡᠭᠦᠯᠦᠯᠲᠡ ᠪᠠᠨ ᠲᠤᠰᠢᠶᠠᠬᠤ ᠪᠣᠯᠤᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号