ᠮᠠᠨ ᠤ ᠬᠤᠰᠢᠭᠤ ᠤᠳᠬ᠎ᠠ ᠠᠭᠤᠯᠭ᠎ᠠ ᠲᠠᠢ ᠠᠵᠢᠯᠯᠠᠭ᠎ᠠ ᠦᠷᠨᠢᠬᠦᠯᠦᠨ ᠠᠷᠪᠠᠨ ᠨᠢᠭᠡᠳᠠᠬᠢ ︽ᠮᠠᠯ ᠤᠨ ᠡᠮᠴᠢ ᠶᠢᠨ ᠪᠠᠶᠠᠷ ᠤᠨ ᠡᠳᠦᠷ︾ ᠢ ᠪᠡᠯᠭᠡᠯᠡᠯ᠎ᠡ
ᠨᠡᠶᠢᠲᠡᠯᠡᠭᠰᠡᠨ ᠴᠠᠭ᠄
2020/11/2
     ᠮᠠᠯ ᠡᠮᠨᠡᠯᠭᠡ ᠶᠢᠨ ᠮᠡᠳᠡᠯᠭᠡ ᠶᠢ ᠨᠠᠩ ᠰᠠᠶᠢᠨ ᠲᠦᠭᠡᠮᠡᠯᠵᠢᠭᠦᠯᠵᠦ᠂ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠠᠬᠢᠭᠤᠯᠬᠤ ᠶᠢᠨ ᠲᠤᠰᠠᠳᠠ 10 ᠰᠠᠷ᠎ᠠ ᠶᠢᠨ 27 ᠤ ᠡᠳᠦᠷ᠂ ᠦᠦᠰᠢᠨᠵᠤᠤ ᠪᠠᠯᠭᠠᠰᠤ ᠠᠷᠪᠠᠨ ᠨᠢᠭᠡᠳᠠᠬᠢ ︽ᠮᠠᠯ ᠤᠨ ᠡᠮᠴᠢ ᠶᠢᠨ ᠪᠠᠶᠠᠷ ᠤᠨ ᠡᠳᠦᠷ︾ ᠢ ᠪᠡᠯᠭᠡᠯᠡᠬᠦ ᠠᠵᠢᠯᠯᠠᠭ᠎ᠠ ᠵᠢᠴᠢ ᠮᠡᠷᠭᠡᠵᠢᠯ ᠤᠨ ᠰᠣᠯᠢᠯᠴᠠᠭᠠᠨ ᠤ ᠬᠤᠷᠠᠯ ᠬᠢᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠯ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷ᠂ ᠠᠰᠫᠢᠷᠠᠨᠲ ᠤᠨ ᠵᠢᠯᠣᠭᠤᠳᠣᠭᠴᠢ ᠪᠠᠭᠰᠢ ᠬᠠᠰᠰᠦ᠋ᠷᠦᠩ᠂ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠪᠤᠯᠠᠭ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ᠂ ᠦᠦᠰᠢᠨᠵᠤᠤ ᠪᠠᠯᠭᠠᠰᠤ᠂ ᠥᠪᠥᠷ ᠮᠣᠩᠭᠤᠯ ᠤᠨ ᠬᠤᠸᠠ ᠤᠦ ᠺᠧ ᠰᠢᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠡᠯ᠎ᠡ ᠰᠤᠮᠤ ᠪᠠᠯᠭᠠᠰᠤᠨ ᠤ ᠮᠠᠯ ᠡᠮᠨᠡᠯᠭᠡ ᠶᠢᠨ ᠲᠥᠯᠥᠭᠡᠯᠡᠭᠴᠢ ᠪᠠ ᠦᠦᠰᠢᠨᠵᠤᠤ ᠪᠠᠯᠭᠠᠰᠤᠨ ᠤ ᠪᠦᠬᠦ ᠠᠮᠢᠲᠠᠨ ᠤ ᠬᠢᠵᠢᠭ ᠰᠡᠷᠭᠡᠶᠢᠯᠡᠭᠴᠢ᠂ ᠮᠠᠯ ᠡᠮᠨᠡᠯᠭᠡ ᠶᠢᠨ ᠠᠵᠢᠯᠲᠠᠨ ᠬᠤᠷᠠᠯ ᠳᠤ ᠣᠷᠣᠯᠴᠠᠪᠠ᠃
     ᠦᠦᠰᠢᠨᠵᠤᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠶᠠᠨ ᠳᠤ ᠪᠠᠨ᠂ ᠡᠨᠡ ᠵᠢᠯ ᠠᠴᠠ ᠨᠠᠰᠢ ᠦᠦᠰᠢᠨᠵᠤᠤ ᠪᠠᠯᠭᠠᠰᠤᠨ ᠤ ᠮᠠᠯ ᠠᠵᠤ ᠠᠬᠤᠶ᠂ ᠮᠠᠯ ᠡᠮᠨᠡᠯᠭᠡ ᠶᠢᠨ ᠰᠠᠯᠠᠭ᠎ᠠ ᠮᠥᠴᠢᠷ ᠳᠡᠭᠡᠲᠦ ᠬᠡᠮᠵᠢᠶᠡᠨ ᠤ ᠬᠠᠷᠢᠭᠤᠴᠠᠯᠭ᠎ᠠ ᠲᠠᠢ ᠣᠪᠣᠷ ᠠᠪᠴᠤ ᠬᠦᠴᠢᠷ ᠵᠣᠪᠠᠯᠠᠩ ᠢ  ᠲᠤᠭᠤᠯᠤᠨ ᠲᠡᠮᠡᠴᠡᠬᠦ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠤᠨ ᠤᠯᠤᠰ ᠲᠦᠷᠦ ᠶᠢ ᠡᠷᠬᠢᠮᠯᠡᠵᠦ᠂ ᠪᠦᠬᠦ ᠲᠠᠯ᠎ᠠ ᠶᠢ ᠪᠣᠳᠣᠯᠬᠢᠯᠠᠨ ᠶᠡᠭᠡ ᠬᠡᠮᠵᠢᠶᠡᠨ ᠤ ᠰᠢᠷᠭᠠᠭᠤ ᠬᠠᠲᠠᠭᠤᠵᠢᠯᠲᠠᠢ᠂ ᠨᠠᠷᠢᠨ ᠨᠢᠮᠪᠠᠶ᠂ ᠦᠷ᠎ᠡ ᠪᠦᠲᠦᠮᠵᠢ ᠰᠠᠶᠢᠲᠠᠶ ᠠᠵᠢᠯ ᠢ ᠬᠢᠭᠰᠡᠨ ᠪᠠᠶᠢᠨ᠎ᠠ᠃ ᠮᠠᠯ ᠤᠨ ᠪᠷᠦ᠋ᠼᠧᠯ ᠡᠪᠡᠳᠴᠢᠨ ᠢ ᠰᠢᠭᠰᠢᠨ ᠪᠠᠶᠢᠴᠠᠭᠠᠬᠤ᠂ ᠰᠠᠭᠠᠯᠢ ᠶᠢᠨ ᠦᠨᠢᠶ᠎ᠡ ᠶᠢᠨ ᠬᠤᠶᠠᠷ ᠡᠪᠡᠳᠴᠢᠨ ᠢ ᠰᠢᠯᠭᠠᠨ ᠪᠠᠶᠢᠴᠠᠭᠠᠬᠤ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠢᠴᠢ ᠠᠮᠢᠲᠠᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠵᠢᠭ ᠢ ᠬᠢᠨᠠᠨ ᠬᠠᠮᠢᠶᠠᠷᠬᠤ ᠵᠡᠷᠭᠡ ᠠᠵᠢᠯ ᠢ ᠡᠮᠬᠢ ᠵᠢᠷᠤᠮ ᠲᠠᠢ ᠪᠦᠲᠦᠮᠵᠢᠲᠡᠶ ᠪᠡᠶᠡᠯᠡᠭᠦᠯᠵᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠨᠡᠨ ᠬᠦ ᠪᠡᠶᠡᠯᠡᠭᠦᠯᠵᠤ ᠪᠦᠬᠦ ᠪᠠᠯᠭᠠᠰᠤᠨ ᠤ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠪᠠ ᠬᠡᠵᠠᠢ᠃
     ᠠᠵᠢᠯᠯᠠᠭᠠᠨ ᠳᠤ ᠠᠬᠠᠮᠠᠳ ᠮᠠᠯ ᠤᠨ ᠡᠮᠴᠢ ᠨᠡᠷ ᠲᠤ ᠳᠤᠷᠠᠰᠬᠠᠯ ᠤᠨ ᠡᠳ᠋ ᠲᠦᠭᠡᠭᠡᠵᠦ᠂ ᠠᠮᠢᠲᠠᠨ ᠤ ᠬᠢᠵᠢᠭ ᠰᠡᠷᠭᠡᠶᠢᠯᠡᠭᠴᠢ ᠶᠢᠨ ᠠᠵᠢᠯ ᠤᠨ ᠪᠠᠶᠢᠷᠢ ᠳᠡᠭᠡᠷ᠎ᠡ ᠴᠤᠯᠭᠤᠷᠠᠨ ᠠᠵᠢᠯᠯᠠᠵᠤ ᠪᠠᠶᠢᠭ᠎ᠠ ᠵᠢᠷᠭᠠᠯᠠᠩᠲᠤ᠂ ᠬᠠᠰᠳᠠᠯᠠᠶ ᠶᠢ ᠬᠥᠬᠢᠭᠦᠯᠦᠨ ᠰᠠᠶᠢᠰᠢᠶᠠᠪᠠ᠃ ᠪᠠᠰᠠ ᠬᠢᠵᠢᠭ ᠪᠠᠶᠢᠴᠠᠭᠠᠵᠤ ᠬᠢᠨᠠᠯᠲᠠ ᠲᠠᠯᠪᠢᠬᠤ ᠴᠢᠳᠠᠪᠤᠷᠢ ᠪᠣᠯᠤᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠤᠬᠠᠢ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠵᠠᠢ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ ᠮᠠᠯ ᠠᠵᠤ ᠠᠬᠤᠶ᠂ ᠮᠠᠯ ᠡᠮᠨᠡᠯᠭᠡ ᠶᠢᠨ ᠠᠵᠢᠯᠲᠠᠳ ᠲᠤ ᠳᠠᠪᠳᠠᠨ ᠰᠤᠷᠤᠯᠴᠠᠬᠤ ᠲᠠᠪᠴᠠᠩ  ᠢ ᠬᠠᠩᠭᠠᠭᠰᠠᠨ ᠢᠶᠠᠷ ᠪᠠᠷᠠᠬᠤ ᠦᠭᠡᠢ ᠮᠦᠨ ᠴᠦ ᠬᠠᠷᠢᠯᠴᠠᠨ ᠰᠤᠷᠤᠯᠴᠠᠨ ᠲᠤᠷᠰᠢᠯᠭ᠎ᠠ ᠪᠠᠨ ᠰᠣᠯᠢᠯᠴᠠᠬᠤ᠂ ᠬᠠᠮᠲᠤ ᠪᠠᠷ ᠠᠬᠢᠭᠤᠯᠬᠤ ᠵᠣᠷᠢᠯᠭ᠎ᠠ ᠳᠠᠭᠠᠨ ᠬᠦᠷᠴᠦ ᠪᠦᠬᠦ ᠪᠠᠯᠭᠠᠰᠤᠨ ᠤ ᠮᠠᠯ ᠠᠵᠤ ᠠᠬᠤᠶ ᠮᠠᠯ ᠡᠮᠨᠡᠯᠭᠡ ᠶᠢᠨ ᠠᠵᠢᠯᠲᠠᠳ ᠤᠨ ᠬᠢᠵᠢᠭ ᠰᠡᠷᠭᠡᠶᠢᠯᠡᠬᠦ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ ᠠᠵᠢᠯ ᠤᠨ ᠰᠠᠭᠤᠷᠢ ᠶᠢ ᠪᠠᠬᠢᠵᠢᠭᠦᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠣᠷᠣᠯᠴᠠᠬᠤ ᠳᠤ ᠠᠬᠢᠭᠤᠯᠬᠤ ᠦᠢᠯᠡᠳᠦᠯ ᠦᠵᠡᠭᠦᠯᠤᠨ ᠵᠠᠯᠠᠭᠤ ᠠᠬᠠᠮᠠᠳ ᠮᠠᠯ ᠤᠨ ᠡᠮᠴᠢ ᠨᠠᠷ ᠤᠨ ᠬᠠᠷᠢᠯᠴᠠᠨ ᠲᠤᠷᠰᠢᠯᠭ᠎ᠠ ᠪᠠᠨ ᠰᠤᠷᠤᠯᠴᠠᠬᠤ ᠵᠢᠴᠢ ᠬᠤᠵᠢᠮ ᠤᠨ ᠠᠵᠢᠯ ᠤᠨ ᠲᠣᠮᠲᠠ ᠤᠨᠤᠯ ᠤᠶᠢᠯᠡᠳᠤᠯᠭᠡ ᠶᠢ ᠤᠶᠠᠯᠳᠤᠭᠤᠯᠤᠨ ᠡᠮᠴᠢᠯᠡᠭᠦ ᠲᠠᠯ᠎ᠠ ᠳᠤ ᠶᠡᠭᠡᠭᠡᠨ ᠲᠤᠰᠠᠯᠠᠮᠵᠢ ᠪᠤᠯᠵᠤ ᠬᠦᠳᠡᠭᠡ ᠨᠤᠳᠤᠭ ᠤᠨ ᠮᠠᠯ ᠤᠨ ᠡᠮᠴᠢ ᠨᠠᠷ ᠤᠨ ᠮᠠᠯ ᠠᠵᠤ ᠠᠬᠤᠢ ᠶᠢᠨ ᠤᠶᠢᠯᠡᠰ ᠲᠤ ᠴᠢᠷᠮᠠᠶᠢᠨ ᠠᠵᠢᠯᠯᠠᠬᠤ ᠢᠳᠡᠪᠬᠢᠵᠢᠯ ᠢ ᠲᠠᠶᠢᠴᠢᠯᠠᠭᠰᠠᠨ ᠪᠠᠶᠢᠨ᠎ᠠ᠃
   
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号