ᠪᠠᠶ᠋ᠬᠠᠦ᠋ᠨᠳᠦᠷ ᠭᠠᠴᠠᠭ᠎ᠠ ᠮᠠᠯᠴᠢᠳ ᠲᠠᠭᠠᠨ ᠪᠤᠳᠠᠳᠤ ᠶᠠᠪᠤᠳᠠᠯ ᠪᠦᠳᠦᠭᠡᠨ ᠦᠭᠴᠠᠢ
ᠨᠡᠶᠢᠲᠡᠯᠡᠭᠰᠡᠨ ᠴᠠᠭ᠄
2020/11/23
     ᠭᠠᠯᠠᠭᠤᠳᠤ ᠪᠠᠯᠭᠠᠰᠤᠨ ᠤ ᠪᠠᠶ᠋ᠬᠠᠦ᠋ᠨᠳᠦᠷ ᠭᠠᠴᠠᠭ᠎ᠠ ᠬᠦᠳᠡᠭᠡ ᠳᠤᠰᠬᠤᠨ ᠢ ᠬᠦᠭᠵᠢᠬᠦᠯᠬᠦ ᠶᠠᠪᠤᠴᠠ ᠳᠤᠮᠳᠠ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠦᠮᠡᠨ ᠳᠡᠭᠡᠨ ᠪᠤᠳᠠᠳᠤ ᠶᠠᠪᠤᠳᠠᠯ᠂ ᠰᠠᠶᠢᠨ ᠶᠠᠪᠤᠳᠠᠯ ᠪᠦᠳᠦᠭᠡᠵᠤ ᠦᠭᠬᠦ ᠪᠠᠷ ᠴᠢᠷᠮᠠᠶᠢᠵᠤ ᠪᠠᠶᠢᠨ᠎ᠠ᠃     ᠲᠤᠰ ᠭᠠᠴᠠᠭ᠎ᠠ ᠮᠠᠯᠴᠢᠨ ᠲᠠᠷᠢᠶᠠᠴᠢᠳ ᠤᠨ ᠤᠯᠠᠮᠵᠢᠯᠠᠯᠲᠤ ᠨᠡᠭᠦᠷᠡᠰᠦᠨ ᠵᠤᠤᠬ᠎ᠠ ᠶᠢᠨ ᠲᠤᠯᠠᠭᠠᠯᠠᠮᠵᠢ ᠬᠠᠩᠭᠠᠬᠤ ᠦᠷ᠎ᠡ ᠪᠦᠲᠦᠮᠵᠢ ᠠᠨᠠᠢ᠂ ᠨᠡᠭᠦᠷᠡᠰᠦᠨ ᠤ ᠤᠳᠤᠭ᠎ᠠ ᠲᠣᠭᠤᠰᠣᠨ ᠤ ᠪᠣᠬᠢᠷᠲᠤᠯ ᠶᠡᠭᠡ ᠵᠡᠷᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠤ᠂ ᠭᠠᠴᠠᠭᠠᠨ ᠤ ᠪᠠᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠪᠠᠲᠤᠯᠠᠵᠤ᠂ ᠨᠡᠭᠦᠷᠡᠰᠦᠨ ᠵᠤᠤᠬ᠎ᠠ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢᠨ ᠲᠤᠰᠠᠳᠠ᠂ ᠣᠯᠠᠨ ᠤᠳᠠᠭ᠎ᠠ ᠲᠤᠬᠠᠶ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠭᠦ ᠪᠠᠷ ᠲᠠᠮᠵᠢᠭᠤᠯᠤᠨ᠂ ᠰᠢᠨ᠎ᠡ ᠡᠨᠧᠷᠭᠢ ᠶᠢᠨ ᠳᠤᠯᠠᠭᠠᠯᠠᠮᠵᠢ ᠬᠠᠨᠭ᠍ᠭᠠᠬᠤ ᠠᠷᠭ᠎ᠠ ᠮᠠᠶ᠋ᠢᠭ ᠢ ᠣᠷᠣᠭᠤᠯᠤᠨ ᠠᠪᠴᠢᠷᠠᠬᠤ ᠪᠠᠷ ᠭᠤᠶᠤᠴᠢᠯᠠᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠪᠦᠯᠬᠦᠮ ᠲᠠᠢ ᠣᠯᠠᠨ ᠤᠳᠠᠭ᠎ᠠ ᠵᠣᠬᠢᠴᠠᠭᠤᠯᠤᠨ᠂ ᠭᠠᠴᠠᠭᠠᠨ ᠤ ᠮᠠᠯᠴᠢᠨ ᠲᠠᠷᠢᠶᠠᠴᠢᠳ ᠲᠤ ᠪᠠᠯ ᠴᠢᠯᠠᠭᠤᠨ ᠤ ᠴᠠᠬᠢᠯᠭᠠᠨ ᠲᠤᠯᠠᠭᠠᠯᠠᠮᠵᠢ ᠶᠢᠨ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠤ ᠲᠤᠷᠰᠢᠯᠲᠠ ᠶᠢᠨ ᠴᠡᠭ ᠤᠨ ᠢᠨᠵᠧᠨᠧᠷᠢᠩ ᠢ ᠣᠷᠣᠭᠤᠯᠤᠨ ᠠᠪᠴᠢᠷᠠᠪᠠ᠃ ᠢᠡᠭᠭᠢᠭᠡᠳ ᠶᠠᠭᠤᠨ ᠤ ᠤᠷᠢᠳ ᠭᠠᠴᠠᠭᠠᠨ ᠤ ᠪᠠᠨ 3 ᠡᠷᠦᠬᠡ ᠳᠤ ᠤᠭᠰᠠᠷᠠᠨ ᠦᠭᠴᠦ ᠳᠤᠷᠰᠢᠨ ᠬᠡᠷᠡᠭᠯᠡᠬᠦᠯᠪᠡ᠃     ᠮᠠᠯᠴᠢᠨ ᠪᠢᠯᠢᠭ ᠤᠨ ᠬᠢ ᠪᠣᠯ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠤ ᠢᠨᠵᠧᠨᠧᠷᠢᠩ ᠤᠨ ᠲᠤᠷᠰᠢᠯᠲᠠ ᠶᠢᠨ ᠴᠡᠭ ᠤᠨ ᠡᠷᠦᠬᠡ ᠶᠢᠨ ᠨᠢᠭᠡ ᠪᠣᠯᠤᠨ᠎ᠠ᠃ ᠳᠤᠯᠠᠭᠠᠨ ᠲᠠᠭᠠᠯᠠᠮᠵᠢᠲᠠᠶ᠂ ᠴᠡᠪᠡᠷ ᠲᠤᠭᠢᠯᠢᠭ ᠭᠡᠷ ᠤᠷᠤᠨ ᠲᠠᠢ ᠪᠤᠯᠤᠬᠰᠠᠨ ᠪᠢᠯᠢᠭ᠄ ︽ᠮᠠᠨ ᠤ ᠬᠢ ᠤᠳᠤ ᠨᠡᠭᠦᠷᠡᠰᠦ ᠲᠦᠯᠡᠭᠦ ᠬᠡᠷᠡᠭ ᠦᠭᠡᠢ ᠪᠣᠯᠵᠠᠶ᠂ ᠥᠩᠭᠡᠷᠡᠭᠰᠡᠨ ᠵᠢᠯ ᠤᠳ ᠲᠤ ᠮᠠᠨ ᠤ ᠬᠢ ᠨᠡᠭᠦᠷᠡᠰᠦ ᠪᠠᠨ ᠭᠠᠮᠨᠠᠵᠤ᠂ ᠲᠡᠭᠷᠢ ᠨᠠᠯᠢᠶᠠᠳ ᠬᠦᠢᠲᠡᠷᠡᠭᠰᠡᠨ ᠬᠤᠶᠢᠨ᠎ᠠ ᠰᠠᠶ᠋ᠢ ᠲᠦᠯᠡᠵᠤ ᠡᠬᠢᠯᠡᠳᠡᠭ᠃ ᠤᠳᠤ ᠮᠠᠨ ᠤ ᠭᠡᠷ ᠤᠤᠯ ᠤᠨ ᠬᠢ ᠠᠴᠠ ᠪᠠᠨ ᠴᠡᠪᠡᠷ ᠮᠦᠷᠲᠡᠭᠡᠨ ᠳᠤᠯᠠᠭᠠᠨ᠂ ᠤᠳᠤᠭ᠎ᠠ ᠲᠣᠭᠤᠰᠣ ᠴᠤ ᠳᠡᠭᠳᠡᠭᠦ ᠦᠭᠡᠢ ᠪᠤᠯᠵᠠᠢ︾ ᠬᠡᠵᠤ ᠶᠠᠷᠢᠨ᠎ᠠ᠃     ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠤ ᠢᠨᠵᠧᠨᠧᠷᠢᠩ ᠨᠢ ᠪᠠᠯ ᠴᠢᠯᠠᠭᠤᠨ ᠴᠠᠬᠢᠯᠭᠠᠨ ᠢᠶᠠᠷ ᠳᠤᠯᠠᠭᠠᠯᠠᠮᠵᠢ ᠬᠠᠨᠭ᠍ᠭᠠᠬᠤ ᠰᠢᠰᠲ᠋ᠧᠮ ᠢ ᠠᠰᠢᠭᠯᠠᠵᠤ᠂ ᠭᠦᠰᠡᠷ ᠲᠤᠤᠷ᠎ᠠ ᠢᠯᠴᠢ ᠬᠠᠩᠭᠠᠬᠤ ᠬᠤᠭᠤᠯᠠᠶ ᠲᠣᠣᠷ ᠤᠭᠰᠠᠷᠠᠵᠤ᠂ ᠠᠯᠤᠰ ᠡᠵᠡᠮᠰᠢᠭᠦᠷ ᠢᠶᠠᠷ ᠳᠤᠯᠠᠭᠠᠨ ᠢ ᠲᠣᠬᠢᠷᠠᠭᠤᠯᠳᠠᠭ᠃ ᠲᠤᠰ ᠰᠢᠰᠲ᠋ᠧᠮ ᠤᠨ ᠥᠪᠡᠷ ᠤᠨ ᠥᠷᠲᠡᠭ ᠳᠣᠣᠷ᠎ᠠ᠂ ᠡᠨᠧᠷᠭᠢ ᠶᠢᠨ ᠬᠤᠷᠣᠭᠳᠠᠯ ᠪᠠᠭ᠎ᠠ᠂ ᠬᠡᠷᠡᠭᠯᠡᠬᠦ ᠬᠤᠭᠤᠴᠠᠭ᠎ᠠ ᠨᠢ ᠤᠷᠲᠤ᠂ ᠨᠡᠭᠦᠷᠡᠰᠦ ᠲᠦᠯᠡᠭᠦ᠂ ᠰᠢᠲᠠᠮᠠᠬᠠᠶ ᠬᠡᠢ ᠲᠦᠯᠡᠭᠦ ᠵᠡᠷᠭᠡ ᠢᠯᠴᠢ ᠬᠠᠩᠭᠠᠬᠤ ᠪᠣᠬᠢᠷᠲᠤᠯ ᠤᠨ ᠬᠦᠴᠢᠷ ᠠᠰᠠᠭᠤᠳᠠᠯ ᠢ ᠰᠢᠶ᠋ᠳᠪᠦᠷᠢᠯᠡᠭᠰᠡᠨ ᠪᠠᠶᠢᠨ᠎ᠠ᠃                                   
ᠢᠷᠡᠯᠲᠡ᠄ ᠤᠷᠳᠤᠰ ᠮᠤᠩᠭᠤᠯ ᠰᠦᠯᠵᠢᠶ᠎ᠡ