ᠪᠦᠷᠢᠳᠤ ᠭᠠᠴᠠᠭᠠᠨ ᠤ ᠮᠠᠯᠴᠢᠳ ᠡᠭᠦᠳᠡᠨ ᠳᠡᠭᠡᠷ᠎ᠡ ᠪᠠᠨ ᠡᠷᠡᠬᠦᠯ ᠮᠡᠨᠳᠦ ᠶᠢᠨ ᠦᠢᠯᠡᠴᠢᠯᠡᠭᠡ ᠬᠦᠷᠲᠡᠯ᠎ᠡ
ᠨᠡᠶᠢᠲᠡᠯᠡᠭᠰᠡᠨ ᠴᠠᠭ᠄
2020/11/24
      ᠤᠶᠢᠷ᠎ᠠ ᠶᠢᠨ ᠡᠳᠦᠷ᠂ ᠤᠷᠳᠤᠰ ᠬᠤᠲᠠ ᠶᠢᠨ ᠮᠤᠩᠭᠤᠯ ᠡᠮᠨᠡᠯᠭᠡ ᠶᠢᠨ ᠬᠤᠷᠢᠶ᠎ᠠ ᠠᠴᠠ ᠦᠥᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠳᠤ ᠠᠯᠪᠠᠨ ᠵᠢᠷᠤᠮ ᠤᠨ ᠡᠮᠴᠢᠯᠡᠭᠡ ᠬᠢᠵᠦ ᠮᠠᠯᠴᠢᠨ ᠲᠠᠷᠢᠶᠠᠴᠢᠨ ᠳᠤ ᠡᠷᠡᠬᠦᠯ ᠮᠡᠨᠳᠦ ᠶᠢᠨ ᠬᠠᠯᠠᠮᠵᠢ ᠬᠦᠷᠲᠡᠭᠡᠨ ᠲᠦᠬᠦᠮ ᠦᠵᠡᠬᠦᠯᠦᠯ᠎ᠡ᠃
640.webp (2).jpg
640.webp (1).jpg
      ᠡᠮᠴᠢᠯᠡᠬᠡᠨ ᠤ ᠶᠠᠪᠤᠴᠠ ᠳᠤ ᠡᠮᠴᠢ ᠨᠠᠷ ︽ᠦᠵᠡᠬᠦ ᠰᠤᠨᠤᠰᠬᠤ ᠠᠰᠠᠭᠤᠬᠤ ᠯᠠᠪᠯᠠᠬᠤ︾ ᠠᠷᠭ᠎ᠠ ᠪᠠᠷ ᠮᠠᠯᠴᠢᠳ ᠤᠨ ᠪᠡᠶ᠎ᠡ ᠶᠢᠨ ᠪᠠᠶᠢᠳᠠᠯ ᠢ ᠤᠨᠤᠪᠴᠢᠲᠠᠢ ᠤᠨᠤᠰᠢᠯᠠᠵᠤ ᠵᠡᠬᠦᠦ ᠲᠦᠭᠡᠨᠡᠯᠬᠡ᠂ ᠰᠤᠷᠤᠭᠤᠯ ᠲᠠᠯᠪᠢᠬᠤ ᠵᠡᠷᠭᠡ ᠲᠤᠬᠢᠷᠠᠮᠵᠢᠲᠠᠢ ᠮᠡᠷᠭᠡᠵᠢᠯ ᠢ ᠠᠰᠢᠭᠯᠠᠨ ᠡᠮᠴᠢᠯᠡᠭᠡ ᠬᠢᠵᠦ ᠢᠳᠡᠭᠡᠨ ᠤᠮᠳᠠᠭᠠᠨ  ᠢᠶᠠᠨ ᠵᠤᠭᠢᠰᠳᠠᠢ ᠲᠤᠬᠢᠷᠠᠭᠤᠯᠬᠤ᠂ ᠲᠠᠮᠢᠷ ᠤᠨ ᠬᠦᠳᠡᠯᠭᠡᠭᠡᠨ ᠬᠢᠬᠦ᠂ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠪᠠᠲᠤᠯᠠᠬᠤ ᠵᠡᠷᠭᠡ ᠲᠠᠯ᠎ᠠ ᠪᠠᠷ ᠵᠢᠯᠤᠭᠤᠳᠤᠯᠭ᠎ᠠ ᠬᠢᠯ᠎ᠠ᠃
640.webp (3).jpg
640.webp (4).jpg
      ᠡᠨᠡ ᠤᠳᠠᠭ᠎ᠠ ᠤᠷᠳᠤᠰ ᠬᠤᠲᠠ ᠶᠢᠨ ᠮᠤᠩᠭᠤᠯ ᠡᠮᠨᠡᠯᠬᠡ ᠶᠢᠨ ᠬᠤᠷᠢᠶᠠᠨ ᠤ ᠡᠮᠡᠭᠲᠡᠢ ᠶᠢᠨ ᠰᠠᠯᠠᠭ᠎ᠠ᠂ ᠲᠤᠲᠤᠷ ᠡᠮᠴᠢᠯᠡᠭᠡᠨ ᠤ ᠰᠠᠯᠠᠭ᠎ᠠ᠂ ᠠᠷᠠᠰᠤᠨ ᠰᠠᠯᠠᠭ᠎ᠠ᠂ ᠶᠠᠰᠤᠨ ᠰᠠᠯᠠᠭ᠎ᠠ᠂ ᠤᠯᠠᠮᠵᠢᠯᠠᠯᠲᠤ ᠵᠠᠰᠠᠯ ᠤᠨ ᠰᠠᠯᠠᠭ᠎ᠠ ᠶᠢᠨ ᠡᠷᠬᠢᠯᠡᠭᠴᠢ ᠡᠮᠴᠢ ᠨᠠᠷ ᠢ ᠠᠯᠪᠠᠨ ᠵᠢᠷᠤᠮ ᠤᠨ ᠡᠮᠴᠢᠯᠡᠬᠡᠨ ᠳᠤ ᠲᠤᠮᠢᠯᠠᠨ ᠮᠠᠯᠴᠢᠨ ᠲᠠᠷᠢᠶᠠᠴᠢᠨ ᠳᠤ ᠡᠷᠡᠬᠦᠯ ᠮᠡᠨᠳᠤ ᠶᠢᠨ ᠬᠠᠯᠠᠮᠵᠢ ᠬᠦᠷᠲᠡᠭᠡᠯ᠎ᠡ᠃ ᠤᠶᠢᠯᠠᠭᠠᠭᠰᠠᠨ ᠢᠶᠠᠷ ᠤᠶᠢᠷ᠎ᠠ ᠶᠢᠨ ᠵᠢᠯ ᠠᠴᠠ ᠨᠠᠰᠢ ᠤᠷᠳᠤᠰ ᠬᠤᠲᠠ ᠶᠢᠨ ᠮᠤᠩᠭᠤᠯ ᠡᠮᠨᠡᠯᠬᠡ ᠶᠢᠨ ᠬᠤᠷᠢᠶ᠎ᠠ ᠨᠢ ᠮᠤᠩᠭᠤᠯ ᠠᠨᠠᠭᠠᠬᠤ ᠤᠬᠠᠭᠠᠨ ᠤ ᠡᠮᠨᠡᠯᠬᠡ ᠶᠢᠨ ᠡᠷᠡᠬᠦᠯ ᠢᠶᠠᠷ ᠶᠠᠳᠠᠭᠤ ᠶᠢ ᠲᠡᠳᠬᠦᠬᠦ ᠠᠵᠢᠯ ᠤᠨ ᠪᠦᠬᠦ ᠶᠠᠪᠤᠴᠠ ᠳᠤ ᠮᠠᠯᠴᠢᠨ ᠲᠠᠷᠢᠶᠠᠴᠢᠨ ᠤ ᠡᠪᠡᠳᠴᠢᠨ ᠢᠶᠠᠨ ᠦᠵᠡᠬᠦᠯᠬᠦ ᠳᠤ ᠬᠦᠴᠢᠷᠲᠠᠢ᠂ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠠᠰᠠᠭᠤᠳᠠᠯ ᠢ ᠪᠤᠳᠠᠳᠤ ᠠᠵᠢᠯᠯᠠᠭ᠎ᠠ ᠪᠠᠷ ᠰᠢᠢᠳᠪᠤᠷᠢᠯᠠᠵᠤ ᠪᠠᠶᠢᠨ᠎ᠠ᠃
640.webp (5).jpg
640.webp.jpg
                                    ᠰᠤᠷᠪᠤᠯᠵᠢᠯᠠᠭᠴᠢ᠄  ᠬᠠᠰᠪᠤᠶᠠᠨᠲᠤ    ᠸᠠᠩ ᠨᠠ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ