ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠭᠤᠤᠯᠳᠠᠯᠭ᠎ᠠ ᠲᠠᠢ ᠠᠵᠢᠯ  ᠴᠢᠬᠤᠯᠠ ᠶᠡᠭᠡ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ  ᠠᠳᠬᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠭᠡᠷᠡᠭᠳᠠᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠲᠤᠭ ᠪᠠᠯᠭᠠᠰᠤᠨ ᠳᠤ ᠬᠦᠷᠴᠤ ᠴᠢᠬᠤᠯᠠ ᠶᠡᠭᠡ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠠᠭᠤᠷᠬᠠᠶ ᠶᠢᠨ ᠪᠥᠳᠥᠭᠡᠨ ᠪᠠᠶᠢᠭᠤᠯᠤᠯᠳᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ  ᠳᠤ ᠪᠠᠶᠢᠴᠠᠭᠠᠨ ᠰᠤᠳᠤᠯᠤᠯᠳᠠ ᠭᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ ᠰᠠᠳᠭᠢᠴᠠ  ᠶᠢᠨ ᠰᠢᠨ᠎ᠠ ᠶᠢ ᠡᠭᠦᠳᠤᠨ ᠨᠡᠩ ᠶᠡᠭᠡ ᠡᠷᠴᠢᠮ ᠪᠣᠯᠤᠨ ᠨᠡᠩ ᠪᠣᠳᠠᠲᠠᠶ ᠠᠷᠭ᠎ᠠ ᠬᠡᠮᠵᠢᠶ᠎ᠡ ᠪᠠᠷ ᠭᠤᠤᠯᠳᠠᠯᠭ᠎ᠠ ᠲᠠᠢ ᠠᠵᠢᠯ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠭᠡᠷᠡᠭᠳᠠᠢ ᠭᠡᠵᠤ ᠴᠢᠬᠤᠯᠠᠴᠢᠯᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ‌‍ᠤ ᠪᠠᠶᠢᠩᠭᠤ ᠶᠢᠨ ᠭᠡᠰᠢᠭᠦᠨ ᠨᠠᠷᠢᠨ ᠪᠢᠴᠢᠭ ᠤᠨ ᠳᠠᠷᠤᠭ᠎ᠠ ᠱᠢ ᠯᠢᠶᠠᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
      ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠵᠦᠩ ᠲᠢᠶᠠᠨ ᠾᠧ ᠴᠤᠸᠠᠩ ᠺᠤᠮᠫᠠᠨᠢ  ᠶᠢᠨ ᠬᠤᠯᠤᠰᠤ ᠨᠡᠭᠦᠷᠡᠰᠦᠨ ᠠᠭᠤᠷᠬᠠᠶ ᠳᠤ ᠨᠢᠦ ᠵᠢᠶᠦ᠋ᠨ ᠶᠠᠨ ᠲᠥᠪ ᠡᠵᠡᠮᠰᠢᠯ ᠤᠨ ᠲᠤᠭᠢᠷᠠᠭᠤᠯᠭ᠎ᠠ ᠶᠢᠨ ᠲᠠᠰᠤᠭ ᠪᠣᠯᠤᠨ ᠨᠡᠭᠦᠷᠡᠰᠦᠨ ᠴᠢᠯᠠᠭᠤ ᠨᠤᠨᠳᠠᠭᠯᠠᠬᠤ ᠲᠠᠰᠤᠭ ᠲᠤ ᠤᠷᠤᠵᠤ ᠨᠡᠭᠦᠷᠡᠰᠦᠨ ᠠᠭᠤᠷᠬᠠᠶ ᠶᠢᠨ ᠥᠢᠯᠡᠳᠪᠤᠷᠢᠯᠠᠯ  ᠤᠨ ᠡᠷᠭᠢᠯᠳᠠ ᠶᠢᠨ ᠪᠠᠶᠢᠳᠠᠯ ᠢ ᠨᠠᠷᠢᠨ ᠤᠶᠢᠯᠠᠭᠠᠵᠦ ᠠᠵᠤ ᠠᠬᠤᠶᠢᠯᠠᠯ ᠢ ᠠᠶᠤᠯᠭᠦᠶ ᠥᠢᠯᠡᠳᠪᠤᠷᠢᠯᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠳᠤᠷ ᠬᠢᠭᠰᠡᠨ ᠤᠷᠢᠳᠠᠯ ᠲᠤᠤᠷ᠎ᠠ ᠠᠦ᠋ᠲ᠋ᠣᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠤᠶᠤᠨᠴᠢᠯᠠᠭᠰᠠᠨ ᠠᠭᠤᠷᠬᠠᠢ ᠶᠢᠨ ᠬᠤᠳᠳᠤᠭ ᠢ ᠪᠥᠳᠥᠭᠡᠨ ᠪᠠᠶᠢᠭᠤᠯᠵᠤ ᠨᠡᠭᠦᠷᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠥᠵᠠᠭᠦᠯᠰᠤᠭᠡᠢ ᠭᠡᠵᠡᠢ᠃ ᠨᠢᠤ ᠵᠢᠶᠦ᠋ᠨ ᠶᠠᠨ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠤᠬᠠᠶ ᠴᠢᠬᠤᠯᠠ ᠥᠭᠦᠯᠠᠯᠳᠠ ᠶᠢ ᠭᠦᠨᠵᠡᠭᠡᠶ ᠲᠤᠭᠤᠰᠢᠯᠠᠭᠤᠯᠵᠦ ᠣᠷᠳᠣᠰ ᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠨ ᠠᠵᠢᠯ ᠲᠥᠷᠥᠯ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ 5G ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠠᠵᠤ ᠦᠢᠯᠡᠰ ᠤᠨ ᠲᠤᠭᠠᠴᠢᠯᠠᠯᠳᠠ  ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠵᠤ ᠨᠡᠭᠦᠷᠡᠰᠦ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠭᠡᠯᠪᠠᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠭᠢᠭᠤᠯᠬᠤ ᠭᠡᠷᠡᠭᠳᠠᠢ ᠭᠡᠵᠡᠢ᠃
      ᠥᠪᠥᠷ ᠮᠣᠩᠭᠤᠯ ᠤᠨ ᠪᠦᠦ ᠹᠧᠩ ᠨᠡᠭᠦᠷᠡᠰᠦᠨ ᠤ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ  ᠳᠤ ᠪᠠᠨ 4 × 100 ᠲᠥᠮᠡᠨ ᠲᠣᠨ ᠨᠡᠭᠦᠷᠡᠰᠦ ᠪᠠᠷ ᠠᠯᠺᠧᠨ ᠥᠢᠯᠡᠳᠪᠤᠷᠢᠯᠠᠭᠦ ᠲᠠᠭᠤᠷᠢᠶᠠᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠭᠠᠵᠠᠷ ᠲᠤ ᠨᠢᠤ ᠵᠢᠶᠦ᠋ᠨ ᠶᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠤᠳᠤᠨᠤᠰᠤᠭ ᠢᠶᠠᠷ ᠶᠠᠷᠢᠯᠴᠠᠨ ᠲᠥᠷᠥᠯ ᠵᠥᠢᠯ ᠢ ᠠᠬᠢᠭᠤᠯᠤᠭᠰᠠᠨ ᠪᠠᠶᠢᠳᠠᠯ ᠳᠤ ᠭᠥᠢᠴᠡᠳ ᠥᠨᠠᠯᠠᠯᠳᠠ ᠥᠭᠴᠤ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠤᠳᠠᠯᠳᠤᠭ᠎ᠠ ᠡᠵᠡᠩᠨᠡᠬᠦ ᠣᠷᠴᠢᠨ ᠢ ᠪᠣᠶ ᠪᠤᠯᠭᠠᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠰᠢᠯᠢᠳᠡᠭ ᠥᠢᠯᠡᠴᠢᠯᠡᠭᠡ ᠬᠠᠩᠭᠠᠨ ᠡᠯ᠎ᠡ ᠲᠥᠷᠥᠯ ᠤᠨ ᠭᠠᠷ ᠭᠥᠢᠴᠡᠳᠭᠡᠯ ᠭᠢᠭᠦ ᠠᠵᠢᠯ ᠢ ᠠᠬᠢᠭᠤᠯᠵᠤ ᠲᠥᠷᠥᠯ ᠵᠥᠢᠯ ᠤᠨ ᠡᠷᠲᠡᠬᠡᠨ ᠪᠠᠷᠢᠯᠭ᠎ᠠ ᠡᠭᠢᠯᠠᠭᠦᠯᠤᠨ ᠡᠷᠲᠡᠬᠡᠨ ᠠᠰᠢᠭᠯᠠᠯᠳᠠ ᠳᠤ ᠤᠷᠤᠭᠤᠯᠬᠤ ᠶᠢ ᠠᠭᠢᠭᠤᠯᠬᠤ ᠭᠡᠷᠡᠭᠳᠠᠢ ᠭᠡᠵᠤ ᠱᠠᠭᠠᠷᠳᠠᠪᠠ᠃ ᠨᠢᠤ ᠵᠢᠶᠦ᠋ᠨ ᠶᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠤᠭᠢᠷᠠᠭᠤᠯᠬᠤ ᠳᠤ ᠰᠠᠭᠤᠷᠢᠯᠠᠨ ᠠᠵᠤ ᠥᠢᠯᠡᠰ ᠤᠨ ᠭᠡᠯᠭᠢᠶᠠᠵᠢᠯ ᠢ ᠤᠷᠳᠤᠳᠬᠠᠨ ᠨᠡᠮᠡᠯᠲᠡ ᠥᠷᠲᠡᠭ ᠢ ᠲᠡᠭᠡᠭᠰᠢᠯᠠᠭᠦᠯᠵᠤ ᠨᠠᠭᠦᠷᠠᠰᠤ ᠬᠢᠮᠢ ᠶᠢᠨ ᠠᠵᠤ ᠥᠢᠯᠡᠳᠪᠤᠷᠢ ᠶᠢᠨ ᠠᠵᠤ ᠥᠢᠯᠡᠰ ᠤᠨ ᠣᠯᠠᠨ ᠭᠡᠯᠭᠢᠶᠡᠵᠢᠭᠰᠡᠨ ᠬᠥᠭᠵᠢᠯᠲᠡ ᠶᠢ ᠪᠡᠶᠡᠯᠡᠭᠦᠯᠤᠨ ᠠᠮᠢ ᠠᠬᠤᠶ ᠶᠢ ᠤᠷᠢᠳ ᠢᠶᠠᠷ ᠪᠤᠳᠤᠯᠭᠢᠯᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠭᠡᠷᠡᠭᠳᠠᠢ ᠭᠡᠵᠡᠢ᠃
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠤᠯ ᠤᠨ ᠠᠵᠢᠯ ᠢ ᠠᠭᠢᠭᠤᠯᠤᠭᠰᠠᠨ ᠡᠰᠡᠭᠦ  ᠶᠢ ᠨᠢᠤ ᠵᠢᠶᠦ᠋ᠨ ᠶᠠᠨ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠤᠷᠢᠳ ᠬᠤᠵᠢᠳ ᠲᠤᠭ ᠪᠠᠯᠭᠠᠰᠤᠨ ᠤ ᠤᠯᠠᠭᠠᠠᠰᠢᠪᠠᠷᠳᠠᠢ ᠲᠣᠰᠬᠤᠨ ᠪᠣᠯᠤᠨ ᠬᠤᠸᠠᠲᠤᠯᠤᠭᠠᠢ ᠭᠠᠴᠠᠭ᠎ᠠ ᠪᠠᠷ ᠬᠦᠷᠴᠦ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ᠂ ᠶᠠᠳᠠᠭᠤ ᠶᠢ ᠲᠡᠳᠬᠦᠬᠦ ᠥᠢᠯᠡᠳᠪᠤᠷᠢᠯᠠᠯ ᠤᠨ ᠲᠠᠰᠤᠭ ᠪᠣᠯᠤᠨ ᠬᠡᠰᠡᠭ ᠮᠠᠯᠴᠢᠳ ᠤᠨ ᠭᠡᠷ ᠢᠶᠠᠷ ᠬᠦᠷᠴᠤ ᠲᠤᠬᠠᠶ ᠶᠢᠨ ᠭᠠᠵᠠᠷ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠨᠢᠤ ᠵᠢᠶᠦ᠋ᠨ ᠶᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠥᠢᠯᠡᠰ ᠤᠨ ᠬᠥᠭᠵᠢᠯᠲᠡ ᠶᠢᠨ ᠭᠤᠤᠯᠳᠠᠯᠭ᠎ᠠ ᠳᠤ ᠲᠥᠪᠯᠡᠷᠡᠭᠦᠯᠤᠨ ᠵᠠᠬ᠎ᠠ ᠲᠡᠯᠭᠡᠭᠦᠷ ᠤᠨ ᠱᠠᠭᠠᠷᠳᠠᠯᠭ᠎ᠠ ᠳᠤ ᠨᠡᠶᠢᠴᠡᠭᠦᠯᠵᠤ ᠲᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠤᠨᠴᠠᠯᠢᠬᠳᠤ ᠠᠵᠤ ᠦᠢᠯᠡᠰ ᠢ ᠭᠦᠭᠵᠢᠭᠦᠯᠵᠤ  ᠭᠦᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠲᠠᠰᠤᠷᠡᠯᠳᠡ ᠦᠭᠡᠢ ᠪᠠᠳᠤᠳᠬᠠᠬᠤ ᠭᠡᠷᠡᠭᠳᠡᠢ᠃ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠠᠮᠢᠶᠠᠷᠤᠯᠳᠡ ᠶᠢ ᠡᠷᠴᠢᠮᠵᠢᠭᠦᠯᠦᠨ ᠨᠠᠩ ᠰᠢᠨ᠎ᠡ ᠨᠠᠩ ᠰᠠᠶᠢᠨ ᠬᠠᠮᠳᠤ ᠶᠢᠨ ᠠᠵᠤ ᠠᠬᠤᠢ ᠶᠢᠨ ᠡᠷᠭᠢᠯᠳᠡ ᠶᠢᠨ ᠰᠢᠨ᠎ᠡ ᠲᠤᠬᠳᠠᠴᠡ ᠶᠢ ᠬᠠᠶᠢᠨ ᠰᠦᠪᠡᠭᠴᠢᠯᠡᠵᠤ ᠬᠠᠮᠳᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠢᠢᠷᠠᠭᠤᠯᠤᠨ ᠮᠠᠯᠴᠢᠨ ᠲᠠᠷᠢᠶᠡᠴᠢᠨ ᠳᠤ ᠦᠨᠡᠨ ᠭᠦ ᠠᠰᠢᠭ ᠭᠦᠷᠳᠡᠭᠡᠭᠦ ᠶᠢ ᠪᠠᠳᠤᠯᠠᠬᠤ ᠭᠡᠷᠡᠭᠳᠡᠢ ᠭᠡᠵᠡᠢ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号