ᠮᠠᠯᠴᠢᠨ ᠴᠢᠮᠡᠭᠡᠯᠡᠭᠴᠢ ᠰᠤᠶᠤᠯ ᠤᠨ ᠦᠷᠤᠭᠡ ᠲᠠᠢ ᠪᠤᠯᠤᠯ᠎ᠠ 
ᠨᠡᠶᠢᠲᠡᠯᠡᠭᠰᠡᠨ ᠴᠠᠭ᠄
2020/11/2
     ᠤᠶᠢᠷ᠎ᠠ ᠶᠢᠨ ᠡᠳᠤᠷ᠂ ᠴᠢᠮᠡᠭᠡᠯᠡᠭᠴᠢ ᠶᠢᠨ ᠠᠵᠢᠯ ᠢ 39 ᠵᠢᠯ ᠬᠢᠵᠦ ᠶᠠᠪᠤᠭᠰᠠᠨ ᠦᠤᠰᠢᠨᠵᠤᠤ ᠪᠠᠯᠭᠠᠰᠤᠨ  ᠤ ᠪᠦᠷᠢᠳᠤ ᠭᠠᠴᠠᠭᠠᠨ ᠤ ᠮᠠᠯᠴᠢᠨ ᠮᠠᠰᠢᠪᠠᠳᠤ ᠶᠢᠨ ︽ᠮᠦᠩᠭᠡ ᠵᠢᠯᠤᠭᠤ︾ ᠰᠤᠶᠤᠯ ᠤᠨ ᠦᠷᠤᠭᠡ ᠪᠠᠨ ᠨᠡᠭᠡᠭᠡᠬᠦ ᠡᠬᠢᠯᠡᠯᠲᠡ ᠶᠢᠨ ᠶᠤᠰᠤᠯᠠᠯ ᠳᠡᠭᠡᠷ᠎ᠡ ᠬᠤᠯᠪᠤᠭᠳᠠᠯ ᠪᠦᠭᠦᠢ ᠪᠠᠶᠢᠭᠤᠯᠭ᠎ᠠ ᠨᠢᠭᠡᠴᠢ ᠪᠤᠯᠤᠨ ᠦᠪᠦᠷ ᠮᠤᠩᠭᠤᠯ ᠤᠨ ᠨᠡᠷᠡᠲᠤ ᠤᠳᠤᠷᠢᠳᠤᠭᠠᠴᠢ᠂ ᠨᠠᠶᠢᠷᠠᠭᠤᠯᠤᠭᠴᠢ᠂ ᠰᠤᠷᠪᠤᠯᠵᠢᠯᠠᠭᠴᠢ᠂ ᠴᠢᠮᠡᠭᠡᠯᠡᠭᠴᠢᠳ ᠰᠠᠭᠤᠳᠠᠯ ᠤᠨ ᠬᠤᠷᠠᠯ ᠳᠤ ᠤᠷᠤᠯᠴᠠᠵᠤ ᠦᠪᠡᠷ ᠦᠪᠡᠷ ᠤᠨ ᠪᠤᠳᠤᠯ ᠰᠠᠨᠠᠯ ᠢᠶᠠᠨ ᠴᠢᠯᠤᠭᠡᠳᠡᠢ ᠲᠡᠯᠭᠡᠵᠤ ᠮᠠᠰᠢᠪᠠᠳᠤ ᠶᠢᠨ ᠬᠤᠵᠢᠮ ᠤᠨ ᠴᠢᠮᠡᠭᠡᠯᠡᠭᠴᠢ ᠶᠢᠨ ᠠᠵᠢᠯ ᠳᠤ ᠬᠠᠪᠰᠤᠷᠤᠯᠭ᠎ᠠ ᠲᠡᠮᠵᠢᠯᠭᠡ ᠬᠠᠩᠭᠠᠭᠰᠠᠨ ᠪᠠᠶᠢᠨ᠎ᠠ᠃
     ᠮᠠᠰᠢᠪᠠᠳᠤ᠂ 1980 ᠤᠨ ᠠᠴᠠ ᠤᠬᠤᠷ ᠮᠡᠳᠡᠭᠡᠯᠡᠯ  ᠪᠢᠴᠢᠵᠤ ᠡᠬᠢᠯᠡᠨ ᠤᠷᠢᠳ ᠬᠤᠵᠢᠳ ᠡᠯ᠎ᠡ ᠱᠠᠳᠤᠨ  ᠤ ᠷᠠᠳᠢᠤ᠋ ᠲᠧᠯᠸᠢᠰ᠂ ᠰᠤᠨᠢᠨ ᠰᠡᠳᠬᠦᠯ ᠲᠡᠭᠡᠷ᠎ᠡ ᠮᠢᠩᠭ᠎ᠠ ᠤᠷᠴᠢᠮ ᠡᠭᠡ ᠪᠢᠴᠢᠭ ᠢᠶᠠᠨ ᠨᠡᠶᠢᠳᠡᠯᠡᠭᠦᠯᠵᠦ ᠠᠷᠡᠳ ᠲᠦᠮᠡᠨ ᠤ ᠲᠤᠮᠳᠠ ᠮᠠᠯᠴᠢᠨ ᠴᠢᠮᠡᠭᠡᠯᠡᠭᠴᠢ ᠭᠡᠮᠡᠨ ᠲᠠᠭᠤᠳᠠᠭᠳᠠᠬᠤ ᠪᠤᠯᠵᠤ ᠡᠨᠡ ᠵᠢᠯ ᠲᠠᠷᠠ 39 ᠵᠢᠯ ᠤᠨ ᠲᠤᠷᠰᠢᠭᠢ ᠦᠪᠡᠷ ᠤᠨ ᠨᠡᠶᠢᠳᠡᠯᠡᠭᠦᠯᠦᠭᠰᠡᠨ ᠡᠭᠡ ᠪᠢᠴᠢᠭ᠂ ᠬᠤᠷᠢᠶᠠᠨ ᠬᠠᠳᠠᠭᠠᠯᠠᠭᠰᠠᠨ ᠬᠠᠭᠤᠴᠢᠨ ᠨᠤᠮ ᠰᠤᠳᠤᠷ᠂ ᠤᠷᠤᠨ ᠨᠤᠳᠤᠭ ᠤᠨ ᠢᠶᠠᠨ ᠬᠦᠭᠵᠢᠯ ᠬᠤᠪᠢᠷᠠᠯ ᠢ ᠬᠠᠷᠠᠭᠤᠯᠤᠭᠰᠠᠨ ᠵᠢᠷᠤᠭ ᠰᠡᠭᠦᠳᠡᠷ ᠵᠡᠷᠭᠡ ᠶᠢ ᠲᠡᠯᠭᠡᠨ ᠦᠵᠡᠭᠦᠯᠭᠦ ᠪᠠᠷ ᠦᠪᠡᠷ ᠤᠨ ᠭᠡᠰᠡᠨ ᠤᠨᠴᠠᠯᠢᠭ ᠲᠠᠢ ︽ᠮᠦᠩᠭᠡ ᠵᠢᠯᠤᠭᠤ︾ ᠰᠤᠶᠤᠯ ᠤᠨ ᠦᠷᠤᠭᠡ ᠪᠠᠨ ᠨᠡᠭᠡᠭᠡᠭᠰᠡᠨ ᠪᠠᠶᠢᠨ᠎ᠠ᠃
     ᠦᠤᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠷᠠᠨᠪᠠᠶᠠᠷ᠄ ︽ᠡᠶᠢᠮᠤ ᠰᠤᠶᠤᠯ ᠤᠨ ᠦᠷᠦᠭᠡ ᠮᠠᠨ ᠤ ᠪᠠᠯᠭᠠᠰᠤᠨ ᠳᠤ ᠦᠭᠡᠷ᠎ᠡ ᠪᠠᠶᠢᠬᠤ ᠦᠭᠡᠢ ᠪᠠᠶᠢᠵᠤ ᠤᠨᠴᠠᠯᠢᠭ ᠢᠶᠠᠷ ᠤᠨᠴᠠᠭᠠᠢ ᠪᠠᠶᠢᠭ᠎ᠠ ᠰᠤᠶᠤᠯ ᠤᠨ ᠦᠷᠤᠭᠡ ᠨᠢ ᠮᠠᠨ ᠤ ᠨᠠᠮ ᠤᠨ ᠲᠠᠭᠤᠨ ᠬᠤᠭᠤᠯᠠᠢ ᠪᠤᠯᠵᠤ ᠪᠠᠶᠢᠨ᠎ᠠ᠃ ᠡᠨᠡ ᠰᠤᠶᠤᠯ ᠤᠨ ᠦᠷᠦᠬᠡ ᠨᠢ ᠮᠠᠨ ᠤ ᠨᠠᠮ ᠤᠨ ᠴᠢᠭᠯᠡᠯᠲᠡ ᠲᠦᠷᠥ ᠶᠢᠨ ᠪᠤᠳᠣᠯᠭ᠎ᠠ᠂ ᠵᠢᠭᠠᠪᠤᠷᠢ ᠬᠠᠤᠯᠢ ᠲᠦᠷᠢᠮ ᠢ ᠴᠠᠭ ᠲᠤᠬᠠᠢ ᠳᠤ ᠨᠢ ᠮᠠᠯᠴᠢᠳ ᠲᠤ ᠤᠬᠠᠭᠤᠯᠬᠤ ᠤᠶᠢᠯᠡᠳᠤᠯ ᠦᠵᠡᠭᠦᠯᠵᠦ ᠪᠠᠶᠢᠨ᠎ᠠ︾ ᠬᠡᠵᠤ ᠪᠠᠶᠢᠪᠠ᠃
     ᠮᠠᠨ ᠤ ᠬᠤᠰᠢᠭᠤᠨ ᠳᠤ ᠤᠳᠣᠬᠠᠨ ︽ᠮᠦᠩᠭᠡ ᠵᠢᠯᠤᠭᠤ︾ ᠮᠡᠳᠤ ᠶᠢᠨ ᠦᠪᠡᠷ ᠤᠨ ᠭᠡᠰᠡᠨ ᠤᠨᠴᠠᠯᠢᠭ  ᠲᠠᠢ ᠰᠤᠶᠤᠯ ᠤᠨ ᠦᠷᠦᠭᠡ 150 ᠤᠷᠴᠢᠮ ᠪᠠᠶᠢᠵᠤ ᠬᠤᠰᠢᠭᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ ᠠᠴᠠ ᠵᠢᠯ ᠪᠤᠯᠭᠠᠨ 5 — 6 ᠰᠤᠶᠤᠯ ᠤᠨ ᠡᠷᠤᠭᠡ ᠶᠢ ᠨᠡᠮᠡᠨ ᠬᠦᠭᠵᠢᠭᠦᠯᠵᠦ ᠤᠷᠤᠨ ᠨᠤᠳᠤᠭ ᠤᠨ ᠰᠤᠶᠤᠯ ᠤᠨ ᠬᠦᠭᠵᠢᠯᠳᠡ ᠶᠢ ᠲᠦᠯᠬᠢᠨ ᠠᠬᠢᠭᠤᠯᠵᠤ ᠪᠤᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号