ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠪᠠᠨ ᠲᠤᠯᠤᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 27 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠪᠠᠨ ᠲᠤᠯᠤᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠪᠠᠨ ᠲᠤᠯᠤᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠯᠢᠨ ᠶᠦᠩ ᠭᠠᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠧᠤ ᠱᠤᠸᠠᠢ᠂ ᠪᠠᠶᠠᠠᠴᠡᠩᠭᠡᠯ ᠪᠤᠯᠤᠨ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠢᠶᠠᠷ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠠᠵᠤ ᠥᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠤᠷᠢᠯᠠᠭᠦ ᠵᠢᠴᠢ ᠡᠬᠢ ᠪᠠᠶᠠᠯᠢᠭᠵᠢᠭᠤᠯᠤᠨ ᠬᠠᠳᠠᠭᠠᠯᠠᠬᠤ ᠲᠠᠯᠠᠪᠠᠶ ᠶᠢᠨ ᠲᠥᠷᠤᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠠᠭᠢᠴᠠ ᠶᠢᠨ ᠪᠠᠶᠢᠳᠠᠯ ᠢ ᠰᠤᠨᠤᠰᠴᠤ ᠪᠦᠦ ᠹᠧᠩ 4x100 ᠲᠦᠮᠡᠨ ᠲᠣᠨ ᠨᠡᠭᠦᠷᠡᠰᠦ ᠪᠠᠷ ᠠᠯᠺᠧᠨ ᠥᠢᠯᠡᠳᠪᠤᠷᠢᠯᠠᠭᠦ ᠵᠢᠱᠢᠶ᠎ᠡ ᠦᠵᠡᠭᠦᠯᠬᠦ ᠲᠥᠷᠥᠯ ᠵᠥᠢᠯ ᠢ ᠠᠭᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠭᠤᠤᠯᠳᠠᠯᠭ᠎ᠠ ᠲᠠᠢ ᠲᠥᠷᠥᠯ  ᠵᠥᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠮᠭᠢᠯᠠᠨ ᠬᠠᠷᠢᠭᠤᠴᠠᠯᠭ᠎ᠠ ᠶᠢᠨ ᠪᠠᠶᠢᠭᠤᠯᠭ᠎ᠠ ᠨᠢᠭᠡᠴᠢ ᠬᠠᠷᠢᠭᠤᠴᠠᠯᠭ᠎ᠠ ᠶᠢᠨ ᠭᠥᠮᠤᠨ ᠢ ᠲᠤᠳᠤᠷᠬᠠᠶᠢᠯᠠᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ᠂ ᠭᠠᠵᠠᠷ ᠲᠠᠲᠠᠪᠤᠷᠢᠯᠠᠨ ᠨᠠᠭᠦᠯᠭᠡᠭᠦ ᠡᠯ᠎ᠡ ᠲᠥᠷᠤᠯ ᠤᠨ ᠠᠵᠢᠯ ᠢ ᠰᠠᠶᠢᠲᠤᠷ ᠬᠢᠵᠦ ᠭᠤᠤᠯᠳᠠᠯᠭ᠎ᠠ ᠲᠠᠢ ᠲᠥᠷᠥᠯ ᠵᠥᠢᠯ ᠤᠨ  ᠠᠵᠢᠯ ᠢ ᠲᠥᠷᠭᠡᠨ ᠡᠬᠢᠯᠡᠭᠦᠯᠬᠦ ᠶᠢ ᠪᠠᠳᠤᠯᠠᠬᠤ ᠭᠡᠷᠡᠭᠳᠡᠢ ᠭᠡᠵᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ  ᠲᠡᠭᠡᠭᠰᠢᠯᠠᠭᠦᠯᠤᠨ ᠦᠵᠡᠯ ᠰᠠᠨᠠᠭ᠎ᠠ ᠪᠠᠨ ᠨᠢᠭᠡᠳᠭᠡᠵᠤ ᠴᠢᠬᠤᠯᠠ ᠲᠤᠮᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠲᠥᠷᠥᠯ ᠵᠦᠢᠯ ᠤᠨ ᠲᠦᠷᠭᠡᠨ ᠪᠥᠭᠡᠳ ᠡᠮᠬᠢ ᠵᠢᠷᠤᠮ ᠲᠠᠢ ᠪᠦᠲᠦᠭᠡᠨ ᠪᠠᠶᠢᠭᠤᠯᠤᠯᠲᠠ ᠶᠢ ᠠᠭᠢᠭᠤᠯᠬᠤ ᠭᠡᠷᠡᠭᠳᠠᠢ᠃ ᠠᠵᠢᠯ ᠬᠤᠪᠢᠶᠠᠷᠢᠯᠠᠨ ᠬᠠᠷᠢᠭᠤᠴᠠᠵᠤ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ ᠲᠥᠷᠥᠯ ᠵᠦᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠤᠷᠢᠯᠠᠵᠤ ᠥᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠭᠢᠭᠦ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠶᠤᠯᠭᠦᠶ ᠦᠢᠯᠡᠳᠪᠤᠷᠢᠯᠡᠯ ᠪᠠ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭ᠎ᠠ ᠠᠳᠬᠤᠵᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠦ ᠲᠥᠷᠥᠯ ᠵᠥᠢᠯ ᠤᠨ ᠤᠷᠤᠭᠰᠢᠲᠠᠶ ᠶᠠᠪᠣᠭᠳᠠᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号