ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/27
      11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠪᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠢ ᠢᠯᠡ ᠵᠠᠷᠯᠠᠵᠥ᠂ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠭᠴᠢ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠪᠠᠶᠠᠨᠴᠡᠩᠭᠡᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠠᠶ᠃
微信图片_20201127083554.jpg     
      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠳᠠᠶᠢᠪᠤᠰᠢᠷᠠᠬᠤ ᠪᠤᠳᠤᠯ ᠬᠠᠯᠠᠰᠢᠷᠠᠬᠤ ᠰᠡᠳᠬᠢᠯᠬᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠵᠢᠭᠦᠯᠤᠨ ᠪᠠᠶᠢᠴᠠᠭᠠᠬᠤ᠂ ᠲᠤᠰᠠᠭᠠᠷᠯᠠᠬᠤ᠂ ᠠᠪᠤᠷᠠᠨ ᠡᠮᠴᠢᠯᠡᠬᠦ᠂ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ ᠡᠮᠴᠢᠯᠡᠭᠡᠨ ᠤ ᠡᠪᠡᠳᠴᠢᠨ ᠡᠮᠭᠡᠭ ᠢ ᠰᠡᠷᠬᠡᠶᠢᠯᠡᠬᠦ ᠬᠦᠴᠦᠨ ᠪᠣᠯᠤᠨ ᠴᠢᠬᠤᠯᠠ ᠪᠦᠬᠦᠢ ᠡᠳ᠋ ᠪᠣᠳᠠᠰ ᠤᠨ ᠲᠤᠰᠠᠯᠠᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠬᠢᠵᠢᠭ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠳᠡᠢ᠃ ︽ᠬᠥᠮᠦᠨ᠂ ᠪᠣᠳᠠᠰ︾ ᠵᠡᠷᠭᠡ ᠪᠠᠷ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ  ᠭᠤᠤᠯᠳᠠᠯᠭ᠎ᠠ ᠲᠠᠢ ᠲᠠᠯᠠᠪᠤᠷ ᠭᠠᠵᠠᠷ᠂ ᠬᠥᠮᠦᠰ ᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠶᠢ ᠤᠯᠠᠮ ᠨᠢᠬᠡ ᠠᠯᠬᠤᠮ ᠴᠢᠩᠭᠠᠳᠬᠠᠵᠤ ᠭᠠᠳᠠᠨ᠎ᠡ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠬᠡᠵᠥ ᠴᠢᠬᠤᠯᠠᠴᠢᠯᠠᠪᠠ᠃
微信图片_20201127083603.jpg  
      ᠬᠤᠷᠠᠯ ᠠᠴᠠ ᠱᠠᠭᠠᠷᠳᠠᠭᠰᠠᠨ ᠨᠢ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ ᠵᠢᠯᠣᠭᠤᠳᠤᠨ ᠲᠣᠬᠢᠷᠠᠭᠤᠯᠬᠤ ᠠᠵᠢᠯ ᠢᠶᠠᠨ ᠴᠢᠩᠭᠠᠳᠬᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ  ᠪᠠᠴᠢᠮ ᠪᠠᠶᠢᠳᠠᠯ ᠢ ᠰᠢᠢᠳᠪᠦᠷᠢᠯᠡᠬᠦ ᠪᠤᠯᠪᠠᠰᠤᠷᠠᠭᠤᠯᠤᠯ ᠢᠶᠠᠨ ᠴᠢᠩᠭᠠᠳᠬᠠᠨ ᠮᠡᠳᠡᠭᠡ ᠵᠠᠩᠭᠢ ᠨᠡᠶᠢᠲᠡᠯᠡᠵᠦ ᠵᠠᠷᠯᠠᠬᠤ ᠠᠵᠢᠯ ᠢ ᠰᠠᠶᠢᠲᠤᠷ ᠬᠢᠵᠦ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠳᠡᠢ ᠭᠡᠵᠡᠢ᠃                                            ᠰᠤᠷᠪᠤᠯᠵᠢᠯᠠᠭᠴᠢ ᠄  ᠤᠶᠤᠨᠴᠢᠮᠡᠭ  
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ