ᠮᠠᠨ ᠤ ᠬᠤᠰᠢᠭᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠᠨ ᠤᠭᠲᠤᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/27
      11 ᠰᠠᠷ᠎ᠠ ᠶᠢᠨ 24 ᠤ ᠡᠳᠦᠷ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠶᠠᠪᠤᠭᠳᠠᠭᠰᠠᠨ ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ ᠪᠤᠯᠤᠨ ᠲᠡᠷᠢᠬᠦᠨ ᠤ ᠠᠵᠢᠯᠲᠠᠨ ᠢ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠰᠦᠯᠳᠡ ᠰᠤᠮᠤᠨ ᠤ ᠱᠠᠷᠯᠢᠭ ᠭᠠᠴᠠᠭ᠎ᠠ ᠪᠠᠷ ᠨᠤᠲᠤᠭᠲᠠᠢ ᠰᠤᠶᠤᠯᠳᠠᠯᠠᠢ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ ᠬᠦᠷᠲᠡᠭᠡᠳ 11 ᠰᠠᠷ᠎ᠠ ᠶᠢᠨ 26 ᠤ ᠡᠳᠦᠷ᠂ ᠭᠠᠨᠵᠤᠭ᠎ᠠ ᠲᠥᠭᠦᠷᠡᠩ ᠬᠤᠰᠢᠭᠤ ᠨᠤᠳᠤᠭ ᠲᠤ ᠪᠠᠨ ᠪᠤᠴᠠᠵᠤ ᠢᠷᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠠᠰ ᠤᠨ ᠤᠳᠤᠷᠢᠳᠤᠯᠭ᠎ᠠ ᠨᠠᠷ ᠬᠥᠳᠡᠯᠮᠦᠷᠢ ᠶᠢᠨ ᠵᠢᠱᠢᠶᠡᠴᠢ ᠪᠠᠨ ᠤᠭᠳᠤᠬᠤ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠨ ᠤᠯᠠᠨ ᠲᠠᠶᠠᠭᠠᠷ ᠤᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢ ᠵᠤᠷᠢᠭᠵᠢᠭᠤᠯᠤᠭᠰᠠᠨ ᠪᠠᠶᠢᠨ᠎ᠠ᠃
微信图片_20201127094503.jpg   
      ᠰᠠᠭᠤᠳᠠᠯ ᠤᠨ ᠬᠤᠷᠠᠯ ᠳᠡᠭᠡᠷ᠎ᠡ ᠡᠷᠳᠡᠨᠢᠪᠢᠯᠢᠭ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠰᠣᠶᠣᠯᠳᠠᠯᠠᠢ ᠨᠥᠬᠦᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠪᠦᠬᠦ ᠬᠤᠰᠢᠭᠤᠨ ᠤ ᠡᠯ᠎ᠡ ᠹᠷᠣᠨᠲ ᠲᠤ ᠡᠷᠡᠯᠬᠡᠭᠯᠡᠨ ᠲᠠᠮᠠᠴᠠᠵᠤ ᠪᠠᠶᠢᠭ᠎ᠠ ᠠᠵᠢᠯᠴᠢᠨ ᠠᠩᠭᠢ ᠪᠠ ᠥᠷᠭᠡᠨ ᠣᠯᠠᠨ ᠬᠥᠳᠡᠯᠮᠦᠷᠢᠴᠢᠨ ᠲᠦᠮᠡᠨ ᠳᠤ ᠡᠷᠬᠢᠮ ᠲᠡᠭᠡᠳᠤ  ᠬᠦᠨᠳᠦᠳᠬᠡᠯ ᠪᠣᠯᠤᠨ ᠴᠢᠩ ᠰᠠᠳᠭᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠣᠯᠠᠨ ᠬᠡᠯᠪᠡᠷᠢ ᠶᠢᠨ ᠰᠤᠷᠤᠯᠴᠠᠯᠭ᠎ᠠ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠤᠨ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠭᠥᠳᠤᠯᠤᠨ ᠵᠢᠯᠣᠭᠤᠳᠴᠤ  ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠡᠭᠡᠷ᠎ᠡ ᠨᠢᠭᠡᠳᠭᠡᠨ ᠬᠥᠳᠡᠯᠮᠦᠷᠢ ᠶᠢᠨ ᠵᠢᠱᠢᠶᠡᠴᠢ ᠶᠢᠨ ᠳᠠᠭᠤᠷᠢᠶᠠᠯ ᠦᠢᠯᠡᠳᠦᠯ ᠪᠠ ᠬᠥᠳᠡᠯᠮᠦᠷᠢᠴᠢᠨ ᠠᠷᠠᠳ ᠲᠦᠮᠡᠨ ᠤ ᠡᠵᠡᠨ ᠬᠥᠮᠦᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ ᠭᠥᠳᠡᠯᠮᠤᠷᠢᠯᠠᠭᠦ ᠪᠠ ᠡᠭᠦᠳᠦᠨ ᠪᠦᠲᠦᠭᠡᠬᠦ ᠢᠳᠡᠪᠬᠢᠵᠢᠯ ᠢ ᠳᠠᠶᠢᠴᠢᠯᠠᠨ  ᠪᠦᠬᠦ ᠬᠤᠰᠢᠭᠤᠨ ᠤ ᠡᠯ᠎ᠡ ᠲᠥᠷᠤᠯ ᠤᠨ ᠠᠵᠢᠯ ᠦᠢᠯᠡᠰ ᠤᠨ ᠰᠢᠨ᠎ᠡ ᠳᠠᠪᠰᠢᠯᠲᠠ ᠲᠠᠢ ᠪᠣᠯᠵᠤ ᠰᠢᠨ᠎ᠡ ᠳᠡᠭᠲᠡᠷ ᠲᠤ ᠭᠠᠷᠬᠤ ᠶᠢ ᠠᠭᠢᠭᠤᠯᠬᠤ ᠭᠡᠷᠡᠭᠳᠠᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠣᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠃ ᠡᠬᠡ ᠣᠷᠣᠨᠴᠢ ᠦᠵᠡᠯ ᠢᠶᠠᠷ ᠭᠤᠤᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠪᠣᠯᠤᠨ ᠥᠭᠡᠷᠡᠴᠢᠯᠠᠯᠳᠠ ᠬᠢᠵᠦ ᠰᠢᠨ᠎ᠡ ᠶᠢ ᠡᠭᠦᠳᠬᠦ ᠪᠠᠷ ᠭᠤᠤᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠤᠷᠢᠳᠤ ᠢᠯᠠᠯᠲᠠ ᠣᠯᠬᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ ᠠᠵᠢᠯ ᠶᠠᠪᠤᠳᠠᠯ ᠬᠢᠵᠦ ᠦᠢᠯᠡᠰ ᠴᠤᠭᠴᠠᠯᠬᠤ ᠬᠠᠯᠠᠭᠤᠨ ᠰᠡᠳᠬᠢᠯᠭᠡ ᠶᠢ ᠬᠥᠭᠵᠢᠭᠡᠵᠦ ᠪᠦᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠨᠤᠲᠤᠭ ᠤᠰᠤ ᠪᠠᠨ ᠬᠠᠶᠢᠷᠠᠯᠠᠬᠤ᠂ ᠦᠤᠰᠢᠨ ᠢᠶᠠᠨ ᠪᠦᠲᠦᠭᠡᠨ ᠪᠠᠶᠢᠭᠤᠯᠬᠤ ᠬᠠᠶᠢᠷ᠎ᠠ ᠰᠡᠳᠬᠢᠯᠭᠡ ᠶᠢ ᠪᠤᠢ ᠪᠤᠯᠭᠠᠨ ᠡᠯ᠎ᠡ ᠠᠵᠢᠯ ᠲᠥᠷᠥᠯ ᠤᠨ ᠬᠢᠨ ᠢ ᠳᠠᠶᠢᠴᠢᠯᠠᠨ ᠵᠣᠷᠢᠭᠲᠠᠶ ᠪᠠᠷ ᠰᠢᠨ᠎ᠡ ᠶᠢ ᠡᠭᠦᠳᠴᠦ ᠵᠣᠷᠢᠭᠲᠠᠶ ᠪᠠᠷ ᠥᠢᠯᠡᠳᠤᠯᠭᠡᠵᠢᠭᠦᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠦᠰᠢᠨ ᠨᠤᠳᠤᠭ ᠤᠨ ᠬᠡᠪ ᠵᠠᠩᠰᠢᠯ ᠪᠣᠯᠭᠠᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠴᠤᠴᠠᠯᠲᠠ ᠦᠭᠡᠢ ᠤᠷᠤᠭᠰᠢᠯᠠᠬᠤ ᠶᠢ ᠵᠣᠷᠢᠭᠵᠢᠭᠤᠯᠤᠨ ᠦᠤᠰᠢᠨ ᠤ ᠡᠯ᠎ᠡ ᠲᠥᠷᠥᠯ ᠤᠨ ᠠᠵᠢᠯ ᠥᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠠᠭᠤᠤ ᠶᠡᠭᠡ ᠬᠠᠷᠠᠯᠲᠠ ᠶᠢ ᠪᠡᠶᠡᠯᠡᠭᠦᠯᠬᠦ ᠪᠠᠷ ᠡᠷᠡᠯᠬᠡᠭᠯᠡᠨ ᠤᠷᠤᠭᠰᠢᠯᠠᠬᠤ ᠭᠡᠷᠡᠭᠳᠡᠢ ᠭᠡᠰᠡᠨ ᠪᠠᠶᠢᠨ᠎ᠠ᠃
微信图片_20201127094507.jpg    
      ᠨᠢᠭᠡᠨ ᠡᠭᠡᠯ ᠵᠢᠷ ᠤᠨ ᠮᠠᠯᠴᠢᠨ ᠠᠴᠠ  ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠷᠡᠲᠦ ᠬᠥᠮᠦᠨ︾᠂ ᠡᠪ ᠡᠩ ᠤᠨ ᠬᠥᠳᠡᠯᠮᠦᠷᠢᠴᠢᠨ ᠠᠴᠠ ᠣᠯᠠᠨ ᠲᠥᠷᠤᠯ ᠤᠨ ᠲᠤᠰᠬᠠᠶ ᠠᠰᠢᠭ ᠤᠨ ᠵᠢᠷᠤᠭ ᠲᠥᠯᠥᠪᠯᠡᠭᠡ ᠶᠢᠨ ᠡᠭᠦᠳᠦᠭᠴᠢ᠂ ᠨᠢᠭᠡᠨ ᠰᠤᠷᠭᠠᠭᠤᠯᠢ ᠳᠤ ᠰᠠᠭᠤᠵᠤ ᠲᠠᠶᠢᠯᠭᠦ ᠦᠭᠡᠢ ᠬᠡᠦᠬᠡᠳ ᠠᠴᠠ ᠤᠯᠠᠨ ᠳᠤ ᠪᠠᠨ ᠮᠠᠭᠳᠠᠭᠳᠠᠭᠰᠠᠨ ᠭᠠᠴᠠᠭᠠᠨ ᠤ ᠨᠠᠮ ᠤᠨ ᠡᠭᠦᠷ ᠤᠨ ᠱᠦᠵᠢ ᠪᠤᠯᠳᠠᠯ᠎ᠠ ᠡᠨᠡ ᠪᠥᠭᠦᠨ ᠲᠡᠭᠦᠨ ᠤ ᠲᠡᠭᠦᠰᠬᠡᠯ ᠪᠢᠰᠢ ᠭᠡᠵᠤ ᠰᠤᠶᠤᠯᠳᠠᠯᠠᠢ ᠪᠤᠳᠤᠨ᠎ᠠ᠂ ᠲᠠᠷᠠ ᠡᠨᠡ ᠤᠳᠠᠭᠠᠨ ᠤ ᠢᠷᠠᠭᠤ ᠠᠯᠳᠠᠷ ᠢᠶᠠᠷ ᠰᠢᠨ᠎ᠡ ᠡᠬᠢᠯᠡᠯᠲᠡ ᠪᠤᠯᠭᠠᠨ ᠤᠬᠠᠮᠰᠠᠷ ᠠᠴᠠ ᠪᠠᠨ ᠠᠮᠢᠳᠤᠷᠠᠯ ᠤᠨ ᠬᠦᠰᠡᠯᠡᠩ᠂ ᠭᠡᠷ ᠪᠦᠯᠢ ᠶᠢᠨ ᠠᠵᠠ ᠵᠢᠷᠭᠠᠯ ᠢ ᠤᠯᠤᠰ ᠣᠷᠣᠨ ᠤ ᠪᠠᠶᠠᠵᠢᠨ ᠬᠦᠴᠦᠷᠬᠡᠭᠵᠢᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠠᠭᠤᠰᠬᠠᠵᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠭᠥᠳᠡᠯᠮᠤᠷᠢ ᠶᠢᠨ ᠵᠢᠱᠢᠶᠡᠴᠢ ᠶᠢᠨ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠵᠤ ᠨᠠᠮ ᠪᠠ ᠠᠷᠠᠳ ᠲᠦᠮᠡᠨ ᠳᠤ ᠥᠪᠡᠷ ᠤᠨ ᠭᠡᠰᠡᠨ ᠬᠤᠪᠢ ᠨᠠᠮᠠᠷᠢ ᠪᠠᠨ ᠬᠠᠷᠠᠮ ᠥᠭᠡᠢ ᠡᠷᠭᠦᠨ᠎ᠠ ᠭᠡᠵᠤ ᠢᠳᠡᠭᠡᠯ ᠲᠠᠭᠦᠯᠳᠡᠷ ᠢᠯᠠᠷᠭᠡᠶᠢᠯᠠᠵᠤ ᠪᠠᠶᠢᠯ᠎ᠠ᠃
微信图片_20201127094512.jpg
                                            ᠰᠤᠷᠪᠤᠯᠵᠢᠯᠠᠭᠴᠢ᠄  ᠤᠶᠤᠨᠴᠢᠮᠡᠭ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ