ᠮᠠᠯᠴᠢᠨ ᠲᠠᠷᠢᠶᠠᠴᠢᠨ ᠡᠭᠦᠳᠡᠨ ᠲᠡᠭᠡᠷ᠎ᠡ ᠪᠠᠨ ᠲᠠᠷᠢᠶᠠᠯᠠᠩ ᠤᠨ ᠮᠠᠰᠢᠨ ᠤ ᠦᠨᠡᠮᠯᠡᠯ ᠰᠢᠯᠭᠠᠭᠤᠯᠤᠯ᠎ᠠ
ᠨᠡᠶᠢᠲᠡᠯᠡᠭᠰᠡᠨ ᠴᠠᠭ᠄
2020/11/20
640.webp (3).jpg
      ᠦᠢᠷ᠎ᠠ ᠶᠢᠨ ᠡᠳᠣᠷ᠂ ᠦᠣᠰᠢᠨ ᠬᠤᠰᠢᠭᠤᠨ ᠤ ︽ᠱᠠᠷᠯᠢᠭ︾ ᠲᠠᠷᠢᠶᠠᠯᠠᠩ ᠮᠠᠰᠢᠨᠴᠢᠯᠠᠯᠲᠠ ᠶᠢᠨ ᠬᠤᠷᠰᠢᠶ᠎ᠠ ᠨᠢ ᠬᠤᠰᠢᠭᠤ ᠲᠠᠷᠢᠶᠠᠯᠠᠩ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ ᠲᠠᠢ ᠬᠠᠮᠳᠤᠷᠠᠨ ᠮᠠᠯᠴᠢᠨ ᠲᠠᠷᠢᠶᠠᠴᠢᠨ ᠳᠤ ᠡᠭᠦᠳᠡᠨ ᠲᠡᠭᠡᠷ᠎ᠡ ᠪᠠᠨ ᠲᠠᠷᠢᠶᠠᠯᠠᠩ ᠤᠨ ᠮᠠᠰᠢᠨ ᠤ ᠦᠨᠡᠮᠯᠡᠯ ᠰᠢᠯᠭᠠᠬᠤ ᠠᠵᠢᠯᠯᠠᠭ᠎ᠠ ᠶᠠᠪᠤᠭᠳᠠᠭᠤᠯᠤᠨ ᠵᠠᠮ ᠬᠠᠷᠢᠯᠴᠠᠭ᠎ᠠ᠂ ᠲᠠᠷᠢᠶᠠᠯᠠᠩ ᠤᠶᠢᠯᠡᠳᠪᠤᠷᠢᠯᠠᠯ ᠤᠨ ᠠᠶᠤᠯᠭᠦᠢ ᠶᠢ ᠪᠠᠳᠤᠯᠠᠵᠤ ᠮᠠᠯᠴᠢᠨ ᠲᠠᠷᠢᠶᠠᠴᠢᠨ ᠳᠤ ᠲᠦᠭᠦᠮ ᠦᠵᠡᠭᠦᠯᠵᠦ ᠪᠠᠶᠢᠨ᠎ᠠ᠃      ︽ᠱᠠᠷᠯᠢᠭ︾ ᠲᠠᠷᠢᠶᠠᠯᠠᠩ ᠮᠠᠰᠢᠨᠴᠢᠯᠠᠯᠲᠠ ᠶᠢᠨ ᠬᠤᠷᠰᠢᠶᠠᠨ ᠤ ᠬᠢᠨ ᠦᠷᠭᠡᠨ ᠤᠯᠠᠨ ᠮᠠᠯᠴᠢᠨ ᠲᠠᠷᠢᠶᠠᠴᠢᠨ ᠳᠤ ᠬᠠᠪᠤᠷ ᠨᠠᠮᠤᠷ ᠤᠨ ᠴᠠᠭ ᠲᠤ ᠲᠠᠷᠢᠶᠠᠯᠠᠩ ᠤᠨ ᠮᠠᠰᠢᠨ ᠢ ᠠᠶᠤᠯᠭᠦᠢ ᠭᠡᠷᠡᠭᠯᠡᠭᠦ ᠳᠤ ᠲᠤᠰᠠᠯᠠᠬᠤ ᠶᠢᠨ ᠲᠦᠯᠥᠭᠡ ᠲᠤᠰᠬᠠᠶᠢᠯᠠᠨ ᠲᠠᠷᠢᠶᠠᠯᠠᠩ ᠤᠨ ᠮᠠᠰᠢᠨ ᠤ ᠦᠨᠡᠮᠯᠡᠯ ᠢ ᠭᠡᠷ ᠤᠨ ᠡᠭᠦᠳᠡᠨ ᠲᠡᠭᠡᠷ᠎ᠡ ᠨᠢ ᠰᠢᠯᠭᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ ᠪᠠᠶᠢᠨ᠎ᠠ᠃
640.webp (4).jpg
640.webp.jpg
      ᠡᠨᠡ ᠣᠳᠠᠭᠠᠨ ᠤ ᠵᠢᠯᠣᠭᠤᠴᠢ ᠶᠢᠨ ᠦᠨᠡᠮᠯᠡᠯ ᠤᠨ ᠰᠢᠯᠭᠠᠯᠳᠡ ᠳᠤ ᠱᠠᠷᠯᠢᠭ ᠭᠠᠴᠠᠭ᠎ᠠ ᠠᠴᠠ ᠨᠠᠶᠢᠳᠡ 62 ᠮᠠᠯᠴᠢᠨ ᠲᠠᠷᠢᠶᠠᠴᠢᠨ ᠤᠷᠤᠯᠴᠠᠵᠤ ᠤᠨᠤᠯ ᠤᠨ ᠰᠢᠯᠭᠠᠯᠳᠡ᠂ ᠤᠶᠢᠯᠡᠳᠤᠯᠭᠡ ᠶᠢᠨ ᠰᠢᠯᠭᠠᠯᠳᠡ ᠪᠠᠷ ᠲᠠᠮᠵᠢᠨ ᠪᠥᠭᠦᠨ ᠢᠶᠠᠷ ᠢᠶᠠᠨ ᠬᠢᠷᠢ ᠲᠡᠩᠴᠡᠨ ᠲᠠᠷᠢᠶᠠᠯᠠᠩ ᠤᠨ ᠮᠠᠰᠢᠨ ᠤ ᠦᠨᠠᠮᠯᠠᠯ ᠢᠶᠠᠨ ᠭᠡᠷ ᠤᠨ ᠡᠭᠦᠳᠡᠨ ᠲᠡᠭᠡᠷ᠎ᠡ ᠪᠠᠨ ᠭᠠᠷᠳᠡᠨ ᠠᠪᠤᠭᠰᠠᠨ ᠨᠢ ᠲᠡᠳᠡᠨ ᠳᠤ ᠶᠡᠭᠡᠭᠡᠨ ᠲᠦᠭᠦᠮ ᠪᠤᠯᠤᠭᠰᠠᠨ ᠪᠠᠶᠢᠨ᠎ᠠ᠃      ᠰᠢᠯᠭᠠᠯᠳᠠ ᠶᠢᠨ ᠬᠤᠭᠤᠴᠠᠭᠠᠨ ᠳᠤ ᠰᠦᠯᠳᠡ ᠰᠤᠮᠤᠨ ᠤ ᠵᠠᠮ ᠬᠠᠷᠢᠯᠴᠠᠭᠠᠨ ᠤ ᠴᠠᠭᠳᠠᠭ᠎ᠠ ᠠᠴᠠ ᠪᠠᠰᠠ ᠮᠠᠯᠴᠢᠨ ᠲᠠᠷᠢᠶᠠᠴᠢᠨ ᠳᠤ ᠲᠠᠷᠢᠶᠠᠯᠠᠩ ᠤᠨ ᠮᠠᠰᠢᠨ ᠢ ᠠᠮᠤᠷ ᠲᠦᠪᠰᠢᠨ ᠭᠡᠷᠡᠭᠯᠡᠭᠦ᠂ ᠵᠠᠮ ᠳᠤ ᠠᠮᠤᠷ ᠲᠦᠪᠰᠢᠨ ᠭᠠᠷᠬᠤ ᠵᠡᠷᠭᠡ  ᠮᠡᠳᠡᠯᠭᠡ ᠶᠢᠨ ᠲᠤᠭᠤᠷᠢᠨ ᠳᠤ ᠬᠢᠴᠢᠶᠠᠯ ᠲᠠᠶᠢᠯᠤᠮᠵᠢ ᠬᠢᠭᠰᠡᠨ ᠪᠠᠶᠢᠨ᠎ᠠ᠃
640.webp (1).jpg
640.webp (2).jpg
                                      ᠰᠤᠷᠪᠤᠯᠵᠢᠯᠠᠭᠴᠢ᠄  ᠴᠤᠭᠪᠢᠯᠢᠭ᠌᠂ ᠪᠤᠶᠠᠨᠳᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ