ᠤᠯᠠᠭᠠᠨᠲᠤᠯᠤᠭᠠᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠠᠨᠭᠤᠤᠯ ᠨᠡᠭᠦᠷᠡᠰᠦᠨ ᠠᠭᠤᠷᠬᠠᠢ ᠶᠢᠨ ᠤᠢᠢᠷ᠎ᠡ ᠬᠠᠪᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2020/11/3
     ᠭᠠᠯᠠᠭᠤᠳᠤ ᠶᠢᠨ ᠮᠡᠳᠡᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ‌ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠤᠷᠤᠰᠢᠨ ᠠᠮᠢᠳᠤᠷᠠᠬᠤ ᠳᠤ ᠲᠠᠭᠠᠯᠠᠮᠵᠢᠳᠠᠢ ᠦᠵᠡᠰᠭᠦᠯᠡᠩᠳᠤ ᠰᠠᠶᠢᠬᠠᠨ ᠭᠦᠳᠡᠭᠡ ᠲᠤᠰᠬᠤᠨ ᠢ ᠪᠦᠳᠦᠭᠡᠨ ᠪᠠᠶᠢᠭᠤᠯᠵᠤ᠂ ᠠᠵᠤ ᠠᠬᠤᠢ ᠶᠢᠨ ᠦᠷᠭᠦᠯᠵᠢᠯᠡᠭᠰᠡᠨ ᠭᠦᠭᠵᠢᠯᠳᠠ ᠪᠠ ᠨᠡᠶᠢᠭᠡᠮ ᠤᠨ ᠪᠤᠯᠪᠠᠰᠤᠨ ᠤ ᠲᠠᠪᠰᠢᠯᠳᠠ ᠶᠢ ᠠᠭᠢᠭᠤᠯᠬᠤ ᠶᠢᠨ ᠲᠥᠯᠦᠭᠡ ᠣᠶᠢᠷ᠎ᠠ ᠳᠤ᠂ ᠤᠯᠠᠭᠠᠨᠲᠤᠯᠤᠭᠠᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠠᠨᠭᠤᠤᠯ ᠨᠡᠭᠦᠷᠡᠰᠦᠨ ᠠᠭᠤᠷᠬᠠᠢ ᠶᠢᠨ ᠤᠶᠢᠷᠠᠯᠴᠠᠭᠠᠬᠢ ᠨᠤᠷᠠᠭᠠᠵᠤ ᠨᠡᠭᠦᠯᠭᠡᠬᠦ ᠲᠤᠭᠤᠷᠢᠭ ᠲᠤ ᠣᠷᠴᠢᠨ ᠲᠣᠭᠤᠷᠢᠨ‌ᠢ ᠴᠡᠭᠴᠡᠯᠡᠨ ᠵᠠᠰᠠᠵᠤ᠂ ᠲᠤᠰᠬᠠᠶ ᠬᠥᠮᠦᠨ ᠳᠣᠭᠢᠷᠠᠭᠤᠯᠤᠨ ᠠᠭᠤᠷᠬᠠᠶ ᠶᠢᠨ ᠣᠷᠣᠨ ᠤ ᠪᠠᠷᠢᠯᠭ᠎ᠠ ᠶᠢᠨ ᠦᠯᠡᠳᠡᠭᠳᠡᠯ ᠬᠤᠭ ᠨᠣᠪᠰᠢ᠂ ᠨᠤᠷᠠᠭᠠᠵᠤ ᠨᠡᠭᠦᠯᠭᠡᠬᠦ ᠲᠤᠭᠤᠷᠢᠭ ᠤᠨ ᠡᠪᠳᠡᠷᠬᠡᠶ ᠬᠠᠭᠤᠴᠢᠨ ᠬᠡᠷ ᠪᠠᠶᠢᠰᠢᠩ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠴᠡᠪᠡᠷᠯᠡᠪᠡ᠃      ᠣᠲᠣᠬᠠᠨ ᠪᠣᠯᠲᠠᠯ᠎ᠠ᠂ ᠠᠭᠤᠷᠬᠠᠶ ᠶᠢᠨ ᠣᠷᠣᠨ ᠤ ᠪᠠᠷᠢᠯᠭ᠎ᠠ ᠶᠢᠨ ᠦᠯᠡᠳᠡᠭᠳᠡᠯ ᠬᠤᠭ ᠨᠣᠪᠰᠢ ᠶᠢ 250 ᠲᠣᠨ᠂ ᠠᠮᠢᠳᠤᠷᠠᠯ ᠤᠨ ᠬᠤᠭ ᠨᠣᠪᠰᠢ ᠶᠢ 300 ᠭᠠᠷᠤᠶ ᠲᠣᠨ᠂ ᠨᠤᠷᠠᠭᠠᠵᠤ ᠨᠡᠭᠦᠯᠭᠡᠭᠰᠡᠨ ᠲᠤᠭᠤᠷᠢᠭ ᠤᠨ ᠡᠪᠳᠡᠷᠬᠡᠶ ᠬᠠᠭᠤᠴᠢᠨ ᠬᠡᠷ ᠪᠠᠶᠢᠰᠢᠩ᠂ ᠪᠠᠷᠢᠯᠭ᠎ᠠ ᠶᠢᠨ ᠬᠤᠭ ᠨᠣᠪᠰᠢ 2010 ᠲᠣᠨ ᠴᠡᠪᠡᠷᠯᠡᠵᠡᠶ᠃ ᠲᠣᠰ ᠤᠳᠠᠭᠠᠨ ᠤ ᠴᠡᠭᠴᠡᠯᠡᠨ ᠵᠠᠰᠠᠯᠲᠠ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠤᠨ᠂ ᠢᠯᠠᠩᠭᠤᠶ᠎ᠠ ᠠᠭᠤᠷᠬᠠᠢ ᠶᠢᠨ ᠣᠷᠣᠨ ᠤ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠲᠠᠭᠠᠯᠠᠮᠵᠢᠲᠠᠶ ᠠᠭᠤᠷᠬᠠᠢ ᠶᠢᠨ ᠣᠷᠣᠨ ᠤ ᠣᠷᠴᠢᠨ ᠲᠤᠭᠤᠷᠢᠨ ᠢ ᠬᠠᠮᠲᠤ ᠪᠠᠷ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号