11 ᠰᠠᠷ᠎ᠠ ᠶᠢᠨ 25 ᠤ ᠡᠳᠦᠷ᠂ ᠪᠦᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠬᠤ | ᠪᠠ ᠨᠠᠮᠤᠷ ᠡᠪᠦᠯ ᠤᠨ ᠤᠯᠠᠷᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠵᠤ ᠬᠤᠲᠠ ᠶᠢᠨ ᠲᠠᠭᠠᠭᠠᠴᠢᠯᠠᠨ ᠬᠠᠷᠢᠯᠴᠠᠬᠤ | ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ᠊ ᠭᠠᠷᠤᠳᠠᠢ᠂ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠠ ᠲᠤᠰᠬᠠᠶ ᠲᠥᠷᠤᠯ ᠤᠨ ᠠᠵᠢᠯ ᠤᠨ ᠳᠤᠭᠤᠶᠢᠯᠠᠩ ᠤᠨ | ᠳᠠᠷᠤᠭ᠎ᠠ᠂ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠬᠡᠰᠡᠭ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠬᠤᠰᠢᠭᠤᠨ ᠤ | ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠬᠤ ᠪᠠ ᠨᠠᠮᠤᠷ ᠡᠪᠦᠯ ᠤᠨ | ᠤᠯᠠᠷᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠦᠬᠦ ᠬᠤᠰᠢᠭᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠳᠤ ᠪᠠᠶᠢᠷᠢᠯᠠᠭᠤᠯᠤᠯᠲᠠ ᠲᠤᠭᠢᠷᠠᠭᠤᠯᠤᠯᠳᠠ ᠬᠢᠪᠡ᠃ | ᠭᠢᠨᠠᠨ ᠵᠢᠯᠣᠭᠤᠳᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠦᠵᠡᠯ ᠤᠬᠠᠮᠰᠠᠷ ᠢ | ᠳᠡᠭᠡᠭᠰᠢᠯᠡᠭᠦᠯᠵᠦ ᠮᠢᠨᠴᠦᠭᠦᠷᠡᠬᠦ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ | ᠨᠢᠭᠡ ᠲᠥᠷᠤᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ | ᠴᠢᠩᠭ᠎ᠠ ᠠᠳᠬᠤᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠦᠷ᠎ᠡ ᠪᠦᠲᠦᠭᠡᠯ ᠢ ᠪᠠᠭᠢᠵᠢᠭᠦᠯᠭᠦ ᠭᠡᠷᠡᠭᠳᠠᠢ ᠭᠡᠵᠡᠢ᠃ | ᠭᠢᠨᠠᠨ ᠵᠢᠯᠣᠭᠤᠳᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠢᠯᠡᠷᠡᠭᠦᠯᠬᠦ᠂ ᠮᠡᠳᠡᠭᠦᠯᠬᠦ | ᠡᠷᠴᠢᠮ ᠢᠶᠠᠨ ᠴᠢᠩᠭᠠᠷᠠᠭᠤᠯᠵᠤ ᠭᠤᠤᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ ᠴᠢᠩᠭ᠎ᠠ ᠠᠳᠬᠤᠵᠤ ᠰᠤᠷᠭᠠᠭᠤᠯᠢ᠂ | ᠲᠡᠷᠭᠡᠨ ᠥᠷᠲᠡᠭᠡ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠵᠤᠴᠢᠳ ᠤᠨ ᠪᠠᠭᠤᠳᠠᠯ᠂ ᠺᠢᠨᠤ᠋ ᠶᠢᠨ ᠲᠢᠶᠠᠲᠷ ᠵᠡᠷᠭᠡ ᠣᠨᠴᠠᠭᠠᠢ ᠲᠠᠯᠠᠪᠤᠷ᠂ ᠬᠦᠢᠲᠡᠨ | ᠬᠡᠯᠬᠢᠶᠡᠲᠦ ᠪᠠᠷᠠᠭᠠᠨ ᠤ ᠲᠠᠯᠠᠪᠤᠷ᠂ ᠬᠥᠮᠦᠨ ᠣᠯᠠᠨ ᠴᠤᠭᠯᠠᠷᠠᠬᠤ ᠭᠠᠵᠠᠷ ᠢ ᠢᠯᠠᠭᠦᠭᠡᠨ ᠠᠩᠬᠠᠷᠴᠤ ᠠᠵᠢᠯᠲᠠᠨ ᠠᠵᠢᠯᠴᠢᠨ ᠤ ᠪᠡᠶ᠎ᠡ ᠶᠢᠨ ᠳᠤᠯᠠᠭᠠᠨ ᠢ ᠬᠡᠮᠵᠢᠨ | ᠠᠷᠢᠭᠤᠨ ᠴᠡᠪᠡᠷ ᠢ ᠡᠷᠭᠢᠮᠯᠠᠵᠤ ᠠᠷᠢᠭᠤᠳᠬᠠᠨ ᠰᠠᠯᠬᠢ ᠨᠡᠪᠲᠡᠷᠡᠭᠦᠯᠬᠦ ᠵᠡᠷᠭᠡ ᠬᠡᠪᠰᠢᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠭᠡᠷᠡᠭᠳᠠᠢ᠃ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠶᠢ ᠰᠠᠶᠢᠲᠤᠷ ᠬᠢᠵᠦ ᠪᠥᠭᠡᠮ ᠬᠦᠴᠢᠯ ᠤᠨ ᠪᠠᠶᠢᠴᠠᠭᠠᠯᠳᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠢ ᠵᠢᠷᠤᠮᠵᠢᠭᠤᠯᠤᠨ ᠪᠠᠶᠢᠷᠢᠯᠠᠭᠤᠯᠵᠤ ᠪᠠᠴᠢᠮ ᠪᠠᠶᠢᠳᠠᠯ ᠢ | ᠰᠢᠢᠳᠪᠤᠷᠢᠯᠠᠭᠦ ᠰᠣᠷᠢᠯᠲᠠ ᠶᠢ ᠢᠳᠡᠪᠬᠢᠲᠡᠢ ᠥᠷᠨᠢᠭᠦᠯᠦᠨ ᠪᠠᠴᠢᠮ ᠪᠠᠶᠢᠳᠠᠯ ᠢ ᠰᠢᠢᠳᠪᠤᠷᠢᠯᠠᠭᠦ ᠬᠢᠷᠢ ᠬᠡᠮᠵᠢᠶ᠎ᠡ ᠶᠢ ᠲᠡᠭᠡᠭᠰᠢᠯᠠᠭᠦᠯᠭᠦ ᠭᠡᠷᠡᠭᠳᠠᠢ᠃ ᠤᠯᠤᠰ | ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠠᠨ ᠰᠡᠷᠭᠡᠶᠢᠯᠡᠨ ᠡᠵᠡᠮᠳᠡᠬᠦ ᠬᠠᠮᠳᠤ ᠶᠢᠨ ᠬᠦᠴᠦᠨ ᠢ ᠪᠦᠷᠢᠯᠳᠦᠭᠦᠯᠵᠦ ᠪᠠᠯᠭᠠᠰᠤ ᠵᠡᠭᠡᠯᠢ | ᠲᠣᠰᠬᠤᠨ ᠤ ᠣᠷᠣᠨ ᠰᠠᠭᠤᠴᠠ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠥᠷᠭᠡᠨ ᠣᠯᠠᠨ ᠠᠷᠠᠳ ᠲᠦᠮᠡᠨ ᠤ | ᠥᠪᠡᠷ ᠢ ᠪᠠᠨ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠪᠥᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠᠶᠢᠳᠠᠯ ᠤᠨ | ᠦᠷᠭᠦᠯᠵᠢᠯᠡᠨ ᠲᠤᠭᠳᠠᠭᠤᠨ ᠪᠠᠶᠢᠬᠤ ᠶᠢ ᠠᠭᠢᠭᠤᠯᠬᠤ ᠭᠡᠷᠡᠭᠳᠡᠢ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ | ᠲᠡᠭᠡᠭᠰᠢᠯᠠᠭᠦᠯᠤᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠷᠢᠯᠢᠭ | ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠨ ᠣᠯᠠᠨ ᠲᠦᠮᠡᠨ ᠤ | ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠬᠢᠵᠢᠭ ᠤᠨ | ᠪᠠᠶᠢᠳᠠᠯ ᠢ ᠰᠠᠷᠭᠡᠶᠢᠯᠠᠨ ᠡᠵᠡᠮᠳᠠᠭᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠢ ᠪᠣᠶ ᠪᠣᠯᠭᠠᠬᠤ ᠬᠡᠷᠡᠭᠲᠡᠶ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ | ᠬᠠᠮᠵᠢᠯᠴᠠᠭ᠎ᠠ ᠤᠷᠤᠭᠰᠢᠲᠠᠶ᠂ ᠲᠤᠰᠬᠠᠯ ᠲᠦᠷᠭᠡᠨ᠂ ᠵᠢᠯᠣᠭᠤᠳᠣᠯᠭ᠎ᠠ ᠬᠦᠴᠦᠲᠡᠶ᠂ ᠨᠠᠶᠢᠳᠠᠪᠤᠷᠢᠵᠢᠭᠤᠯᠤᠯᠲᠠ ᠪᠥᠳᠥᠮᠵᠢᠳᠠᠢ ᠪᠠᠶᠢᠬᠤ ᠶᠢ ᠪᠠᠳᠤᠯᠠᠬᠤ ᠬᠡᠷᠡᠭᠲᠡᠶ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠢ ᠨᠠᠶᠢᠳᠠᠪᠤᠷᠢᠵᠢᠭᠤᠯᠤᠨ ᠠᠷᠠᠳ ᠣᠯᠠᠨ ᠤ ᠠᠮᠢ ᠨᠠᠰᠤᠨ ᠤ | ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠲᠣᠭᠲᠠᠭᠤᠨ | ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃ | | | | ᠰᠤᠷᠪᠤᠯᠵᠢᠯᠠᠭᠴᠢ᠄ ᠤᠶᠤᠨᠴᠢᠮᠡᠭ |