ᠨᠠᠮᠦᠷ ᠴᠠᠭ ᠤᠨ ᠨᠠᠶᠢᠷᠰᠠᠭ ᠠᠵᠢᠯᠯᠠᠭ᠎ᠠ
ᠨᠡᠶᠢᠲᠡᠯᠡᠭᠰᠡᠨ ᠴᠠᠭ᠄
2020/11/3
    ᠨᠠᠯᠠᠭᠠᠷ ᠨᠠᠮᠦᠷ ᠤᠨ ᠬᠦᠳᠡᠭᠡ ᠨᠤᠳᠤᠭ ᠶᠠᠭᠠᠬᠢᠬᠤ ᠶᠢᠨ ᠠᠷᠭ᠎ᠠ ᠦᠭᠡᠢ ᠭᠤᠶᠤᠬᠠᠨ᠃ ᠡᠨᠡ ᠬᠦ ᠰᠠᠶᠢᠬᠠᠨ ᠴᠠᠭ ᠤᠯᠠᠷᠢᠯ ᠳᠤ ᠨᠡᠶᠢᠴᠡᠭᠦᠯᠦᠨ ᠦᠤᠰᠢᠨ ᠬᠤᠰᠢᠭᠤᠨ ᠤ ᠰᠦᠯᠲᠡ ᠰᠤᠮᠤᠨ ᠤ ᠦᠯᠵᠡᠶᠢᠴᠠᠶᠢᠲᠠᠮ ᠮᠠᠯᠵᠢᠯ ᠤᠨ ᠬᠤᠷᠰᠢᠶᠠᠨ ᠤ ᠨᠠᠰᠤᠨᠪᠠᠶᠠᠷ᠂ ᠶᠦᠩᠷᠦᠩᠪᠡᠯ ᠤᠨ ᠬᠢᠨ ᠭᠡᠷ ᠪᠦᠯᠢ ᠶᠢᠨ ᠤᠳᠬ᠎ᠠ ᠰᠤᠶᠤᠯ ᠤᠨ ᠠᠵᠢᠯᠯᠠᠭ᠎ᠠ ᠶᠢ ᠪᠠᠶᠠᠯᠢᠭ ᠰᠠᠶᠢᠬᠠᠨ ᠶᠠᠪᠤᠭᠳᠠᠭᠤᠯᠪᠡ᠃     ᠨᠠᠰᠤᠨᠪᠠᠶᠠᠷ ᠤᠨ ᠬᠢᠨ ᠭᠡᠷ ᠲᠡᠭᠡᠨ ︽ᠲᠠᠯ᠎ᠠ ᠶᠢᠨ ᠬᠦᠰᠡᠯᠡᠩ︾ ᠬᠤᠭᠤᠯᠠᠨ ᠭᠡᠷ ᠡᠷᠬᠢᠯᠡᠭᠡᠳ ᠨᠡᠯᠢᠶᠡᠳ ᠬᠡᠳᠤᠨ ᠵᠢᠯ ᠪᠤᠯᠵᠦ ᠪᠠᠶᠢᠨ᠎ᠠ᠃ ᠡᠨᠡ ᠵᠢᠯ ᠡᠳᠡᠨ ᠤ ᠬᠢᠨ ᠯᠠᠭ ᠪᠠᠶᠢᠰᠢᠩ᠂ ᠱᠠᠯᠠᠨ ᠭᠡᠷ᠂ ᠪᠤᠰᠤᠭ᠎ᠠ ᠪᠠᠶᠢᠰᠢᠩ ᠪᠠᠷᠢᠵᠦ᠂ ᠬᠦᠷᠤᠯᠴᠡᠨ ᠢᠷᠡᠭᠰᠡᠨ ᠬᠦᠮᠦᠰ ᠲᠡᠭᠡᠨ ᠬᠤᠨᠤᠭᠯᠠᠵᠦ ᠠᠮᠠᠷᠠᠬᠤ ᠨᠦᠭᠦᠴᠡᠯ ᠪᠦᠷᠢᠯᠳᠦᠭᠦᠯᠦᠭᠰᠡᠨ ᠮᠦᠷᠳᠡᠭᠡᠨ ᠮᠤᠩᠭᠤᠯ ᠵᠠᠩ ᠦᠢᠯᠡ ᠶᠢ ᠲᠠᠨᠢᠭᠤᠯᠤᠨ ᠤᠢᠢᠯᠠᠭᠠᠭᠤᠯᠬᠤ ᠪᠤᠯᠵᠠᠢ᠃
    ᠨᠠᠰᠤᠨᠪᠠᠶᠠᠷ ᠤᠨ ᠲᠦᠷᠦᠯ ᠰᠠᠳᠤᠨ ᠨᠢ ᠠᠬ᠎ᠠ ᠲᠡᠭᠦᠦ ᠨᠠᠷ ᠲᠠᠢ ᠪᠠᠨ ᠠᠭᠤᠯᠵᠠᠵᠦ᠂ ᠠᠵᠢᠯᠯᠠᠭᠠᠨ‌‍ᠳᠤ ᠬᠦᠷ ᠨᠡᠮᠡᠬᠦ ᠪᠠᠷ ᠭᠡᠷ ᠭᠡᠷ ᠢᠶᠠᠷ ᠢᠶᠠᠨ ᠬᠦᠷᠦᠯᠴᠡᠨ ᠢᠷᠡᠵᠡᠭᠡᠯ᠎ᠠ᠃ ᠨᠠᠶᠠ ᠶᠢ ᠲᠠᠪᠠᠭᠰᠠᠨ ᠨᠠᠰᠤᠲᠠᠢ ᠡᠵᠢ ᠦᠷ᠎ᠠ ᠬᠡᠤᠬᠡᠳ ᠢᠶᠠᠨ ᠲᠤᠭᠤᠷᠢᠭᠤᠯᠤᠨ ᠰᠠᠭᠤᠯᠭᠠᠵᠦ᠂ ᠲᠤᠬᠠᠢ ᠶᠢᠨ ᠦᠶ᠎ᠠ ᠶᠢᠨ ᠠᠮᠢᠳᠤᠷᠠᠯ ᠵᠠᠩ ᠦᠢᠯᠡ ᠶᠢ ᠶᠠᠷᠢᠵᠦ᠂ ᠨᠡᠶᠢᠬᠡᠮ ᠤᠨ ᠬᠦᠭᠵᠢᠯᠲᠡ ᠡᠳᠤᠷ ᠢᠷᠡᠭᠦᠶ᠎ᠠ ᠰᠠᠶᠢᠨ ᠪᠤᠯᠵᠦ ᠪᠠᠶᠢᠬᠤ ᠶᠢ ᠦᠪᠡᠷ ᠤᠨ ᠦᠩᠭᠡᠷᠡᠯᠲᠡ ᠪᠠᠷ ᠢᠶᠠᠨ ᠲᠡᠶᠢᠯᠪᠤᠷᠢᠯᠡᠯ᠎ᠠ᠃ ᠡᠭᠦᠨ ᠤ ᠲᠠᠷᠠᠭ᠎ᠠ᠂ ᠬᠤᠷᠠᠭᠰᠠᠨ ᠤᠯᠠᠭᠤᠯᠠ ᠤᠷ᠎ᠠ ᠠᠪᠢᠶᠠᠰ ᠢᠶᠠᠨ ᠭᠠᠶᠢᠬᠠᠭᠤᠯᠵᠦ᠂ ︽ᠪᠤᠶᠠᠨᠲᠠᠢ ᠡᠵᠢ ᠪᠠᠨ ᠪᠠᠶᠠᠷᠯᠠᠭᠤᠯᠤᠨ ᠵᠢᠷᠭᠠᠯᠲᠠᠢ ᠠᠮᠢᠳᠤᠷᠠᠯ ᠢᠶᠠᠨ ᠴᠤᠭᠴᠠᠯᠠᠶ᠎ᠠ︾ ᠭᠡᠬᠦ ᠰᠡᠳᠤᠪᠳᠤ ᠭᠡᠷ ᠪᠦᠯᠢ ᠶᠢᠨ ᠲᠤᠭᠯᠠᠯᠲᠠ ᠭᠠᠷᠠᠭᠠᠵᠦ᠂ ᠡᠵᠢ ᠪᠠᠨ ᠪᠠᠶᠠᠷᠯᠠᠭᠤᠯᠤᠨ ᠲᠠᠶᠠᠭᠠᠷ ᠢᠶᠠᠨ ᠬᠦᠭᠡᠷᠦᠯᠳᠦᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号