ᠦᠤᠰᠢᠨ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠢ ᠡᠷᠴᠢᠮᠳᠡᠢ ᠭᠢᠵᠤ᠂ ᠨᠠᠷᠢᠯᠢᠭ ᠤᠨᠤᠪᠴᠢᠳᠠᠢ ᠪᠠᠶᠢᠬᠤ ᠶᠢ | ᠲᠤᠪᠤᠶᠢᠯᠭᠠᠨ᠂ ᠰᠤᠷᠭᠠᠨ ᠬᠦᠮᠤᠵᠢᠯ ᠢᠶᠠᠷ ᠶᠠᠳᠠᠭᠤ ᠶᠢ ᠲᠡᠳᠭᠦᠬᠦ ᠡᠯ᠎ᠠ ᠲᠦᠷᠦᠯ ᠤᠨ ᠠᠵᠢᠯ ᠢ ᠪᠦᠳᠦᠮᠵᠢᠳᠠᠢ ᠲᠤᠭᠤᠰᠢᠯᠠᠭᠤᠯᠤᠭᠠᠳ ᠪᠤᠳᠠᠳᠤ ᠦᠷ᠎ᠠ | ᠪᠦᠳᠦᠮᠵᠢ ᠶᠢ ᠤᠯᠤᠭᠰᠠᠨ ᠪᠠᠶᠢᠨ᠎ᠠ᠃ | — ᠦᠵᠡᠯ ᠰᠠᠨᠠᠭᠠᠨ ᠤ ᠪᠠᠳᠤᠯᠠᠭ᠎ᠠ ᠶᠢ ᠴᠢᠩᠭᠠᠳᠬᠠᠨ᠂ ᠪᠦᠬᠦ ᠬᠦᠴᠦᠨ ᠢᠶᠠᠷ ᠶᠠᠳᠠᠭᠤ ᠶᠢ ᠲᠡᠳᠭᠦᠪᠡ᠃ 2016 ᠤᠨ ᠠᠴᠠ ᠨᠠᠭᠠᠰᠢ᠂ ᠲᠤᠰ | ᠬᠤᠰᠢᠭᠤᠨ ᠤ ᠰᠤᠷᠭᠠᠨ ᠬᠦᠮᠤᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠠᠵᠢᠯᠳᠡᠳ ᠢᠶᠠᠨ ᠵᠤᠬᠢᠶᠠᠨ ᠪᠠᠶᠢᠭᠤᠯᠵᠤ 60 ᠭᠠᠷᠤᠢ ᠲᠠᠯᠠᠪᠡᠢ ︵ᠤᠳᠠᠭ᠎ᠠ︶ | ᠶᠢᠨ ᠰᠤᠷᠤᠯᠴᠠᠯᠭ᠎ᠠ ᠶᠢ ᠲᠤᠬᠢᠷᠠᠭᠤᠯᠵᠤ᠂ ᠰᠤᠷᠭᠠᠨ ᠬᠦᠮᠤᠵᠢᠯ ᠢᠶᠠᠷ ᠶᠠᠳᠠᠭᠤ ᠶᠢ ᠲᠡᠳᠭᠦᠬᠦ ᠳᠤ ᠦᠵᠡᠯ ᠰᠠᠨᠠᠭᠠᠨ ᠤ ᠪᠠᠳᠤᠯᠠᠭ᠎ᠠ ᠬᠠᠨᠭ᠍ᠭᠠᠵᠠᠢ᠃ ᠡᠨᠡ ᠵᠢᠯ | ᠲᠤᠰ ᠲᠤᠪᠴᠢᠶ᠎ᠡ ᠨᠢ ᠪᠠᠰᠨ ︽ᠨᠢᠭᠡ ᠭᠠᠷᠠᠭ ᠲᠤ ᠨᠢᠭᠡ ᠲᠤᠬᠢᠷᠠᠭᠤᠯᠬᠤ︾ ᠠᠵᠢᠯ ᠤᠨ ᠠᠷᠭ᠎ᠠ ᠶᠢ ᠲᠤᠭᠤᠰᠢᠯᠠᠭᠤᠯᠵᠤ᠂ ᠡᠯ᠎ᠡ ᠲᠤᠮᠳᠠᠳᠤ ᠪᠠᠭ᠎ᠠ ᠰᠤᠷᠭᠠᠭᠤᠯᠢ | ᠂ ᠬᠡᠤᠭᠡᠳ ᠤᠨ ᠴᠡᠴᠡᠷᠯᠢᠭ ᠤᠨ ᠲᠠᠷᠤᠭ᠎ᠠ᠂ ᠶᠠᠳᠠᠭᠤ ᠶᠢ ᠲᠡᠳᠭᠦᠬᠦ ᠠᠵᠢᠯ ᠤᠨ ᠺᠠᠳ᠋ᠷ ᠵᠡᠷᠭᠡ ᠬᠦᠮᠤᠰ ᠢ ᠵᠤᠬᠢᠶᠠᠨ ᠪᠠᠶᠢᠭᠤᠯᠤᠨ ᠶᠠᠳᠠᠭᠤ ᠶᠢ ᠲᠡᠳᠭᠦᠬᠦ | ᠠᠵᠢᠯ ᠤᠨ ᠲᠤᠬᠠᠢ ᠰᠤᠳᠤᠯᠤᠨ ᠶᠠᠷᠢᠯᠴᠠᠭᠰᠠᠨ ᠪᠠᠶᠢᠨ᠎ᠠ᠃ ᠲᠤᠰ ᠬᠤᠰᠢᠭᠤ ᠨᠢ ᠪᠠᠰᠨ ︽ᠦᠤᠰᠢᠨ ᠬᠤᠰᠢᠭᠤᠨ ᠤ ᠵᠠᠰᠠᠭ ᠤᠨ ᠤᠷᠳᠤᠨ ᠤ ᠬᠦᠳᠡᠭᠡ | ᠲᠤᠰᠬᠤᠨ ᠤ ᠶᠠᠳᠠᠭᠤ ᠬᠦᠴᠢᠷᠳᠡᠯᠳᠠᠢ ᠭᠡᠷ ᠪᠦᠯᠢ ᠶᠢᠨ ᠰᠤᠷᠤᠬᠴᠢᠳ ᠲᠤ ᠪᠡᠯᠨ ᠮᠦᠡᠭᠬᠦᠨ ᠤ ᠲᠤᠰᠡᠯᠡᠮᠵᠢ ᠦᠵᠡᠭᠦᠯᠬᠦ ᠠᠷᠭ᠎ᠠ ᠶᠢᠨ ᠲᠤᠬᠠᠢ ᠮᠡᠳᠡᠭᠳᠡᠯ︾ | ᠵᠡᠷᠭᠡ ᠮᠠᠲ᠋ᠧᠷᠢᠶᠠᠯ ᠤᠳ ᠢ ᠬᠡᠪᠯᠡᠨ ᠲᠠᠷᠬᠠᠭᠠᠵᠠᠢ᠃ | — ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠡᠯᠡᠨ᠂ ᠨᠠᠷᠢᠯᠢᠭ ᠤᠨᠤᠴᠡᠳᠡᠢ ᠪᠠᠷ ᠶᠠᠳᠠᠭᠤ ᠶᠢ ᠲᠡᠳᠭᠦᠪᠡ᠃ ᠲᠡᠳᠭᠦᠭᠳᠡᠬᠦ ᠡᠳᠡᠭᠡᠳ ᠢ | ᠨᠠᠷᠢᠯᠢᠭ ᠲᠤᠬᠳᠠᠭᠠᠵᠤ᠂ ᠶᠠᠳᠠᠭᠤ ᠬᠦᠴᠢᠷᠳᠡᠯᠳᠠᠢ ᠭᠡᠷ ᠪᠦᠯᠢ ᠶᠢ ᠲᠠᠩᠰᠡᠯᠡᠨ ᠺᠠᠷᠳ᠋ᠯᠠᠵᠤ᠂ ᠡᠷᠤᠭᠡ ᠲᠠᠷᠠᠭᠠᠯᠡᠨ ᠬᠢᠨᠡᠨ ᠬᠠᠷᠭᠤᠭᠤᠯᠵᠠᠢ᠃ 2016 ᠤᠨ ᠠᠴᠠ | 2020 ᠤᠨ ᠪᠤᠯᠳᠠᠯ᠎ᠠ ᠨᠡᠶᠢᠳᠡ 5 ᠤᠳᠠᠭ᠎ᠠ ᠠᠰᠠᠭᠤᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠤ᠂ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦ᠋ᠷᠳᠡᠬᠦ | ᠶᠤᠰᠤᠳᠠᠢ 132 ᠶᠠᠳᠠᠭᠤ ᠬᠦᠴᠢᠷᠳᠡᠯᠳᠠᠢ ᠡᠷᠤᠭᠡ ᠶᠢᠨ 170 ᠬᠦᠮᠤᠨ ᠢ ᠤᠨᠤᠪᠴᠢᠳᠠᠢ ᠲᠤᠬᠳᠠᠭᠠᠨ᠂ ᠡᠯ᠎ᠡ ᠰᠤᠷᠤᠯᠭ᠎ᠠ ᠶᠢᠨ ᠬᠤᠭᠤᠴᠠᠭᠠᠨ ᠳᠠᠬᠢ | ᠰᠤᠷᠤᠬᠴᠢ ᠵᠢᠴᠢ ᠬᠡᠤᠭᠡᠳ ᠢ 174.8775 ᠲᠦᠮᠡᠨ ᠲᠦᠭᠦᠷᠢᠭ᠂ 871 ᠬᠦᠮᠤᠨ ᠤᠳᠠᠭ᠎ᠠ ᠲᠤᠰᠡᠯᠡᠪᠡ᠃ ᠰᠤᠷᠤᠯᠭ᠎ᠠ ᠪᠠᠨ ᠲᠤᠷᠭᠤᠨ ᠵᠤᠬᠰᠤᠬᠤ ᠶᠢ | ᠪᠦᠬᠦ ᠬᠦᠴᠦᠨ ᠢᠶᠠᠷ ᠬᠢᠵᠠᠭᠠᠷᠯᠠᠵᠤ᠂ 2020 ᠤᠨ ᠳᠤ ᠲᠤᠰ ᠬᠤᠰᠢᠭᠤ 12739 ᠬᠡᠤᠭᠡᠳ᠂ ᠠᠯᠪᠡᠨ ᠵᠢᠷᠤᠮ ᠤᠨ ᠰᠤᠷᠭᠠᠨ ᠬᠦᠮᠤᠵᠢᠯ ᠤᠨ ᠱᠠᠳᠤᠨ ᠤ | ᠰᠤᠷᠤᠯᠭ᠎ᠠ ᠶᠢᠨ ᠨᠠᠮᠳᠡᠷ ᠤᠨ ᠬᠦᠮᠤᠷᠭᠡ ᠶᠢᠨ 14615 ᠰᠤᠷᠤᠬᠴᠢ ᠪᠡ ᠠᠯᠪᠡᠨ ᠵᠢᠷᠤᠮ ᠤᠨ ᠰᠤᠷᠭᠠᠨ ᠬᠦᠮᠤᠵᠢᠯ ᠤᠨ ᠱᠠᠳᠤᠨ ᠤ ᠲᠠᠩᠰᠡᠯᠡᠵᠤ ᠺᠠᠷᠲᠯᠠᠬᠰᠡᠨ | ᠶᠠᠳᠠᠭᠤ ᠬᠦᠴᠢᠷᠳᠡᠯᠳᠠᠢ ᠭᠡᠷ ᠪᠦᠯᠢ ᠶᠢᠨ 112 ᠬᠡᠤᠭᠡᠳ ᠤᠨ ᠰᠤᠷᠭᠠᠭᠤᠯᠢ ᠳᠤ ᠰᠠᠭᠤᠵᠤ ᠪᠠᠶᠢᠬᠤ ᠪᠠᠶᠢᠳᠠᠯ ᠢ ᠨᠢᠭᠡᠳ ᠨᠢᠭᠡ ᠪᠠᠷ ᠬᠠᠷᠭᠤᠭᠤᠯᠤᠨ | ᠪᠠᠶᠢᠴᠠᠭᠠᠪᠠ᠃ ᠪᠤᠳᠠᠳᠤ ᠪᠠᠶᠢᠳᠠᠯ ᠢ ᠦᠨᠳᠤᠰᠤᠯᠡᠵᠤ᠂ ᠤᠨᠴᠠᠭᠠᠢ ᠰᠤᠷᠭᠠᠨ ᠬᠦᠮᠤᠵᠢᠯ ᠤᠨ ᠬᠢᠴᠢᠶᠡᠯ ᠤᠨ ᠭᠡᠷ ᠢ 2 ᠭᠠᠷᠭᠠᠨ᠂ 115 ᠬᠡᠤᠭᠡᠳ ᠢ | ᠲᠤᠬᠢᠷᠠᠭᠤᠯᠤᠭᠰᠠᠨ ᠪᠠᠶᠢᠨ᠎ᠠ᠃ ᠪᠤᠰᠤᠳ ᠪᠠᠶᠢᠭᠤᠯᠭ᠎ᠠ ᠨᠢᠭᠡᠴᠢ ᠲᠠᠢ ᠬᠤᠯᠪᠤᠭᠠᠯᠠᠨ ᠡᠪᠡᠳᠴᠢᠨ᠂ ᠵᠡᠮᠳᠡᠭ ᠠᠴᠠ ᠪᠤᠯᠵᠤ ᠰᠤᠷᠭᠠᠭᠤᠯᠢ ᠳᠤ ᠤᠷᠤᠵᠤ ᠲᠡᠶᠢᠯᠬᠦ | ᠦᠭᠡᠢ ᠪᠠᠶᠢᠬᠤ ᠬᠡᠤᠭᠡᠳ ᠢ ᠡᠷᠤᠭᠡ ᠳᠤ ᠤᠷᠤᠨ ᠪᠠᠶᠢᠴᠠᠭᠠᠵᠤ᠂ 19 ᠬᠦᠨᠳᠤ ᠨᠤᠴᠢᠳᠠᠢ ᠵᠡᠮᠳᠡᠭᠰᠡᠨ ᠬᠡᠤᠭᠡᠳ ᠲᠤ ᠠᠯᠭᠤᠷᠯᠠᠵᠤ ᠰᠤᠷᠭᠠᠭᠤᠯᠢ ᠳᠤ ᠤᠷᠤᠬᠤ᠂ | ᠡᠰᠡᠭᠦᠯ᠎ᠡ ᠰᠤᠷᠭᠠᠭᠤᠯᠢ ᠳᠤ ᠤᠷᠤᠬᠤ ᠦᠭᠡᠢ ᠭᠠᠷ ᠬᠦᠢᠴᠡᠳᠭᠡᠯ ᠢ ᠬᠢᠵᠤ ᠦᠭᠴᠤ᠂ 12 ᠵᠡᠮᠳᠡᠭ ᠬᠡᠤᠭᠡᠳ ᠲᠤ ᠰᠤᠷᠤᠯᠭ᠎ᠠ ᠬᠢᠴᠢᠶᠡᠯ ᠢ ᠡᠭᠦᠳᠡᠨ ᠳᠤᠨᠢ | ᠬᠦᠷᠭᠡᠬᠦ ᠦᠢᠯᠡᠴᠢᠯᠡᠭᠡ ᠬᠠᠨᠭ᠍ᠭᠠᠵᠠᠢ᠃ 2016 ᠤᠨ ᠠᠴᠠ ᠨᠠᠭᠠᠰᠢ᠂ 6 ᠰᠤᠮᠤ ᠪᠠᠯᠭᠠᠰᠤ ᠪᠡ ᠡᠯ᠎ᠡ ᠰᠤᠷᠭᠠᠭᠤᠯᠢ᠂ ᠬᠡᠤᠭᠡᠳ ᠤᠨ ᠴᠡᠴᠡᠷᠯᠢᠭ ᠲᠤ | ᠬᠦᠨᠵᠡᠭᠡᠶᠢᠷᠡᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠶᠠᠷᠢᠶ᠎ᠡ ᠢᠯᠡᠳᠭᠡᠯ ᠢ ᠬᠢᠵᠤ᠂ ᠬᠤᠤᠰ ᠬᠡᠯᠡᠨ ᠤ ᠤᠬᠠᠭᠤᠯᠭ᠎ᠠ ᠶᠢᠨ ᠭᠠᠷ ᠲᠡᠪᠳᠡᠷ ᠢ 10000 | ᠭᠠᠷᠤᠢ᠂ ᠤᠬᠠᠭᠤᠯᠭ᠎ᠠ ᠶᠢᠨ ᠰᠤᠨᠢᠨ ᠢ 1000 ᠭᠠᠷᠤᠢ ᠬᠠᠭᠤᠳᠠᠰᠤ ᠲᠠᠷᠬᠠᠭᠠᠪᠠ᠃ ᠪᠠᠰᠨ ᠨᠡᠶᠢᠭᠡᠮ ᠳᠤ ᠬᠠᠨᠳᠤᠭᠤᠯᠤᠨ ᠰᠤᠷᠤᠬᠴᠢ ᠶᠢ ᠪᠡᠯᠨ ᠮᠦᠡᠭᠬᠦ ᠪᠠᠷ | ᠲᠤᠰᠡᠯᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠲᠦᠷᠰᠤ ᠰᠢᠩᠭᠡᠭᠡᠯᠳᠡ ᠶᠢ ᠲᠠᠷᠬᠠᠭᠠᠵᠤ᠂ 10 ᠲᠦᠮᠨ ᠭᠠᠷᠤᠢ ᠬᠦᠮᠤᠨ ᠳᠤ ᠠᠰᠢᠭ | ᠬᠦᠷᠳᠡᠭᠡᠭᠰᠡᠨ ᠪᠠᠶᠢᠨ᠎ᠠ᠃ | — ᠠᠷᠠᠳ ᠲᠦᠮᠡᠨ ᠤ ᠠᠰᠢᠭ ᠲᠤᠰᠨ ᠶᠠᠭᠤᠨ ᠠᠴᠠ ᠴᠤ ᠡᠷᠬᠢᠮ ᠪᠠᠶᠢᠬᠤ ᠵᠠᠷᠴᠢᠮ ᠢ ᠪᠠᠷᠢᠮᠳᠠᠯᠠᠵᠤ᠂ ᠪᠦᠬᠦ ᠰᠡᠳᠬᠢᠯ ᠢᠶᠠᠷ ᠶᠠᠳᠠᠭᠤ ᠶᠢ ᠲᠡᠳᠭᠦᠪᠡ | ᠃ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠡ ᠂ ᠵᠢᠭᠠᠨ ᠰᠤᠷᠭᠠᠬᠤ ᠴᠢᠨᠠᠷ ᠴᠢᠨᠰᠠᠭ᠎ᠠ᠂ ᠪᠠᠭᠰᠢ ᠶᠢᠨ ᠡ᠊ᠩᠨᠡᠭᠡᠨ ᠤ ᠪᠠᠶᠢᠭᠤᠯᠤᠯᠳᠡ ᠶᠢ ᠴᠢᠩᠭᠠᠳᠬᠠᠵᠠᠢ᠃ | 2016 ᠤᠨ ᠠᠴᠠ ᠨᠠᠭᠠᠰᠢ ᠨᠡᠶᠢᠳᠡ 913 ᠪᠠᠭᠰᠢ ᠡᠯᠰᠡᠵᠤ᠂ ᠮᠠᠯᠵᠢᠬᠤ ᠲᠠᠷᠢᠶᠡᠯᠡᠬᠤ ᠤᠷᠤᠨ ᠤ ᠰᠤᠷᠭᠠᠭᠤᠯᠢ ᠳᠤ 403 ᠪᠠᠭᠰᠢ ᠶᠢ ᠲᠤᠬᠢᠷᠠᠭᠤᠯᠵᠤ᠂ | ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠢ ᠨᠠᠷᠢᠨ ᠬᠢᠨᠠᠮᠠᠭᠠᠢ ᠦᠷᠨᠢᠭᠦᠯᠪᠡ᠃ ᠤᠳᠤᠬᠠᠨ ᠪᠤᠯᠳᠠᠯ᠎ᠠ ᠲᠡᠵᠢᠭᠡᠪᠤᠷᠢ ᠶᠢᠨ ᠦᠢᠯᠡᠰ ᠤᠨ ᠬᠡᠷᠡᠭᠯᠡᠭᠡᠨ ᠤ | ᠮᠡᠷᠭᠡᠵᠢᠯ ᠵᠡᠷᠭᠡ ᠶᠢᠨ ᠪᠤᠯᠪᠠᠰᠤᠷᠠᠯ ᠢ ᠨᠡᠶᠢᠳᠡ 28 ᠬᠤᠭᠤᠴᠠᠭ᠎ᠠ ᠡᠷᠬᠢᠯᠡᠵᠤ᠂ 3080 ᠬᠦᠮᠤᠨ ᠤᠷᠤᠯᠴᠠᠭᠰᠠᠨ ᠪᠠᠶᠢᠨ᠎ᠠ᠃ 2018 ᠤᠨ ᠳᠤ ᠡᠷᠤᠭᠡ ᠳᠤ | ᠤᠷᠤᠬᠤ ᠪᠤᠯᠪᠠᠰᠤᠷᠠᠯ ᠢ ᠬᠦᠷᠳᠡᠭᠰᠡᠨ ᠪᠦᠭᠡᠳ ᠲᠠᠩᠰᠡᠯᠡᠵᠤ ᠺᠠᠷᠲᠯᠠᠬᠰᠡᠨ 93 ᠡᠷᠤᠭᠡ ᠶᠢᠨ 267 ᠬᠦᠮᠤᠨ ᠢ ︽ᠡᠷᠬᠢᠵᠤ ᠬᠠᠷᠠᠬᠤ︾ ᠠᠵᠢᠯᠯᠠᠭ᠎ᠠ | ᠦᠷᠨᠢᠬᠦᠯᠵᠤ᠂ ᠶᠠᠳᠠᠭᠤ ᠠᠴᠠ ᠠᠩᠭᠢᠵᠢᠷᠠᠭᠤᠯᠤᠬᠰᠡᠨ ᠠᠵᠢᠯ ᠤᠨ ᠦᠷ᠎ᠡ ᠪᠦᠳᠦᠮᠵᠢ ᠪᠠᠨ ᠤᠯᠠᠮ ᠪᠠᠬᠢᠵᠢᠭᠦᠯᠪᠡ᠃ | — ᠨᠡᠶᠢᠭᠡᠮ ᠨᠡᠶᠢᠳᠡ ᠠᠴᠠ ᠰᠤᠷᠤᠯᠭ᠎ᠠ ᠶᠢ ᠲᠠᠮᠵᠢᠬᠦ ᠠᠵᠢᠯᠯᠠᠭ᠎ᠠ ᠶᠢ ᠢᠳᠡᠪᠬᠢᠳᠠᠢ ᠰᠠᠨᠠᠭᠠᠴᠢᠯᠠᠪᠠ᠃ 2016 ᠤᠨ ᠠᠴᠠ ᠨᠠᠭᠠᠰᠢ᠂ ᠲᠤᠰ | ᠬᠤᠰᠢᠭᠤᠨ ᠤ ᠬᠠᠶᠢᠷ᠎ᠠ ᠰᠡᠳᠬᠢᠯᠳᠤ ᠠᠵᠤ ᠠᠬᠤᠶᠢᠯᠠᠯ ᠪᠡ ᠬᠤᠪᠢ ᠬᠦᠮᠤᠨ ᠦᠪᠡᠰᠤᠪᠡᠨ ᠬᠦᠳᠡᠯᠤᠯᠴᠡᠨ ᠰᠤᠷᠤᠯᠭ᠎ᠠ ᠶᠢ ᠲᠡᠮᠵᠢᠬᠦ ᠠᠵᠢᠯᠯᠠᠭ᠎ᠠ ᠶᠢ 4 ᠲᠠᠯᠠᠪᠤᠷ | ᠡᠷᠬᠢᠯᠡᠵᠤ᠂ ᠨᠡᠶᠢᠳᠡ 84.4 ᠲᠦᠮᠡᠨ ᠲᠦᠭᠦᠷᠢᠭ ᠤᠨ ᠪᠡᠯᠨ ᠮᠦᠡᠭᠬᠦ ᠴᠤᠬᠯᠠᠭᠤᠯᠤᠨ᠂ ᠨᠡᠶᠢᠳᠡ 441 ᠶᠠᠳᠠᠭᠤ ᠬᠦᠴᠢᠷᠳᠡᠯᠳᠠᠢ ᠰᠤᠷᠤᠬᠴᠢ ᠶᠢ ᠲᠡᠮᠵᠢᠭᠰᠡᠨ | ᠪᠠᠶᠢᠨ᠎ᠠ᠃ | |