ᠪᠦᠷᠢᠳᠤ ᠭᠠᠴᠠᠭ᠎ᠠ ᠬᠠᠮ ᠬᠦᠴᠦᠨ ᠢᠶᠠᠷ ᠴᠢᠨᠡᠭᠡᠯᠢᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2020/11/23
      ᠦᠥᠰᠢᠨᠵᠤᠤ ᠪᠠᠯᠭᠠᠰᠤᠨ ᠤ ᠪᠦᠷᠢᠳᠤ ᠭᠠᠴᠠᠭ᠎ᠠ ᠨᠢ ᠴᠤᠯ ᠮᠠᠯᠵᠢᠬᠤ ᠭᠠᠴᠠᠭ᠎ᠠ ᠪᠠᠶᠢᠵᠤ ᠤᠷᠤᠨ ᠨᠤᠲᠤᠭ ᠤᠨ ᠲᠠᠪᠠᠭᠤᠯᠢᠭ ᠢᠶᠠᠨ ᠠᠰᠢᠭᠯᠠᠨ ᠮᠠᠯ ᠤᠨ ᠠᠰᠢᠭ ᠰᠢᠮ᠎ᠡ ᠪᠠᠷ ᠬᠠᠮᠲᠤ ᠶᠢᠨ ᠠᠵᠤ ᠠᠬᠤᠢ ᠪᠠᠨ ᠬᠦᠭᠵᠢᠬᠦᠯᠵᠦ ᠶᠠᠳᠠᠭᠤ ᠠᠴᠠ ᠠᠩᠬᠢᠵᠢᠷᠠᠭᠰᠠᠨ ᠡᠷᠦᠬᠡ ᠶᠢᠨ ᠲᠠᠬᠢᠨ ᠶᠠᠳᠠᠭᠤᠷᠠᠬᠤ ᠠᠴᠠ ᠪᠦᠲᠦᠮᠵᠢᠲᠡᠢ ᠰᠡᠷᠭᠡᠶᠢᠯᠡᠵᠦ ᠮᠠᠯᠴᠢᠳ ᠢᠶᠠᠨ ᠲᠠᠶᠢᠴᠢᠯᠠᠨ ᠴᠢᠨᠡᠭᠡᠯᠢᠭ ᠨᠡᠶᠢᠬᠡᠮ ᠤᠷᠤᠭᠤ ᠤᠷᠤᠭᠰᠢᠯᠠᠵᠤ ᠪᠠᠶᠢᠨ᠎ᠠ᠃
微信图片_20201123095128.jpg
      ᠪᠦᠷᠢᠳᠤ ᠭᠠᠴᠠᠭᠠᠨ ᠤ ᠭᠤᠷᠪᠠᠨ ᠵᠦᠪᠯᠡᠯ ᠪᠤᠯᠤᠨ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ 2019 ᠤᠨ ᠳᠤ ᠦᠬᠡᠷ ᠬᠤᠨᠢ ᠶᠢ ᠲᠡᠵᠢᠬᠡᠵᠦ ᠲᠠᠷᠭᠤᠯᠠᠭᠤᠯᠬᠤ ᠲᠠᠯᠠᠪᠤᠷ ᠪᠠᠶᠢᠭᠤᠯᠤᠭᠰᠠᠨ ᠪᠠᠶᠢᠨ᠎ᠠ᠃ ᠠᠳᠡ 180 ᠭᠠᠷᠤᠢ ᠤᠷᠳᠤᠰ ᠨᠠᠷᠢᠨ ᠨᠤᠤᠰᠤᠲᠤ ᠬᠤᠨᠢ᠂ 20 ᠭᠠᠷᠤᠢ ᠨᠤᠲᠤᠭ ᠤᠨ ᠤᠯᠠᠭᠠᠨ ᠦᠭᠡᠷ ᠢ ᠲᠡᠵᠢᠬᠡᠨ ᠲᠠᠷᠭᠤᠯᠠᠭᠤᠯᠵᠤ ᠤᠶᠢᠷ᠎ᠠ ᠬᠠᠪᠢ ᠶᠢᠨ ᠠᠵᠤ ᠦᠢᠯᠡᠳᠪᠦᠷᠢ ᠶᠢᠨ ᠲᠤᠭᠤᠷᠢᠭ ᠪᠤᠯᠤᠨ ᠭᠠᠵᠠᠷ ᠰᠢᠨᠵᠢᠯᠡᠬᠡᠨ ᠤ ᠠᠩᠬᠢ ᠳᠤ ᠪᠤᠷᠤᠯᠠᠭᠤᠯᠳᠠᠭ ᠪᠠᠶᠢᠨ᠎ᠠ᠃ ᠡᠭᠦᠨ ᠠᠴᠠ ᠭᠠᠳᠠᠨ᠎ᠠ ᠲᠤᠰ ᠭᠠᠴᠠᠭ᠎ᠠ ᠤᠷᠤᠨ ᠨᠤᠲᠤᠭ ᠤᠨ ᠲᠠᠪᠠᠭᠤᠯᠢᠭ ᠢᠶᠠᠨ ᠠᠰᠢᠭᠯᠠᠨ ᠮᠤᠳᠤᠲᠤ ᠴᠠᠭᠠᠨ ᠨᠠᠭᠤᠷ᠂ ᠪᠠᠯᠭᠠᠰᠤᠨ ᠤ ᠠᠵᠤ ᠦᠢᠯᠡᠳᠪᠦᠷᠢ ᠶᠢᠨ ᠲᠤᠭᠤᠷᠢᠭ ᠲᠤ ᠪᠠᠶᠢᠭ᠎ᠠ ᠤᠷᠤᠨ ᠰᠠᠭᠤᠴᠠ ᠵᠡᠷᠭᠡ ᠶᠢ ᠭᠠᠳᠠᠭᠰᠢ ᠲᠦᠷᠢᠶᠡᠰᠦᠯᠡᠨ ᠭᠤᠷᠪᠠᠨ ᠲᠦᠷᠦᠯ ᠤᠨ ᠬᠠᠮᠲᠤ  ᠶᠢᠨ ᠠᠵᠤ ᠠᠬᠤᠢ ᠶᠢᠨ ᠣᠷᠣᠯᠭ᠎ᠠ ᠨᠢ ᠨᠡᠶᠢᠲᠡ 25 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃
微信图片_20201123095133.jpg
      ᠪᠦᠷᠢᠳᠤ ᠭᠠᠴᠠᠭ᠎ᠠ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠦᠭᠰᠡᠨ ᠰᠠᠭᠤᠷᠢᠨ ᠲᠡᠭᠡᠷ᠎ᠡ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠭᠠᠴᠠᠭᠠᠨ ᠤ ᠤᠯᠤᠰ ᠤᠨ ᠲᠡᠰ ᠤᠨ ᠶᠠᠲᠠᠭᠤ ᠬᠦᠴᠢᠷᠳᠡᠯᠲᠡᠢ ᠲᠦᠷᠪᠡᠨ ᠡᠷᠦᠬᠡ ᠶᠢᠨ ᠲᠠᠬᠢᠨ ᠶᠠᠲᠠᠭᠤᠷᠠᠬᠤ ᠠᠴᠠ ᠨᠢ ᠰᠡᠷᠬᠡᠶᠢᠯᠡᠵᠦ ᠴᠢᠳᠠᠯ᠎ᠠ᠃ ᠮᠠᠯᠴᠢᠨ ᠨᠠᠰᠤᠨᠪᠠᠲᠤ ᠶᠢᠨ ᠬᠢᠨ ᠪᠤᠯ ᠲᠠᠷᠤᠢ ᠶᠠᠳᠠᠭᠤ ᠠᠴᠠ ᠠᠩᠬᠢᠵᠢᠷᠠᠭᠰᠠᠨ ᠡᠷᠦᠬᠡ ᠪᠤᠯᠤᠨ᠎ᠠ᠃ ᠲᠠᠭᠦᠨ ᠤ ᠦᠶ᠎ᠡ ᠭᠡᠰᠢᠬᠦᠨ ᠤ ᠡᠪᠡᠳᠴᠢᠨ ᠲᠠᠢ ᠠᠴᠠ ᠶᠠᠪᠤᠬᠤ ᠰᠠᠭᠤᠬᠤ ᠳᠤ ᠲᠦᠬᠦᠮ ᠦᠬᠡᠢ ᠪᠠᠶᠢᠳᠠᠯ ᠳᠤ ᠴᠢᠭᠯᠡᠬᠦᠯᠦᠨ ᠭᠠᠴᠠᠭᠠᠨ ᠠᠴᠠ ᠭᠤᠷᠪᠠᠨ ᠬᠦᠷᠳᠤᠲᠤ ᠮᠤᠲ᠋ᠤᠷ ᠠᠪᠴᠤ ᠦᠭᠭᠦᠨ ᠦᠢᠯᠡᠳᠪᠦᠷᠢᠯᠡᠯ ᠠᠮᠢᠳᠤᠷᠠᠯ ᠳᠤ ᠨᠢ ᠲᠤᠰᠠᠯᠠᠵᠤ ᠤᠳᠤ ᠪᠤᠯᠬᠤ ᠳᠤ ᠡᠳᠡᠨᠠᠶᠢᠬᠢᠨ 160 ᠭᠠᠷᠤᠢ ᠤᠷᠳᠤᠰ ᠨᠠᠷᠢᠨ ᠨᠤᠤᠰᠤᠲᠤ ᠬᠤᠨᠢ᠂ 20 ᠭᠠᠷᠤᠢ ᠦᠬᠡᠷ ᠮᠠᠯᠵᠢᠵᠤ ᠵᠢᠯ ᠤᠨ ᠤᠷᠤᠯᠭ᠎ᠠ 6 ᠲᠦᠮᠡᠨ ᠲᠦᠬᠦᠷᠢᠭ ᠢ ᠲᠠᠪᠠᠭᠰᠠᠨ ᠴᠢᠨᠡᠬᠡᠯᠢᠭ ᠡᠷᠦᠬᠡ ᠪᠤᠯᠤᠭᠰᠠᠨ ᠪᠠᠶᠢᠨ᠎ᠠ᠃
微信图片_20201123095139.jpg
      ᠪᠦᠷᠢᠳᠤ ᠭᠠᠴᠠᠭᠠᠨ ᠤ ᠭᠠᠴᠠᠭᠠᠨ ᠲᠠᠷᠤᠭ᠎ᠠ ᠨᠠᠷᠠᠨᠮᠠᠨᠳᠤᠬᠤ᠄ ︽ᠮᠠᠨ ᠤ ᠪᠦᠷᠢᠳᠦ ᠭᠠᠴᠠᠭᠠᠨ ᠳᠤ ᠤᠯᠤᠰ ᠤᠨ ᠲᠡᠰ ᠤᠨ ᠶᠠᠳᠠᠭᠤ ᠡᠷᠦᠬᠡ ᠨᠡᠶᠢᠲᠡ 4 ᠪᠠᠶᠢᠨ᠎ᠠ᠃ ᠤᠳᠤ ᠡᠨᠡ ᠲᠦᠷᠪᠡᠨ ᠡᠷᠦᠬᠡ ᠪᠦᠷ ᠶᠠᠳᠠᠭᠤ ᠠᠴᠠ ᠠᠩᠭᠢᠵᠢᠷᠠᠵᠤ ᠠᠮᠢᠳᠤᠷᠠᠯ ᠨᠢ ᠡᠩ ᠤᠨ ᠮᠠᠯᠴᠢᠳ ᠲᠠᠢ ᠠᠳᠠᠯᠢ ᠪᠤᠯᠤᠭᠰᠠᠨ ᠪᠠᠶᠢᠨ᠎ᠠ᠃ ᠪᠢᠳᠠ ᠲᠡᠲᠡᠨ ᠢ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠤᠨᠴᠠᠯᠢᠭ ᠲᠤ ᠨᠢ ᠲᠤᠬᠢᠷᠠᠭᠤᠯᠤᠨ 29000 ᠭᠠᠷᠤᠢ ᠪᠡᠯᠡ ᠮᠦᠩᠭᠦᠨ ᠤ ᠳᠡᠮᠵᠢᠯᠭᠡ ᠦᠵᠡᠬᠦᠯᠦᠨ ᠲᠤᠰᠠᠯᠠᠵᠠᠢ︾ ᠬᠡᠵᠤ ᠶᠠᠷᠢᠵᠤ ᠪᠠᠶᠢᠯ᠎ᠠ᠃      ᠤᠶᠢᠯᠠᠭᠠᠭᠰᠠᠨ ᠢᠶᠠᠷ᠂ ᠦᠥᠰᠢᠨᠵᠤᠤ ᠪᠠᠯᠭᠠᠰᠤᠨ ᠤ ᠪᠦᠷᠢᠳᠤ ᠭᠠᠴᠠᠭ᠎ᠠ 852500 ᠮᠤ᠋ ᠨᠤᠲᠤᠭ ᠪᠡᠯᠴᠢᠭᠡᠷ᠂ 1105 ᠬᠦᠮᠦᠨ ᠠᠮᠠ ᠲᠠᠢ ᠪᠠᠶᠢᠵᠤ ᠬᠦᠮᠦᠨ ᠲᠤᠮᠳᠠᠴᠢ ᠶᠢᠨ ᠤᠷᠤᠯᠭ᠎ᠠ ᠨᠢ 2 ᠲᠦᠮᠡᠨ ᠲᠦᠬᠦᠷᠢᠭ ᠢ ᠳᠠᠪᠠᠭᠰᠠᠨ ᠪᠠᠶᠢᠨ᠎ᠠ᠃                                        ᠰᠤᠷᠪᠤᠯᠵᠢᠯᠠᠭᠴᠢ᠄ ᠬᠠᠰᠪᠤᠶᠠᠨᠲᠤ   ᠪᠠᠶᠠᠠᠳᠠᠯᠠᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ