ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020/11/26
    ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 24 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 11 ᠰᠠᠷ᠎ᠠ ᠶᠢᠨ 24 ᠤ ᠤᠷᠤᠢ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠤᠲᠠᠰᠤ ᠪᠠᠷ ᠶᠠᠷᠢᠯᠴᠠᠪᠠ᠃     ᠰᠢ ᠶᠢᠨ ᠫᠢᠩ᠂ ᠬᠡᠳᠦᠨ ᠡᠳᠦᠷ ᠤᠨ ᠡᠮᠦᠨ᠎ᠡ᠂ ᠪᠢ ᠲᠠᠨ ᠲᠠᠢ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠬᠠᠮᠳᠤ ᠣᠷᠣᠯᠴᠠᠪᠠ᠃ ᠪᠢᠳᠡ ᠪᠦᠷ ᠣᠯᠠᠨ ᠲᠠᠯᠠᠲᠤ ᠦᠵᠡᠯ ᠢ ᠪᠠᠷᠢᠮᠳᠠᠯᠠᠵᠤ᠂ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠭᠠᠷ ᠬᠤᠯᠪᠤᠨ ᠬᠢᠵᠢᠭ ᠲᠠᠢ ᠲᠡᠮᠡᠴᠡᠵᠤ᠂ ᠳᠡᠯᠡᠬᠡᠶ ᠶᠢᠨ ᠠᠵᠤ ᠠᠬᠤᠶ ᠶᠢ ᠳᠠᠬᠢᠨ ᠬᠥᠭᠵᠢᠭᠦᠯᠤᠨ ᠮᠠᠨᠳᠤᠭᠤᠯᠵᠤ᠂ ᠪᠥᠬᠦ ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠬᠤ ᠶᠢ ᠵᠤᠷᠢᠵᠤ ᠪᠠᠶᠢᠨ᠎ᠠ᠃ ᠣᠳᠣᠬᠠᠨ ᠳᠤ᠂ ᠧᠦ᠋ᠷᠣᠫᠠ ᠲᠢᠪ ᠢ ᠪᠠᠭᠲᠠᠭᠠᠭᠰᠠᠨ ᠪᠦᠬᠦ ᠪᠥᠮᠪᠥᠷᠴᠡᠭ ᠤᠨ ᠵᠠᠷᠢᠮ ᠭᠠᠵᠠᠷ ᠣᠷᠣᠨ ᠶᠠᠭ ᠬᠤᠶᠠᠳᠤᠭᠠᠷ ᠡᠭᠡᠯᠵᠢ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠳᠠ ᠳᠤ ᠲᠤᠯᠭᠠᠷᠠᠵᠤ᠂ ᠭᠠᠷ ᠬᠤᠯᠪᠤᠨ ᠬᠢᠵᠢᠭ ᠲᠠᠢ ᠲᠡᠮᠡᠴᠡᠬᠦ ᠨᠢ ᠮᠦᠨ ᠬᠦ ᠡᠯ᠎ᠡ ᠲᠠᠯ᠎ᠠ ᠶᠢᠨ ᠲᠡᠷᠢᠭᠦᠨ ᠴᠢᠬᠤᠯᠠ ᠡᠭᠦᠷᠭᠡ ᠪᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠭᠧᠷᠮᠠᠨ ᠤ ᠬᠢᠨ ᠲᠠᠢ ᠸᠠᠺᠼᠢᠨ ᠤ ᠲᠤᠬᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠸᠠᠺᠼᠢᠨ ᠤ ᠪᠥᠬᠦ ᠪᠥᠮᠪᠥᠷᠴᠡᠭ ᠤᠨ ᠣᠯᠠᠨ ᠨᠡᠶᠢᠲᠡ ᠶᠢᠨ ᠪᠦᠲᠦᠭᠡᠭᠳᠡᠬᠦᠨ ᠤ ᠬᠤᠪᠢ ᠪᠠᠷ ᠲᠦᠪ ᠭᠤᠤᠯᠴᠢ ᠪᠠᠷ ᠬᠤᠪᠢᠶᠠᠷᠢᠯᠠᠭᠳᠠᠬᠤ ᠶᠢ ᠠᠬᠢᠭᠤᠯᠵᠤ᠂ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠲᠤ ᠠᠰᠢᠭ ᠬᠦᠷᠲᠡᠭᠡᠨ᠎ᠡ ᠭᠡᠵᠤ ᠴᠢᠬᠤᠯᠠᠴᠢᠯᠠᠪᠠ᠃     ᠰᠢ ᠶᠢᠨ ᠫᠢᠩ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠳᠤᠮᠳᠠᠳᠤ ᠭᠧᠷᠮᠠᠨ ᠬᠤᠶᠠᠷ ᠲᠠᠯ᠎ᠠ ᠠᠮᠢᠳᠤᠯᠢᠭ ᠠᠷᠭ᠎ᠠ ᠬᠡᠯᠪᠡᠷᠢ ᠪᠠᠷ ᠤᠯᠤᠯᠴᠠᠭ᠎ᠠ ᠪᠠᠨ ᠪᠠᠲᠤᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠠᠬᠢᠪᠠ᠃ ᠳᠤᠮᠳᠠᠳᠤ ᠤᠯᠤᠰ ᠶᠠᠭ ᠰᠢᠨ᠎ᠡ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠳᠣᠲᠣᠭᠠᠳᠤ ᠬᠡᠷᠡᠭᠴᠡᠭᠡ ᠪᠠᠨ ᠥᠷᠭᠡᠳᠬᠡᠨ᠂ ᠨᠡᠬᠡᠬᠡᠯᠳᠡ ᠪᠠᠨ ᠥᠷᠭᠡᠳᠬᠡᠬᠦ ᠶᠢ ᠪᠠᠷᠢᠮᠲᠠᠯᠠᠵᠤ ᠪᠠᠶᠢᠨ᠎ᠠ᠂ ᠡᠨᠡ ᠨᠢ ᠭᠧᠷᠮᠠᠨ ᠤ ᠲᠠᠯ᠎ᠠ ᠳᠤ ᠰᠢᠨ᠎ᠡ ᠠᠵᠠ ᠲᠣᠬᠢᠶᠠᠯ ᠠᠪᠴᠢᠷᠠᠬᠤ ᠪᠣᠯᠤᠨ᠎ᠠ᠃ ᠭᠧᠷᠮᠠᠨ ᠪᠣᠯᠤᠨ ᠧᠦ᠋ᠷᠣᠫᠠ ᠲᠢᠪ ᠤᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠨᠡᠭᠡᠭᠡᠯᠲᠡ ᠲᠠᠢ ᠪᠠᠶᠢᠬᠤ ᠶᠢ ᠪᠢᠳᠡ ᠮᠦᠨ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠶᠠᠷᠢᠯᠴᠠᠭ᠎ᠠ ᠬᠠᠮᠲᠤᠷᠠᠯᠴᠠᠭ᠎ᠠ ᠶᠢᠨ ᠭᠤᠣᠯᠯᠠᠭᠴᠢ ᠲᠠᠯ᠎ᠠ ᠪᠣᠯᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠭᠤᠣᠯ ᠬᠦᠭ ᠠᠶᠠᠰ ᠢ ᠢᠮᠠᠭᠲᠠ ᠰᠠᠶᠢᠲᠤᠷ ᠡᠵᠡᠮᠳᠡᠶ᠎ᠠ᠃ ᠰᠢᠨ᠎ᠡ ᠨᠢᠭᠡ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠨᠢ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠵᠠᠢ᠃     ᠰᠢ ᠶᠢᠨ ᠫᠢᠩ᠂ ᠨᠠᠷᠢᠨ ᠪᠤᠳᠤᠯᠢᠶᠠᠨᠲᠠᠢ ᠤᠯᠠᠠ ᠤᠯᠤᠰ ᠤᠨ ᠪᠠᠶᠢᠳᠠᠯ ᠤᠨ ᠡᠮᠦᠨ᠎ᠠ ᠳᠤᠮᠳᠠᠳᠤ ᠧᠦ᠋ᠷᠣᠫᠠ ᠶᠢᠨ ᠬᠠᠮᠲᠤᠷᠠᠯᠴᠠᠭ᠎ᠠ ᠨᠡᠩ ᠪᠦᠬᠦ ᠲᠡᠯᠡᠭᠡᠢ ᠶᠢᠨ ᠴᠢᠨᠠᠷᠳᠠᠢ ᠪᠥᠭᠡᠳ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠶᠤᠮ᠃ ᠬᠤᠶᠠᠷ ᠲᠠᠯ᠎ᠠ ᠪᠠᠷ ᠢᠶᠠᠨ ᠢᠲᠡᠭᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠯᠢᠯᠴᠠᠭ᠎ᠠ ᠲᠤᠯᠢᠯᠡᠯ ᠢᠶᠠᠨ ᠴᠢᠩᠭᠠᠳᠬᠠᠨ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠪᠦᠬᠦ ᠲᠡᠯᠡᠭᠡᠢ ᠶᠢᠨ ᠵᠠᠰᠠᠯᠲᠠ ᠶᠢ ᠲᠡᠭᠦᠯᠳᠡᠷᠵᠢᠭᠦᠯᠦᠶ᠎ᠡ᠃ ᠡᠨᠡ ᠵᠢᠯ ᠤᠨ 9 ᠰᠠᠷ᠎ᠠ ᠳᠤ ᠪᠢ ᠲᠠ ᠪᠣᠯᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭᠠᠨ ᠤ ᠬᠤᠶᠠᠷ ᠲᠡᠷᠢᠭᠦᠯᠡᠭᠴᠢ ᠲᠠᠢ ᠸᠢᠲᠢᠣ᠋ ᠪᠠᠷ ᠠᠭᠤᠯᠵᠠᠯᠲᠠ ᠬᠢᠵᠦ᠂ ᠴᠥᠭᠡᠨ ᠪᠤᠰᠤ ᠬᠠᠮᠲᠤ ᠶᠢᠨ ᠲᠠᠨᠢᠯᠲᠠ ᠲᠠᠢ ᠪᠤᠯᠵᠤ᠂ ᠣᠳᠣᠬᠠᠨ ᠳᠤ ᠪᠦᠷ ᠨᠠᠶᠢᠳᠠᠪᠤᠷᠢᠵᠢᠭᠤᠯᠤᠭᠳᠠᠵᠤ ᠪᠠᠶᠢᠨ᠎ᠠ᠃ ᠳᠤᠮᠳᠠᠳᠤ ᠤᠯᠤᠰ ᠲᠤᠷᠠᠲᠠᠶ᠎ᠠ ᠧᠦ᠋ᠷᠣᠫᠠ ᠶᠢᠨ ᠲᠠᠯ᠎ᠠ ᠶᠢᠨ ᠬᠢᠨ ᠲᠠᠢ ᠳᠠᠷᠠᠭᠠᠴᠢ ᠶᠢᠨ ᠱᠠᠲᠤᠨ ᠤ ᠳᠤᠮᠳᠠᠳᠤ ᠧᠦ᠋ᠷᠣᠫᠠ ᠶᠢᠨ ᠴᠢᠬᠤᠯᠠ ᠵᠥᠪᠯᠡᠬᠦ ᠵᠦᠢᠯ ᠤᠨ ᠲᠤᠬᠠᠶ ᠦᠷᠭᠦᠯᠵᠢᠯᠡᠨ ᠨᠢᠭᠲᠠ ᠤᠯᠤᠯᠴᠠᠵᠤ᠂ ᠳᠤᠮᠳᠠᠳᠤ ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠬᠡᠯᠡᠯᠴᠡᠭᠡ ᠶᠢ ᠲᠣᠭᠲᠠᠭᠰᠠᠨ ᠬᠤᠭᠤᠴᠠᠭᠠᠠ ᠳᠤ ᠪᠡᠶᠡᠯᠡᠭᠦᠯᠬᠦ ᠪᠠᠷ ᠴᠢᠷᠮᠠᠶᠢᠨ᠂ ᠳᠤᠮᠳᠠᠳᠤ ᠧᠦ᠋ᠷᠣᠫᠠ ᠶᠢᠨ ᠣᠷᠴᠢᠨ ᠲᠣᠭᠤᠷᠢᠨ ᠪᠣᠯᠤᠨ ᠠᠭᠤᠷ ᠠᠮᠢᠰᠬᠤᠯ᠂ ᠲᠤᠭᠠᠴᠢᠯᠠᠯᠳᠠ ᠶᠢᠨ ᠶᠠᠷᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠦ᠂ ᠳᠤᠮᠳᠠᠳᠤ ᠧᠦ᠋ᠷᠣᠫᠠ ᠶᠢᠨ ᠪᠣᠬᠢᠷᠲᠤᠯ ᠦᠭᠡᠢ ᠬᠦᠭᠵᠢᠯᠳᠡ ᠶᠢᠨ ᠬᠠᠨᠢᠲᠠᠨ᠂ ᠲᠣᠭᠠᠴᠢᠯᠠᠭᠰᠠᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠰᠢᠨ᠎ᠡ ᠪᠠᠶᠢᠳᠠᠯ ᠳᠣᠣᠷᠠᠬᠢ ᠳᠤᠮᠳᠠᠳᠤ ᠧᠦ᠋ᠷᠣᠫᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠵᠢᠭᠠᠵᠦ ᠭᠠᠷᠭᠠᠪᠠ᠃     ᠮᠤᠺᠧᠷ᠂ ᠣᠳᠣᠬᠠᠨ ᠤ ᠳᠡᠯᠡᠬᠡᠢ ᠶᠢᠷᠲᠢᠨᠴᠦ ᠶᠠᠭ ᠴᠢᠬᠤᠯᠠ ᠶᠡᠭᠡ ᠬᠤᠪᠢᠷᠠᠯᠲᠠ ᠭᠠᠷᠴᠤ ᠪᠠᠶᠢᠨ᠎ᠠ᠂ ᠧᠦ᠋ᠷᠣᠫᠠ ᠲᠢᠪ ᠶᠠᠭ ᠬᠤᠶᠠᠳᠤᠭᠠᠷ ᠡᠭᠡᠯᠵᠢ ᠶᠢᠨ ᠬᠢᠵᠢᠭ ᠤᠨ ᠳᠠᠭᠠᠷᠢᠯᠳᠠ ᠳᠤ ᠤᠴᠠᠷᠠᠵᠤ ᠪᠠᠶᠢᠨ᠎ᠠ᠃ ᠳᠤᠮᠳᠠᠳᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠵᠤ ᠠᠬᠤᠢ ᠪᠠᠨ ᠲᠦᠷᠦᠭᠦᠯᠡᠡ ᠰᠡᠷᠭᠦᠭᠡᠪᠡ᠂ ᠡᠨᠡ ᠨᠢ ᠭᠧᠷᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ ᠠᠰᠢᠭᠲᠠᠢ ᠰᠠᠶᠢᠨ ᠮᠡᠳᠡᠭᠡ ᠪᠣᠯᠤᠨ᠎ᠠ᠃ ᠬᠤᠶᠠᠷ ᠲᠠᠯ᠎ᠠ ᠪᠠᠷ ᠢᠶᠠᠨ ᠸᠠᠺᠼᠢᠨ ᠤ ᠬᠠᠮᠲᠤᠷᠠᠯᠴᠠᠭᠠᠨ ᠤ ᠲᠤᠬᠠᠢ ᠤᠯᠤᠯᠴᠠᠭ᠎ᠠ ᠪᠠᠨ ᠴᠢᠩᠭᠠᠳᠬᠠᠵᠤ᠂ ᠠᠷᠠᠯᠵᠢᠶ᠎ᠠ ᠪᠡᠯᠡ ᠣᠷᠣᠭᠤᠯᠤᠯᠲᠠ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠠᠬᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭᠠᠨ ᠤ ᠬᠡᠯᠡᠯᠴᠡᠭᠡᠷ︾ ᠲᠣᠭᠲᠠᠭᠰᠠᠨ ᠳᠤ ᠭᠧᠷᠮᠠᠨ ᠤ ᠲᠠᠯ᠎ᠠ ᠠᠴᠠ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠳᠤ ᠴᠢᠷᠮᠠᠶᠢᠵᠤ ᠪᠠᠶᠢᠭᠠᠳ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠬᠡᠯᠡᠯᠴᠡᠭᠡ ᠶᠢ ᠡᠨᠡ ᠵᠢᠯ ᠤᠨ ᠲᠤᠳᠤᠷ᠎ᠠ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤᠮᠳᠠ ᠤᠷᠳᠤ ᠬᠤᠭᠤᠴᠠᠭᠠᠨ ᠤ ᠬᠠᠷᠠᠯᠲᠠ ᠪᠠ ᠠᠯᠤᠰ ᠤᠨ ᠲᠦᠰᠦᠪ ᠢ ᠨᠡᠶᠢᠲᠡᠯᠡᠭᠰᠡᠡ ᠢ ᠭᠧᠷᠮᠠᠨ ᠤ ᠲᠠᠯ᠎ᠠ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ᠂ ᠠᠮᠢ ᠠᠬᠤᠢ ᠣᠷᠴᠢᠨ ᠲᠣᠭᠤᠷᠢᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠭᠧᠷᠮᠠᠨ ᠤ ᠲᠠᠯ᠎ᠠ ᠳᠤᠷᠠᠲᠠᠶ᠎ᠠ ᠳᠤᠮᠳᠠᠳᠤ ᠤᠯᠤᠰ ᠲᠠᠢ ᠳᠠᠷᠠᠭᠠᠴᠢ ᠶᠢᠨ ᠱᠠᠲᠤᠨ ᠤ ᠭᠧᠷᠮᠠᠨ ᠳᠤᠮᠳᠠᠳᠤ᠂ ᠧᠦ᠋ᠷᠣᠫᠠ ᠳᠤᠮᠳᠠᠳᠤ ᠶᠢᠨ ᠴᠢᠬᠤᠯᠠ ᠤᠯᠤᠰ ᠲᠦᠷᠦ ᠶᠢᠨ ᠵᠥᠪᠯᠡᠬᠦ ᠵᠦᠢᠯ ᠤᠨ ᠲᠤᠬᠠᠢ ᠦᠷᠭᠦᠯᠵᠢᠯᠡᠨ ᠨᠢᠭᠲᠠ ᠤᠯᠤᠯᠴᠠᠭ᠎ᠠ ᠪᠠᠨ ᠪᠠᠲᠤᠯᠠᠨ᠎ᠠ᠃ ᠪᠢ ᠭᠧᠷᠮᠠᠨ ᠳᠤᠮᠳᠠᠳᠤ᠂ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ ᠭᠡᠵᠦ ᠵᠢᠭᠠᠵᠤ ᠭᠠᠷᠭᠠᠪᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ