ᠦᠤᠰᠢᠨ ᠬᠤᠰᠢᠭᠤ ᠳᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠡ ᠵᠠᠰᠠᠭ ᠵᠠᠬᠢᠷᠭᠠᠠ ᠤ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2020/11/27
      ᠦᠤᠰᠢᠨ ᠬᠤᠰᠢᠭᠤ ᠦᠷᠬᠡᠡ ᠠᠭᠤᠳᠠᠮ ᠬᠦᠳᠡᠭᠡ ᠳᠤᠰᠬᠤᠨ ᠮᠠᠯᠵᠢᠬᠤ ᠤᠷᠤᠨ ᠤ ᠠᠵᠤ ᠠᠬᠤᠢ᠂ ᠨᠠᠶᠢᠬᠡᠮ ᠤᠨ ᠬᠦᠭᠵᠢᠯᠳᠡ ᠶᠢ ᠬᠠᠤᠯᠢ ᠳᠦᠷᠢᠮ ᠶᠤᠰᠤ ᠪᠠᠷ ᠵᠢᠷᠤᠮᠵᠢᠭᠤᠯᠬᠤ ᠶᠢ ᠴᠢᠩᠭᠠᠳᠬᠠᠵᠤ᠂ ᠳᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠡ ᠵᠠᠰᠠᠭ ᠵᠠᠬᠢᠷᠭᠠᠠ ᠤ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠨᠡᠮᠡᠭᠳᠡᠭᠦᠯᠵᠤ ᠪᠠᠶᠢᠨ᠎ᠠ᠃      ᠤᠢᠢᠷ᠎ᠠ ᠳᠤ᠂ ᠦᠤᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠦᠬᠦ ᠬᠤᠰᠢᠭᠤᠨ ᠤ ᠲᠠᠷᠢᠶᠠᠯᠠᠩ ᠤᠨ ᠦᠢᠯᠡᠳᠪᠤᠷᠢᠯᠡᠯ ᠤᠨ ᠬᠡᠷᠡᠭᠰᠡᠯ ᠤᠨ ᠡᠵᠡᠩᠨᠡᠭᠴᠢ ᠪᠣᠯᠤᠨ ᠮᠠᠯ ᠰᠦᠷᠦᠭ ᠤᠨ ᠲᠡᠵᠢᠭᠡᠪᠦᠷᠢ ᠶᠢᠨ ᠡᠵᠡᠩᠨᠡᠭᠴᠢ ᠶᠢᠨ ᠬᠠᠤᠯᠢ ᠶᠢ ᠮᠡᠳᠡᠬᠦ᠂ ᠬᠠᠤᠯᠢ ᠶᠢ ᠡᠵᠡᠮᠰᠢᠬᠦ᠂ ᠬᠠᠤᠯᠢ ᠶᠢ ᠰᠠᠬᠢᠬᠤ ᠤᠬᠠᠮᠰᠠᠷ ᠢ ᠳᠡᠬᠡᠭᠰᠢᠯᠡᠬᠦᠯᠬᠦ ᠶᠢᠨ ᠲᠥᠯᠥᠭᠡ ᠳᠤᠰᠬᠠᠢᠢᠯᠠᠠ ᠪᠤᠯᠪᠠᠰᠤᠷᠠᠯ ᠤᠨ ᠠᠩᠭᠢ ᠡᠷᠬᠢᠯᠡᠪᠡ᠃ ᠪᠤᠯᠪᠠᠰᠤᠷᠠᠯ ᠳᠤ ᠪᠦᠬᠦ ᠬᠤᠰᠢᠭᠤᠨ ᠤ ᠮᠠᠯ ᠳᠠᠷᠢᠶᠠᠯᠠᠩ ᠤᠨ ᠦᠢᠯᠡᠳᠪᠦᠷᠢᠯᠡᠯ ᠤᠨ ᠡᠵᠡᠩᠨᠡᠯᠳᠡ ᠶᠢᠨ ᠹᠷᠤᠨᠲ ᠠᠴᠠ ᠢᠷᠡᠭᠰᠡᠡ 130 ᠭᠠᠷᠤᠢ ᠬᠦᠮᠦᠨ ᠤᠷᠤᠯᠴᠠᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠮᠠᠯ ᠰᠦᠷᠦᠭ ᠤᠨ ᠲᠡᠵᠢᠭᠡᠪᠦᠷᠢ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠬᠠᠢ ᠬᠠᠮᠢᠶ᠎ᠠ ᠪᠦᠬᠦᠢ ᠠᠷᠭ᠎ᠠ ᠬᠡᠮᠵᠢᠶ᠎ᠡ᠂ ᠱᠠᠭᠠᠷᠳᠠᠯᠭ᠎ᠠ ᠶᠢ ᠰᠢᠰᠲ᠋ᠧᠮ ᠲᠠᠢ ᠰᠤᠷᠤᠯᠴᠠᠪᠠ︔ ᠬᠥᠬᠡᠬᠤᠲᠠ ᠠᠴᠠ ᠤᠷᠢᠵᠤ ᠠᠪᠴᠢᠷᠠᠭᠰᠠᠨ ᠬᠤᠶᠠᠷ ᠨᠡᠷ᠎ᠡ ᠲᠤᠰᠬᠠᠶ ᠮᠡᠷᠭᠡᠵᠢᠯᠲᠡᠨ ᠮᠠᠯ ᠠᠵᠤ ᠠᠬᠤᠶ ᠪᠠ ᠲᠠᠷᠢᠶᠠᠯᠠᠩ ᠤᠨ  ᠦᠢᠯᠡᠳᠪᠤᠷᠢᠯᠡᠯ  ᠤᠨ ᠬᠡᠷᠡᠭᠰᠡᠯ ᠤᠨ ᠲᠠᠯ᠎ᠠ ᠠᠴᠠ ᠵᠢᠷᠤᠮᠵᠢᠭᠰᠠᠨ ᠡᠵᠡᠩᠨᠡᠯᠲᠡ ᠬᠠᠮᠢᠶᠠᠷᠤᠯᠲᠠ ᠶᠢᠨ ᠮᠡᠳᠡᠯᠭᠡ ᠵᠢᠴᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠪᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠬᠠᠮᠢᠶ᠎ᠠ ᠪᠦᠭᠦᠢ ᠮᠡᠷᠭᠡᠵᠢᠯᠳᠡᠨ ᠠᠴᠠ ᠲᠠᠷᠢᠶᠠᠯᠠᠩ ᠤᠨ ᠦᠢᠯᠡᠳᠪᠤᠷᠢᠯᠡᠯ ᠤᠨ ᠬᠡᠷᠡᠭᠰᠡᠯ ᠤᠨ ᠵᠢᠷᠤᠮᠵᠢᠭᠰᠠᠨ ᠡᠵᠡᠩᠨᠡᠯᠲᠡ ᠬᠠᠮᠢᠶᠠᠷᠤᠯᠲᠠ ᠶᠢᠨ ᠮᠡᠳᠡᠯᠭᠡ ᠶᠢ ᠲᠠᠶᠢᠯᠪᠤᠷᠢᠯᠠᠬᠤ ᠶᠢᠨ ᠳᠠᠭᠠᠤ ᠲᠠᠷᠢᠶᠠᠨ ᠡᠮ ᠤᠨ ᠡᠵᠡᠩᠨᠠᠯᠳᠠ ᠶᠢᠨ ᠵᠥᠪᠰᠢᠶᠡᠷᠡᠯ ᠤᠨ ᠦᠨᠡᠮᠯᠡᠯ ᠢ ᠭᠦᠶ᠋ᠴᠡᠳᠬᠡᠬᠦ ᠨᠥᠬᠦᠴᠡᠯ ᠵᠢᠴᠢ ᠡᠷᠬᠡᠪᠰᠢ ᠲᠤᠰᠢᠶᠠᠬᠤ ᠴᠢᠬᠤᠯᠠᠲᠠᠶ ᠮᠠᠲ᠋ᠧᠷᠢᠶᠠᠯ᠂ ᠳᠠᠷᠢᠮᠠᠯ ᠤᠨ ᠬᠦᠷᠦᠩᠬᠡ ᠪᠤᠷᠤᠯᠠᠭᠤᠯᠬᠤ ᠳᠡᠩᠰᠡᠯᠡᠯᠲᠡ ᠵᠡᠷᠭᠡ ᠳᠤ ᠭᠤᠤᠯᠳᠠᠯᠭ᠎ᠠ ᠲᠠᠢ ᠲᠠᠶᠢᠯᠤᠮᠵᠢ ᠬᠢᠪᠠ᠃         ᠳᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠲᠠᠷᠢᠶᠠᠯᠠᠩ ᠤᠨ  ᠦᠢᠯᠡᠳᠪᠤᠷᠢᠯᠡᠯ ᠤᠨ ᠬᠡᠷᠡᠭᠰᠡᠯ ᠤᠨ ᠡᠵᠡᠩᠨᠡᠭᠴᠢ ᠪᠣᠯᠤᠨ ᠮᠠᠯ ᠰᠦᠷᠦᠭ ᠤᠨ ᠲᠡᠵᠢᠭᠡᠪᠦᠷᠢ ᠶᠢᠨ ᠡᠵᠡᠩᠨᠡᠭᠴᠢ ᠶᠢᠨ ᠬᠠᠤᠯᠢ ᠶᠤᠰᠤᠭᠠᠷ ᠡᠵᠡᠩᠨᠡᠬᠦ ᠪᠠ ᠦᠨᠡᠨᠴᠢ ᠢᠲᠡᠭᠡᠮᠵᠢᠲᠡᠶ ᠡᠵᠡᠩᠨᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠪᠦᠬᠦ ᠬᠤᠰᠢᠭᠤᠨ ᠤ ᠲᠠᠷᠢᠶᠠᠯᠠᠩ ᠤᠨ ᠦᠢᠯᠡᠳᠪᠤᠷᠢᠯᠡᠯ ᠤᠨ ᠬᠡᠷᠡᠭᠰᠡᠯ᠂ ᠮᠠᠯ ᠰᠦᠷᠦᠭ ᠤᠨ ᠳᠡᠵᠢᠬᠡᠪᠦᠷᠢ ᠶᠢᠨ ᠦᠢᠯᠡᠰ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠦᠤᠰᠢᠨ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠳᠤ ᠪᠠᠲᠤ ᠪᠠᠬᠢ ᠰᠠᠭᠤᠷᠢ ᠲᠠᠯᠪᠢᠬᠰᠠᠠ ᠪᠠᠶᠢᠨ᠎ᠠ᠃  
ᠢᠷᠡᠯᠲᠡ᠄ ᠤᠷᠳᠤᠰ ᠮᠤᠩᠭᠤᠯ ᠰᠦᠯᠵᠢᠶ᠎ᠡ