ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠳᠡᠯᠡᠬᠡᠶ ᠶᠢᠨ ᠣᠷᠦ᠋ᠢᠯᠠᠭᠴᠢ ᠰᠢᠨᠵᠢᠯᠡᠬᠦ ᠤᠬᠠᠭᠠᠨᠲᠠᠳ ᠤᠨ ᠶᠠᠷᠢᠶᠠᠨ ᠤ ᠲᠠᠪᠴᠠᠩ ︵2020︶ ᠳᠤ ᠸᠢᠳᠢᠣ᠋ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/11/2
   ᠰᠢᠨᠬᠤᠸᠠ ᠬᠤᠷᠢᠶᠠᠨ ᠤ ᠱᠠᠩᠬᠠᠢ ᠶᠢᠨ 10 ᠰᠠᠷ᠎ᠠ ᠶᠢᠨ 30 ᠤ ᠴᠠᠬᠢᠯᠭᠠᠨ ᠮᠡᠳᠡᠭᠡ ᠭᠤᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠣᠷᠦ᠋ᠢᠯᠠᠭᠴᠢ ᠰᠢᠨᠵᠢᠯᠡᠬᠦ ᠤᠬᠠᠭᠠᠨᠲᠠᠳ ᠤᠨ ᠶᠠᠷᠢᠶᠠᠨ ᠤ ᠲᠠᠪᠴᠠᠩ ︵2020︶ 10 ᠰᠠᠷ᠎ᠠ ᠶᠢᠨ 30 ᠤ ᠡᠳᠦᠷ ᠱᠠᠩᠬᠠᠢ ᠳᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠶᠠᠷᠢᠶᠠᠨ ᠤ ᠲᠠᠪᠴᠠᠩ ᠳᠤ ᠸᠢᠳᠢᠣ᠋ ᠶᠠᠷᠢᠶ᠎ᠠ ᠲᠠᠯᠪᠢᠪᠠ᠃    ᠰᠢ ᠶᠢᠨ ᠫᠢᠩ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠡᠯ᠎ᠡ ᠤᠯᠤᠰ ᠤᠨ ᠰᠢᠨᠵᠢᠯᠡᠬᠦ ᠤᠬᠠᠭᠠᠨᠲᠠᠨ ᠬᠠᠮᠵᠢᠯᠴᠠᠨ ᠬᠢᠵᠢᠭ ᠲᠠᠢ ᠳᠠᠮᠡᠴᠡᠬᠦ ᠠᠷᠭ᠎ᠠ ᠵᠠᠮ ᠢ ᠡᠷᠢᠯᠬᠢᠯᠡᠵᠦ᠂ ᠡᠮᠴᠢᠯᠡᠭᠡ᠂ ᠡᠮ ᠤᠨ ᠵᠦᠢᠯ ᠪᠣᠯᠤᠨ ᠸᠠᠺᠼᠢᠨ ᠢ ᠰᠤᠳᠤᠯᠤᠨ ᠨᠡᠭᠡᠭᠡᠬᠦ᠂ ᠰᠡᠷᠭᠡᠶᠢᠯᠡᠨ ᠡᠵᠡᠮᠳᠡᠬᠦ ᠵᠡᠷᠭᠡ ᠣᠯᠠᠨ ᠴᠢᠬᠤᠯᠠ ᠬᠦᠷᠢᠶᠠᠨ ᠳᠤ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠳᠠ ᠪᠣᠯᠤᠨ ᠤᠯᠤᠰ ᠠᠯᠤᠰᠯᠠᠭᠰᠠᠨ ᠬᠠᠮᠲᠤᠷᠠᠯᠴᠠᠭ᠎ᠠ ᠥᠷᠨᠢᠭᠦᠯᠵᠤ᠂ ᠬᠢᠵᠢᠭ ᠲᠠᠢ ᠲᠡᠮᠡᠴᠡᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠶ᠃ ᠣᠳᠣᠬᠠᠨ ᠤ ᠪᠠᠶᠢᠳᠠᠯ ᠳᠣᠣᠷ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮ᠂ ᠸᠠᠺᠼᠢᠨ᠂ ᠰᠢᠯᠭᠠᠨ ᠪᠠᠶᠢᠴᠠᠭᠠᠬᠤ ᠬᠦᠷᠢᠶᠡᠨ ᠳᠠᠬᠢ ᠰᠤᠳᠤᠯᠭᠠᠨ ᠤ ᠬᠠᠮᠲᠤᠷᠠᠯᠴᠠᠭ᠎ᠠ ᠦᠷᠨᠢᠭᠦᠯᠬᠦ ᠶᠢ ᠨᠡᠩ ᠢᠯᠡᠭᠦᠦ ᠱᠠᠭᠠᠷᠳᠠᠵᠤ᠂ ᠠᠭᠤᠷ ᠠᠮᠢᠰᠬᠤᠯ ᠤᠨ ᠬᠤᠪᠢᠷᠠᠯᠲᠠ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ ᠵᠡᠷᠭᠡ ᠨᠡᠶᠢᠲᠡᠯᠢᠭ ᠴᠢᠨᠠᠷᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠᠷ ᠬᠥᠮᠦᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠶᠢ ᠱᠠᠭᠠᠷᠳᠠᠵᠥ ᠪᠤᠢ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠨᠡᠩ ᠨᠡᠭᠡᠭᠡᠯᠲᠡᠲᠡᠶ ᠪᠠᠭᠲᠠᠭᠠᠮᠵᠢᠲᠠᠶ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠳᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠥ᠂ ᠳᠤᠷᠠᠲᠠᠶ᠎ᠠ ᠪᠦᠬᠦ ᠪᠥᠮᠪᠥᠷᠴᠡᠭ ᠤᠨ ᠣᠷᠦ᠋ᠢᠯᠠᠭᠴᠢ ᠰᠢᠨᠵᠢᠯᠡᠬᠦ ᠤᠬᠠᠭᠠᠨᠲᠠᠨ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠲᠠᠢ ᠬᠠᠮᠲᠤ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠤᠨ ᠲᠤᠬᠠᠶ ᠰᠤᠳᠤᠯᠭᠠᠨ ᠢ ᠴᠢᠩᠭᠠᠳᠬᠠᠵᠤ᠂ ᠨᠡᠶᠢᠲᠡᠯᠢᠭ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠰᠢᠢᠳᠪᠤᠷᠢᠯᠡᠬᠦ ᠡᠷᠴᠢᠮ ᠢ ᠴᠢᠩᠭᠠᠳᠬᠠᠵᠤ᠂ ᠭᠤᠤᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠤ ᠳᠦᠷᠦᠯ ᠵᠦᠢᠯ ᠤᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨᠲᠠᠳ ᠢᠳᠡᠪᠬᠢᠲᠡᠶ ᠪᠠᠷ ᠦᠵᠡᠯ ᠪᠤᠳᠤᠯ ᠢᠶᠠᠨ ᠰᠣᠯᠢᠯᠴᠠᠵᠤ᠂ ᠬᠠᠮᠲᠤᠷᠠᠯᠴᠠᠭ᠎ᠠ ᠪᠠᠨ ᠠᠬᠢᠭᠤᠯᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠤ ᠦᠢᠯᠡᠰ ᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠬᠡᠵᠥ ᠴᠢᠬᠤᠯᠠᠴᠢᠯᠠᠪᠠ᠃    ᠳᠡᠯᠡᠬᠡᠶ ᠶᠢᠨ ᠣᠷᠦ᠋ᠢᠯᠠᠭᠴᠢ ᠰᠢᠨᠵᠢᠯᠡᠬᠦ ᠤᠬᠠᠭᠠᠨᠲᠠᠳ ᠤᠨ ᠶᠠᠷᠢᠶᠠᠨ ᠤ ᠲᠠᠪᠴᠠᠩ ᠢ ᠳᠡᠯᠡᠬᠡᠶ ᠶᠢᠨ ᠣᠷᠦ᠋ᠢᠯᠠᠭᠴᠢ ᠰᠢᠨᠵᠢᠯᠡᠬᠦ ᠤᠬᠠᠭᠠᠨᠲᠠᠳ ᠤᠨ ᠨᠡᠶᠢᠭᠡᠮᠯᠢᠭ ᠡᠭᠦᠰᠭᠡᠨ ᠪᠠᠶᠢᠭᠤᠯᠵᠤ᠂ ᠱᠠᠩᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠭᠤᠣᠯᠯᠠᠨ ᠡᠷᠬᠢᠯᠡᠵᠦ᠂ ᠡᠳᠦᠭᠡ ᠪᠣᠯᠲᠠᠯ᠎ᠠ ᠬᠤᠶᠠᠷ ᠬᠤᠭᠤᠴᠠᠭ᠎ᠠ ᠶᠠᠪᠤᠭᠳᠠᠭᠰᠠᠨ ᠪᠠᠶᠢᠨ᠎ᠠ᠃ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠮᠦᠨ ᠲᠥᠷᠥᠯᠬᠢᠲᠡᠨ ᠤ ᠬᠠᠮᠲᠤ ᠶᠢᠨ ᠬᠤᠪᠢ ᠵᠠᠶᠠᠭᠠᠨ ᠤ ᠲᠥᠯᠥᠭᠡ︾ ᠪᠠᠷ ᠭᠤᠤᠯ ᠰᠡᠳᠦᠪ ᠢᠶᠠᠨ ᠪᠤᠯᠭᠠᠵᠥ᠂ ᠰᠦᠯᠵᠢᠶᠡᠨ ᠳᠡᠭᠡᠷ᠎ᠠ ᠸᠢᠳᠢᠣ᠋ ᠪᠠᠷ ᠤᠷᠤᠯᠴᠠᠬᠤ ᠪᠠ ᠰᠦᠯᠵᠢᠶᠡᠨ ᠤ ᠭᠠᠳᠠᠨ᠎ᠠ ᠶᠠᠷᠢᠶᠠᠨ ᠤ ᠳᠠᠪᠴᠠᠩ ᠳᠤ ᠣᠷᠣᠯᠴᠠᠬᠤ ᠶᠢ ᠤᠶᠠᠯᠳᠤᠭᠤᠯᠬᠤ ᠠᠷᠭ᠎ᠠ ᠪᠠᠷ ᠡᠷᠬᠢᠯᠡᠵᠦ᠂ ᠨᠣᠪᠧᠯ ᠤᠨ ᠱᠠᠩᠨᠠᠯ ᠬᠦᠷᠲᠡᠭᠰᠡᠨ 61 ᠰᠢᠨᠵᠢᠯᠡᠬᠦ ᠤᠬᠠᠭᠠᠨᠳᠠᠨ ᠢ ᠪᠠᠭᠳᠠᠭᠠᠬᠰᠠᠨ ᠪᠦᠬᠦ ᠪᠥᠮᠪᠥᠷᠴᠡᠭ ᠤᠨ 300 ᠭᠠᠷᠤᠶ ᠰᠢᠨᠵᠢᠯᠡᠬᠦ ᠤᠬᠠᠭᠠᠨᠲᠠᠨ ᠬᠤᠷᠠᠯ ᠳᠤ ᠣᠷᠣᠯᠴᠠᠵᠠᠶ᠃ ᠯᠢ ᠴᠢᠶᠠᠩ ᠣᠷᠣᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号