ᠮᠠᠨ ᠤ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠤᠶᠢᠵᠢᠭᠤᠯᠤᠯᠳᠠ ᠶᠢᠨ ᠠᠵᠢᠯᠯᠠᠭ᠎ᠠ ᠡᠷᠴᠢᠮᠳᠡᠢ ᠶᠠᠪᠤᠭᠳᠠᠪᠠ
ᠨᠡᠶᠢᠲᠡᠯᠡᠭᠰᠡᠨ ᠴᠠᠭ᠄
2020/11/2
    10 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠭᠠᠯᠠᠭᠤᠲᠤ ᠪᠠᠯᠭᠠᠰᠤᠨ ᠤ ᠬᠥᠬᠡᠲᠣᠯᠣᠭᠠᠢ ᠭᠠᠴᠠᠭᠠᠨ  ᠳᠤ  ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ  ᠬᠤᠪᠢ ᠨᠡᠮᠡᠷᠢ ᠦᠵᠡᠭᠦᠯᠦᠨ ᠦᠵᠡᠰᠬᠦᠯᠡᠩᠲᠦ ᠰᠠᠶᠢᠬᠠᠨ ᠨᠤᠲᠤᠭ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠵᠤ ᠪᠤᠲᠠᠲᠤ ᠠᠵᠢᠯᠯᠠᠭ᠎ᠠ ᠪᠠᠷ ᠢᠶᠠᠨ ︽ᠨᠤᠮᠢᠨ ᠲᠠᠩᠰᠤᠭ ᠦᠦᠰᠢᠨ︾ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠪᠠᠶᠢᠨ᠎ᠠ᠃ ᠪᠤᠶᠠᠨᠮᠠᠨᠳᠤᠬᠤ ᠵᠡᠷᠭᠡ ᠭᠡᠷ ᠲᠤ ᠪᠠᠨ ᠪᠠᠶᠢᠭ᠎ᠠ ᠰᠢᠶᠠᠨ ᠤ ᠳᠡᠰ ᠤᠨ ᠤᠳᠤᠷᠢᠳᠤᠯᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠣᠢ ᠰᠢᠭᠤᠶ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠺᠠᠳ᠋ᠷ ᠠᠵᠢᠯᠲᠠᠳ ᠤᠶᠢᠵᠢᠭᠤᠯᠤᠯᠳᠠ ᠶᠢᠨ ᠠᠵᠢᠯᠯᠠᠭ᠎ᠠ ᠳᠤ ᠣᠷᠣᠯᠴᠠᠪᠠ᠃
    ᠤᠶᠢᠵᠢᠭᠤᠯᠤᠯᠳᠠ ᠶᠢᠨ ᠲᠤᠬᠠᠶ ᠶᠢᠨ ᠲᠠᠯᠠᠪᠠᠢ ᠳᠤ᠂ ᠪᠦᠭᠦᠳᠡᠭᠡᠷ ᠢᠶᠠᠨ ᠬᠥᠳᠡᠯᠮᠦᠷᠢ ᠶᠢᠨ ᠪᠠᠶᠠᠷ ᠵᠢᠷᠭᠠᠯ ᠢ ᠮᠡᠳᠡᠷᠡᠵᠦ ᠰᠢᠷᠭᠠᠭᠤ ᠬᠥᠳᠡᠯᠮᠦᠷᠢᠯᠡᠵᠡᠭᠡᠨ ᠭᠤᠷᠪᠠᠨ ᠬᠦᠮᠦᠨ ᠪᠤᠶᠤ ᠲᠠᠪᠤᠨ ᠬᠥᠮᠦᠨ ᠨᠢᠭᠡ ᠳᠤᠭᠤᠶᠢᠯᠠᠩ ᠪᠣᠯᠵᠤ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ ᠡᠯᠡᠰᠦᠨ ᠬᠠᠯᠬᠠᠪᠴᠢ ᠭᠠᠷᠭᠠᠨ ᠠᠵᠢᠯ ᠢᠶᠠᠨ ᠨᠠᠷᠢᠨ ᠨᠢᠮᠪᠠᠶ ᠬᠢᠵᠦ ᠣᠶᠢᠵᠢᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠭᠰᠠᠨ ᠪᠠᠶᠢᠨ᠎ᠠ᠃
    ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠢ ᠪᠦᠬᠦ ᠠᠷᠠᠳ ᠤᠨ ᠠᠯᠪᠠᠨ ᠵᠢᠷᠤᠮ ᠤᠨ ᠤᠶᠢᠵᠢᠭᠤᠯᠤᠯᠳᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ ︽ᠪᠦᠬᠦ ᠠᠷᠠᠳ ᠢᠶᠠᠷ ᠢᠶᠠᠨ ᠬᠥᠳᠡᠯᠦᠯᠴᠡᠨ ᠬᠥᠮᠦᠨ ᠪᠦᠬᠦᠨ ᠣ‌‍ᠷᠣᠯᠴᠠᠬᠤ︾ ᠮᠣᠳᠣ ᠲᠠᠷᠢᠵᠤ ᠨᠣᠭᠤᠭᠠᠷᠠᠭᠤᠯᠬᠤ ᠢᠳᠡᠪᠬᠢᠲᠡᠢ ᠠᠭᠤᠷ ᠠᠮᠢᠰᠬᠤᠯ ᠢ ᠪᠤᠢ ᠪᠣᠯᠭᠠᠨ ᠪᠦᠬᠦ ᠬᠤᠰᠢᠭᠤᠨ ᠤ ᠠᠯᠪᠠᠨ ᠵᠢᠷᠤᠮ ᠤᠨ ᠤᠶᠢᠵᠢᠭᠤᠯᠤᠯᠳᠠ ᠶᠢᠨ ᠠᠵᠢᠯᠯᠠᠭ᠎ᠠ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ ᠪᠦᠬᠦ ᠬᠤᠰᠢᠭᠤᠨ ᠤ ᠨᠣᠭᠤᠭᠠᠷᠠᠭᠤᠯᠤᠯᠲᠠ ᠶᠢ ᠡᠷᠬᠢᠮᠯᠡᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠦᠵᠡᠰᠬᠦᠯᠡᠩᠲᠦ ᠰᠠᠶᠢᠬᠠᠨ ᠨᠣᠮᠢᠨ ᠲᠠᠩᠰᠤᠭ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠲᠠᠶᠢᠴᠢᠯᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠤᠰ ᠡᠳᠦᠷ 2000 ᠭᠠᠷᠤᠶ ᠬᠥᠮᠦᠨ ᠤᠶᠢᠵᠢᠭᠤᠯᠤᠯᠳᠠ ᠳᠤ ᠣᠷᠣᠯᠴᠠᠵᠤ ᠨᠡᠶᠢᠲᠡ 16 ᠲᠦᠮᠡ ᠭᠠᠷᠤᠶ ᠰᠠᠭᠤᠷᠢ ᠪᠤᠷᠭᠠᠰᠤ ᠲᠠᠷᠢᠨ ᠤᠶᠢᠵᠢᠭᠤᠯᠤᠭᠰᠠᠨ ᠲᠠᠯᠠᠪᠠᠢ ᠨᠢ 1000 ᠮᠥ ᠳᠤ ᠭᠥᠷᠥᠭᠰᠠᠨ ᠪᠠᠶᠢᠨ᠎ᠠ
    ᠡᠨᠡ ᠵᠢᠯ᠂ ᠮᠠᠨ ᠤ ᠬᠤᠰᠢᠭᠤ 15.1 ᠲᠦᠮᠡᠨ ᠮᠤ᠋ ᠣᠢ ᠰᠢᠭᠤᠶ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠠᠨ ᠣᠳᠣᠬᠠᠨ ᠪᠣᠯᠲᠠᠯ᠎ᠠ 12.1744 ᠲᠦᠮᠡᠨ ᠮᠦ ᠶᠢᠨ ᠡᠭᠦᠷᠭᠡ ᠪᠠᠨ ᠪᠡᠶᠡᠯᠡᠭᠦᠯᠵᠦ ᠡᠭᠦᠨ‌‍ᠳᠤ 5.2244 ᠲᠦᠮᠡᠨ ᠮᠦ ᠶᠢ ᠰᠢᠨ᠎ᠡ ᠪᠠᠷ ᠣᠶᠢᠵᠢᠭᠤᠯᠤᠨ 5.85 ᠲᠦᠮᠡᠨ ᠮᠦ ᠶᠢᠨ ᠡᠯᠡᠰᠤᠷᠭᠡᠭᠵᠢᠭᠰᠡᠨ ᠣᠶ ᠶᠢ ᠲᠠᠬᠢᠨ ᠣᠶᠢᠵᠢᠭᠤᠯᠵᠦ 1.1 ᠲᠦᠮᠡᠨ ᠮᠤ᠋ ᠣᠢ ᠰᠢᠭᠤᠢ ᠶᠢ ᠠᠷᠠᠴᠢᠯᠠᠨ ᠬᠠᠮᠠᠭᠠᠯᠠᠪᠠ᠃ ᠮᠠᠨ ᠤ ᠬᠤᠰᠢᠭᠤ ᠪᠠᠰᠠ 25 ᠲᠦᠮᠡᠨ ᠮᠦ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠣᠳᠣᠬᠠᠨ ᠳᠤ ᠡᠭᠦᠷᠭᠡ ᠪᠠᠨ ᠨᠢᠭᠡᠨᠲᠡ ᠪᠦᠬᠦᠨ ᠢ ᠪᠠᠶᠠᠯᠠᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号