ᠰᠢᠨᠵᠢᠶᠠᠩ ᠨᠤᠳᠤᠭ ᠲᠠᠢ ᠤᠷᠠᠯᠢᠬᠴᠢᠨ ᠵᠠᠯᠠᠭᠤ ᠪᠦᠷᠢᠨ
ᠨᠡᠶᠢᠲᠡᠯᠡᠭᠰᠡᠨ ᠴᠠᠭ᠄
2020/11/3
     ᠪᠦᠷᠢᠨ ︵ᠤᠭ ᠨᠠᠷ᠎ᠠ ᠫᠥᠷᠪᠦᠴᠡᠷᠢᠨ︶᠂ 1985 ᠤᠨ ᠤ 8 ᠰᠠᠷ᠎ᠠ ᠳᠤ ᠰᠢᠨᠵᠢᠶᠠᠩ ᠤᠨ ᠪᠠᠶᠠᠨᠭᠤᠤᠯ ᠵᠸᠤ ᠶᠢᠨ ᠡᠾᠧᠵᠢᠩ ᠰᠢᠶᠠᠨ ᠤ ᠺᠠᠽᠧ ᠲᠤᠰᠬᠤᠨ ᠤ ᠰᠠᠩᠭᠠᠵᠠᠷ᠎ᠠ ᠪᠤᠯᠤᠨ ᠤᠷᠯᠤᠮ᠎ᠠ ᠶᠢᠨ ᠤᠤᠭᠠᠨ ᠬᠦᠪᠡᠬᠦᠨ ᠪᠤᠯᠵᠦ ᠵᠠᠶᠠᠭᠠᠵᠡᠢ  ᠃  ᠪᠠᠭ᠎ᠠ ᠰᠤᠷᠭᠠᠭᠤᠯᠢ ᠪᠠᠨ ᠡᠾᠧᠵᠢᠩ ᠰᠢᠶᠠᠨ ᠤ ᠺᠠᠽᠧ ᠲᠤᠰᠬᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠰᠤᠷᠤᠯᠴᠠᠵᠦ᠂ ᠲᠤᠮᠳᠠᠳᠤ ᠰᠤᠷᠭᠠᠭᠤᠯᠢ ᠪᠠᠨ ᠨᠢᠬᠡᠳᠦᠬᠡᠷ ᠲᠤᠮᠳᠠᠳᠤ ᠰᠤᠷᠭᠠᠭᠤᠯᠢ ᠳᠤ ᠰᠤᠷᠤᠯᠴᠠᠨ ᠂ 1999 ᠤᠨ ᠠᠴᠠ 2003 ᠤᠨ ᠪᠤᠯᠳᠠᠯ᠎ᠠ ᠪᠠᠶᠠᠨᠭᠤᠤᠯ ᠵᠸᠤ ᠶᠢᠨ ᠮᠤᠩᠭᠤᠯ ᠦᠨᠳᠦᠰᠦᠳᠡᠨ ᠤ ᠲᠡᠬᠡᠳᠤ ᠵᠡᠷᠬᠡ ᠶᠢᠨ ᠲᠤᠮᠳᠠᠳᠤ ᠰᠤᠷᠭᠠᠭᠤᠯᠢ ᠳᠤ ᠰᠤᠷᠤᠯᠴᠠᠨ᠂ 2003 ᠤᠨ ᠠᠴᠠ 2006 ᠤᠨ ᠪᠤᠯᠳᠠᠯ᠎ᠠ ᠦᠪᠦᠷ ᠮᠤᠩᠭᠤᠯ ᠤᠨ ᠦᠨᠳᠦᠰᠦᠳᠡᠨ ᠤ ᠲᠡᠬᠡᠳᠤ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠳᠤ ᠲᠠᠭᠤᠤ ᠬᠦᠭᠵᠢᠮ ᠤᠨ ᠰᠠᠯᠪᠤᠷᠢ ᠶᠢᠨ ᠲᠠᠭᠤᠯᠠᠬᠤᠢ ᠪᠠ ᠲᠡᠬᠦᠯᠳᠡᠷ ᠬᠤᠭᠤᠷ ᠤᠨ ᠮᠡᠷᠬᠡᠵᠢᠯ ᠢᠶᠠᠷ ᠲᠡᠬᠦᠰᠪᠠ᠃ 2006 ᠤᠨ ᠳᠤ ᠤᠷᠠᠯᠢᠭ ᠤᠨ ᠰᠤᠷᠭᠠᠭᠤᠯᠢ ᠠᠴᠠ ᠲᠡᠬᠦᠰᠦᠬᠡᠳ ᠬᠦᠬᠡᠬᠤᠳᠠ ᠳᠤ ᠲᠠᠭᠤᠤ ᠬᠤᠭᠤᠷ ᠬᠦᠭᠵᠢᠮ ᠠᠶᠠᠯᠭᠤ ᠪᠠᠷ ᠰᠡᠳᠬᠢᠯ ᠢᠶᠠᠨ ᠬᠦᠭᠯᠡᠭᠰᠡᠨ ᠨᠠᠶᠢᠵᠠ ᠨᠠᠷ ᠲᠠᠢ ᠪᠠᠨ ᠨᠢᠬᠡᠳᠦᠨ FLsmenco ᠬᠠᠮᠳᠤᠯᠢᠭ ᠢᠶᠠᠨ ᠪᠠᠶᠢᠭᠤᠯᠤᠨ ᠠᠮᠢᠳᠤ ᠬᠦᠭᠵᠢᠮ ᠤᠨ ᠶᠢᠷᠳᠢᠨᠴᠤ ᠳᠤ ᠠᠯᠬᠤᠨ ᠤᠷᠤᠵᠡᠢ᠃
    ᠤᠨᠴᠠᠭᠠᠢᠢᠯᠠᠨ ᠺᠠᠳᠧᠯᠢ ᠪᠠᠷ ᠢᠶᠠᠨ ᠠᠷᠪᠢᠨ ᠤᠯᠠᠨ ᠰᠤᠨᠤᠰᠤᠬᠴᠢᠳ ᠤᠷᠠᠯᠢᠬᠴᠢᠳ ᠤᠨ ᠠᠩᠬᠠᠷᠤᠯ ᠢ ᠲᠠᠳᠠᠵᠦ᠂ ᠤᠯᠤᠰ ᠪᠤᠯᠤᠨ ᠤᠷᠤᠨ ᠤ ᠲᠡᠰ ᠤᠨ ᠬᠦᠭᠵᠢᠮ ᠨᠠᠭᠠᠳᠤᠮ ᠪᠠ ᠬᠠᠮᠳᠤᠯᠢᠭ ᠤᠨ ᠴᠢᠭᠤᠯᠭᠠᠨ ᠵᠢᠴᠢ ᠤᠯᠤᠰ ᠤᠨ ᠲᠤᠳᠤᠭᠠᠳᠤ ᠭᠠᠳᠠᠭᠠᠳᠤ ᠳᠠᠭᠠᠨ ᠠᠯᠳᠡᠷᠳᠡᠢ ᠬᠠᠮᠳᠤᠯᠢᠭ ᠨᠤᠭᠤᠳ ᠲᠠᠢ ᠠᠮᠵᠢᠯᠳᠠᠲᠡᠢ ᠲᠤᠬᠯᠠᠵᠦ ᠪᠠᠶᠢᠬᠰᠠᠨ ᠲᠡᠤᠬᠡ ᠲᠠᠢ᠃     ◇2011 ᠤᠨ ᠤ ᠬᠠᠪᠤᠷ ᠦᠤᠰᠢᠨ ᠬᠤᠰᠢᠭᠤᠨ ᠤ ᠤᠯᠠᠭᠠᠨᠮᠦ᠋ᠴᠢᠷ ᠲᠤ ᠡᠯᠰᠡᠭᠳᠡᠨ ᠤᠷᠤᠵᠦ᠂ ᠮᠤᠷᠢᠨ ᠬᠤᠭᠤᠷ ᠤᠨ ᠪᠦᠯᠬᠦᠮ ᠪᠤᠯᠤᠨ ᠤᠯᠠᠭᠠᠨᠮᠦ᠋ᠴᠢᠷ ᠲᠤ ᠲᠠᠭᠤᠴᠢᠨ ᠪᠦᠮᠪᠦᠷᠴᠢᠨ ᠮᠡᠷᠬᠡᠵᠢᠯ ᠢᠶᠠᠷ ᠠᠵᠢᠯᠯᠬᠰᠠᠭᠠᠷ ᠪᠠᠶᠢᠵᠦ᠂ 2013 ᠤᠨ ᠳᠤ ᠤᠯᠠᠭᠠᠨᠮᠦ᠋ᠴᠢᠷ ᠤᠨ ᠬᠦᠭᠵᠢᠮ ᠤᠨ ᠠᠩᠬᠢ ᠶᠢᠨ ᠲᠠᠷᠤᠭ᠎ᠠ ᠶᠢᠨ ᠲᠤᠰᠢᠶᠠᠯ ᠳᠤ ᠲᠠᠪᠰᠢᠨ᠂ 2017 ᠤᠨ ᠳᠤ ᠤᠯᠠᠭᠠᠨᠮᠦ᠋ᠴᠢᠷ ᠤᠨ ᠲᠡᠳ᠋ ᠲᠠᠷᠤᠭ᠎ᠠ ᠶᠢᠨ ᠲᠤᠰᠢᠶᠠᠯ ᠳᠤ ᠲᠠᠪᠰᠢᠵᠡᠢ᠃     ◇ 2016 ᠤᠨ ᠤ 1 ᠰᠠᠷ᠎ᠠ ᠠᠴᠠ 2018 ᠤᠨ ᠤ 1 ᠰᠠᠷ᠎ᠠ ᠳᠤ ᠤᠯᠤᠰ ᠤᠨ ᠨᠡᠭᠡᠭᠡᠯᠲᠡ ᠲᠠᠢ ᠶᠡᠭᠡ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠵᠢᠩᠬᠢᠨᠢ ᠠᠩᠬᠢ ᠠᠴᠠ ᠲᠠᠬᠦᠰᠪᠡ᠃     ◇2009 ᠤᠨ ᠳᠤ ᠦᠪᠦᠷ ᠮᠤᠩᠭᠤᠯ ᠤᠨ ᠤᠳᠤᠨ ᠲᠧᠯᠸᠢᠰ ᠤᠨ ᠷᠤᠺ ᠬᠠᠮᠳᠤᠯᠢᠭ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠬᠠᠮᠳᠤᠯᠢᠭ ᠲᠠᠢ ᠪᠠᠨ ᠤᠷᠤᠯᠴᠠᠪᠠ᠃     ◇2009 ᠤᠨ ᠳᠤ ᠦᠪᠦᠷ ᠮᠤᠩᠭᠤᠯ ᠳᠤ ᠪᠤᠯᠤᠬᠰᠠᠨ ᠬᠤᠶᠠᠳᠡᠬᠢ ᠤᠳᠠᠭ᠎ᠠ ᠶᠢᠨ ᠷᠤᠺ ᠤᠨ ᠴᠢᠭᠤᠯᠭᠠᠨ ᠳᠤ ᠬᠠᠮᠳᠤᠯᠢᠭ ᠤᠨ ᠲᠠᠭᠤᠴᠢᠨ ᠪᠦᠮᠪᠦᠷᠴᠢᠨ ᠢᠶᠠᠷ ᠤᠷᠤᠯᠴᠠᠪᠠ᠃     ◇2011 ᠤᠨ ᠳᠤ ᠦᠤᠰᠢᠨ ᠮᠤᠷᠢᠨ ᠬᠤᠭᠤᠷ ᠤᠨ ᠪᠦᠯᠬᠦᠮ ᠲᠠᠢ ᠴᠤᠭ ᠮᠤᠩᠭᠤᠯ ᠤᠯᠤᠰ ᠲᠤ ᠪᠤᠯᠤᠬᠰᠠᠨ ᠲᠡᠯᠡᠬᠡᠢ ᠶᠢᠨ ᠮᠤᠷᠢᠨ ᠬᠤᠭᠤᠷ ᠤᠨ ᠴᠢᠭᠤᠯᠭᠠᠨ ᠳᠤ ᠪᠦᠮᠪᠦᠷᠴᠢᠨ ᠢᠶᠠᠷ ᠤᠷᠤᠯᠴᠠᠪᠠ᠃     ◇2012 ᠤᠨ ᠳᠤ the 3Deyes ᠬᠠᠮᠳᠤᠯᠢᠭ ᠢ ᠪᠠᠶᠢᠭᠤᠯᠵᠦ᠂ ᠰᠢᠨᠵᠢᠶᠠᠩ ᠤᠷᠤᠨ ᠳᠤ ᠪᠤᠯᠤᠬᠰᠠᠨ ᠬᠠᠮᠳᠤᠯᠢᠭ ᠤᠨ ᠴᠢᠭᠤᠯᠭᠠᠨ ᠤ ᠲᠠᠭᠤᠤ ᠬᠦᠭᠵᠢᠮ ᠤᠨ ᠨᠠᠶᠢᠷ ᠲᠤ ᠠᠮᠵᠢᠯᠳᠠ ᠲᠠᠢ ᠤᠷᠤᠯᠴᠠᠪᠠ᠃     ◇2012 ᠤᠨ ᠤ ᠡᠪᠤᠯ ᠬᠦᠬᠡᠬᠤᠳᠠ ᠳᠤ the 3Deyes ᠬᠠᠮᠳᠤᠯᠢᠭ ᠤᠨ ᠪᠡᠶ᠎ᠠ ᠪᠠᠨ ᠲᠠᠭᠠᠭᠠᠬᠰᠠᠨ ᠲᠤᠰᠬᠠᠢ ᠲᠤᠬᠯᠠᠯᠳᠠ ᠳᠤ ᠪᠦᠮᠪᠦᠷᠴᠢᠨ ᠢᠶᠠᠷ ᠤᠷᠤᠯᠴᠠᠪᠠ᠃     ◇2013 ᠤᠨ ᠳᠤ ᠲᠤᠮᠳᠠᠳᠤ ᠤᠯᠤᠰ ᠤᠨ ᠭᠦ᠋ ᠶᠤᠸᠡᠨ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ ᠤᠨ ᠷᠤᠺ ᠬᠠᠮᠳᠤᠯᠢᠭ ᠤᠨ ᠴᠢᠭᠤᠯᠭᠠᠨ ᠳᠤ the 3Deyes ᠬᠠᠮᠳᠤᠯᠢᠭ ᠤᠨ ᠪᠦᠮᠪᠦᠷᠴᠢᠨ ᠢᠶᠠᠷ ᠤᠷᠤᠯᠴᠠᠪᠠ᠃     ◇2014 ᠤᠨ ᠳᠤ ᠦᠤᠰᠢᠨ ᠮᠤᠷᠢᠨ ᠬᠤᠭᠤᠷ ᠤᠨ ᠪᠦᠯᠬᠦᠮ ᠲᠠᠢ ᠬᠠᠮᠳᠤ ᠪᠦᠬᠦ ᠤᠯᠤᠰ ᠤᠨ ᠲᠤᠭᠤᠷᠢᠨ ᠲᠤᠬᠯᠠᠯᠳᠠ ᠪᠠ ᠲᠤᠮᠳᠠᠳᠤ ᠤᠯᠤᠰ ᠤᠨ ᠠᠷᠪᠠᠨ ᠶᠡᠭᠡ ᠰᠤᠷᠭᠠᠭᠤᠯᠢ ᠶᠢᠨ ᠬᠦᠷᠢᠶᠠᠨ ᠳᠠᠬᠢ ᠲᠤᠬᠯᠠᠯᠳᠠ ᠳᠤ ᠪᠦᠮᠪᠦᠷᠴᠢᠨ ᠢᠶᠠᠷ ᠤᠷᠤᠯᠴᠠᠪᠠ᠃     ◇2015 ᠤᠨ ᠠᠴᠠ 2018 ᠤᠨ ᠳᠤ ᠦᠤᠰᠢᠨ ᠤᠯᠠᠭᠠᠨᠮᠦ᠋ᠴᠢᠷ ᠤᠨ ᠦᠪᠡᠷ ᠲᠡᠭᠡᠨ ᠵᠤᠬᠢᠶᠠᠨ ᠪᠠᠶᠢᠭᠤᠯᠤᠬᠰᠠᠨ ᠲᠠᠪᠤᠳᠠᠬᠢ ᠤᠳᠠᠭ᠎ᠠ ᠶᠢᠨ ︽ᠤᠶᠠᠩᠭᠠᠨ ᠦᠤᠰᠢᠨ︾  ᠡᠰᠲᠷᠠᠲ ᠲᠠᠭᠤᠤ ᠬᠦᠭᠵᠢᠮ ᠤᠨ ᠦᠳᠡᠰᠢᠯᠡᠭᠡ ᠳᠤ ᠪᠦᠮᠪᠦᠷᠴᠢᠨ᠂ ᠲᠠᠭᠤᠴᠢᠨ ᠢᠶᠠᠷ ᠤᠷᠤᠯᠴᠠᠵᠡᠢ᠃     ◇2016 ᠤᠨ ᠳᠤ ᠤᠳᠤᠷ ᠬᠠᠮᠳᠤᠯᠢᠭ ᠤᠨ ᠪᠦᠮᠪᠦᠷᠴᠢᠨ ᠢᠶᠠᠷ ᠱᠠᠩᠬᠠᠢ ᠬᠤᠳᠠ ᠳᠤ ᠬᠤᠶᠠᠷ ᠲᠡᠯᠡᠪᠡᠢ ᠲᠤᠰᠬᠠᠢ ᠲᠤᠬᠯᠠᠯᠳᠠ ᠪᠠᠨ ᠠᠮᠵᠢᠯᠳᠠ ᠲᠠᠢ ᠲᠤᠬᠯᠠᠪᠠ᠃     ᠢᠷᠠᠭᠤ ᠠᠯᠳᠠᠷ ᠤᠨ ᠰᠠᠮᠪᠠᠷ᠎ᠠ᠄     ☆2011 ᠤᠨ ᠳᠤ ᠮᠤᠩᠭᠤᠯ ᠤᠯᠤᠰ ᠤᠨ ᠮᠤᠷᠢᠨ ᠬᠤᠭᠤᠷ ᠤᠨ ᠴᠢᠭᠤᠯᠭᠠᠨ ᠳᠤ ᠲᠤᠬᠯᠠᠯᠳᠠ ᠶᠢᠨ ᠲᠡᠷᠢᠬᠦᠨ ᠱᠠᠩᠨᠠᠯ ᠬᠦᠷᠳᠡᠪᠡ᠃     ☆2013 ᠤᠨ ᠳᠤ ᠤᠷᠳᠤᠰ ᠬᠤᠳᠠ ᠶᠢᠨ ᠤᠯᠭᠠᠨᠮᠦ᠋ᠴᠢᠷ ᠤᠨ ᠴᠢᠭᠤᠯᠭᠠᠨ ᠳᠤ ᠦᠨᠳᠦᠰᠦᠳᠡᠨ ᠤ ᠲᠠᠭᠤᠤ ᠬᠦᠭᠵᠢᠮ ᠵᠦᠴᠦᠬᠡ ︽ᠦᠤᠰᠢᠨ ᠲᠠᠭᠤᠯᠠᠯ︾ ᠳᠤ ᠤᠷᠤᠯᠴᠠᠭᠠᠳ ᠠᠯᠳᠠᠨ ᠱᠠᠩᠨᠠᠯ ᠬᠦᠷᠳᠡᠵᠦ᠂ ᠲᠡᠬᠦᠨ ᠤ ᠤᠷᠤᠯᠴᠠᠨ ᠲᠤᠬᠯᠠᠬᠰᠠᠨ ᠨᠠᠶᠢᠷᠠᠯ ᠲᠠᠭᠤᠤ ︽ᠲᠤᠭᠤᠢ ᠮᠠᠯᠠᠭᠠᠢ︾ ᠪᠤᠯᠤᠨ ᠨᠠᠶᠢᠷᠠᠯ ᠬᠦᠭᠵᠢᠮ ︽ᠠᠬᠰᠤᠮ ᠬᠡᠬᠡᠷ ᠤᠨ ᠲᠠᠪᠬᠢᠭ᠎ᠠ︾ ᠨᠢ ᠰᠢᠯᠢᠳᠡᠭ ᠲᠤᠬᠯᠠᠯᠳᠠ ᠶᠢᠨ ᠱᠠᠩᠨᠠᠯ ᠬᠦᠷᠳᠡᠪᠡ᠃     ☆2013 ᠤᠨ ᠳᠤ ᠤᠯᠭᠠᠨᠮᠦ᠋ᠴᠢᠷ ᠤᠨ ᠰᠢᠯᠢᠳᠡᠭ ᠠᠵᠢᠯᠳᠠᠨ ᠢᠶᠠᠷ ᠰᠤᠩᠭᠤᠬᠳᠠᠪᠠ᠃     ☆2014 ᠤᠨ ᠳᠤ ᠤᠯᠭᠠᠨᠮᠦ᠋ᠴᠢᠷ ᠤᠨ ᠲᠡᠷᠢᠬᠦᠨ ᠤ ᠠᠵᠢᠯᠳᠠᠨ ᠢᠶᠠᠷ ᠰᠤᠩᠭᠤᠬᠳᠠᠪᠠ᠃     ☆2015 ᠤᠨ ᠳᠤ ᠤᠯᠠᠭᠠᠨᠮᠦ᠋ᠴᠢᠷ ᠤᠨ ᠲᠡᠷᠢᠬᠦᠨ ᠤ ᠠᠵᠢᠯᠳᠠᠨ ᠪᠠ ᠵᠤᠬᠢᠶᠠᠨ ᠪᠦᠳᠦᠬᠡᠬᠦ ᠬᠤᠪᠢ ᠬᠦᠮᠥᠨ ᠤ ᠱᠠᠩᠨᠠᠯ ᠬᠦᠷᠳᠡᠪᠡ᠃     ☆2016 ᠤᠨ ᠳᠤ ᠬᠤᠶᠠᠳᠠᠬᠢ ᠤᠳᠠᠭ᠎ᠠ ᠶᠢᠨ ᠤᠷᠳᠤᠰ ᠬᠤᠳᠠ ᠶᠢᠨ ᠲᠤᠰᠬᠠᠢ ᠮᠡᠷᠬᠡᠵᠢᠯ ᠤᠨ ᠤᠷᠠᠯᠢᠭ ᠤᠨ ᠪᠦᠯᠬᠦᠮ ᠤᠨ ᠤᠯᠠᠭᠠᠨᠮᠦ᠋ᠴᠢᠷ ᠤᠨ ᠴᠢᠭᠤᠯᠭᠠᠨ ᠳᠤ ᠤᠷᠤᠯᠴᠠᠭᠠᠳ᠂ ︽ᠵᠢᠪᠬᠤᠭᠠᠳᠤ ᠦᠤᠰᠢᠨ︾ ᠲᠤᠰᠬᠠᠢ ᠲᠤᠬᠯᠠᠯᠳᠠ ᠶᠢᠨ ᠠᠯᠳᠠᠨ ᠮᠧᠳᠠᠯ ᠢ ᠬᠦᠷᠳᠡᠪᠡ᠃     ☆2017 ᠤᠨ ᠳᠤ ᠦᠤᠰᠢᠨ ᠤᠯᠠᠭᠠᠨᠮᠦ᠋ᠴᠢᠷ ᠤᠨ ᠰᠢᠯᠢᠳᠡᠭ ᠠᠵᠢᠯᠳᠠᠨ ᠢᠶᠠᠷ ᠦᠨᠡᠯᠡᠭᠳᠡᠵᠦ ᠤᠨᠴᠠᠭᠠᠢᠢᠯᠠᠨ ᠬᠦᠬᠢᠬᠦᠯᠦᠭᠳᠡᠪᠡ᠃     ☆2017 ᠤᠨ ᠳᠤ ᠴᠢᠩᠬᠢᠰ ᠬᠠᠭᠠᠨ ᠤ ᠱᠦᠷᠬᠡ ᠶᠢᠨ ᠲᠠᠶᠢᠯᠭ᠎ᠠ ᠵᠢᠴᠢ ᠬᠤᠶᠠᠳᠤᠭᠠᠷ ᠬᠤᠭᠤᠴᠠᠭᠠᠨ ᠤ ︽ᠲᠡᠭᠷᠢᠯᠢᠭ ᠡᠬᠡᠰᠢᠭ︾ ᠨᠠᠷᠠᠮᠵᠢᠳᠤ ᠭᠤᠴᠤᠯᠠᠯ᠂ ᠬᠤᠤᠰᠯᠠᠯ᠂ ᠭᠤᠷᠪᠠᠯᠠᠯ᠂ ᠲᠦᠷᠪᠡᠯᠡᠯ ᠲᠠᠭᠤᠤ ᠶᠢᠨ ᠬᠤᠶᠠᠳᠤᠭᠠᠷ ᠲᠡᠰ ᠤᠨ ᠱᠠᠩᠨᠠᠯ ᠢ ᠬᠦᠷᠳᠡᠪᠡ᠃     ☆2018 ᠤᠨ ᠤ 1 ᠰᠠᠷ᠎ᠠ ᠳᠤ ᠭᠧᠷᠮᠠᠨ ᠤᠯᠤᠰ ᠤᠨ ᠪᠠᠶᠠᠷ ᠬᠦᠷ ᠲᠠᠢ ᠴᠠᠭᠠᠨ ᠰᠠᠷ᠎ᠠ ᠪᠠᠨ ᠤᠬᠳᠤᠬᠤ ᠠᠵᠢᠯᠯᠠᠭ᠎ᠠ ᠪᠤᠯᠤᠨ ᠬᠤᠶᠠᠷ ᠤᠯᠤᠰ ᠤᠨ ᠰᠤᠶᠤᠯ ᠤᠨ ᠰᠤᠯᠢᠯᠴᠠᠭᠠᠨ ᠳᠤ ᠤᠷᠤᠯᠴᠠᠵᠦ ᠲᠤᠬᠠᠢ ᠶᠢᠨ ᠭᠠᠵᠠᠷ ᠤᠨ ᠬᠠᠯᠠᠭᠤᠨ ᠬᠦᠷᠢᠶᠡᠯᠡᠯ ᠢ ᠤᠯᠪᠠ᠃     ☆2018 ᠤᠨ ᠳᠤ ᠨᠠᠨᠵᠢᠩ ᠤᠨ ᠰᠡᠬᠡᠬᠡᠳᠠᠨ ᠵᠠᠯᠠᠭᠤᠴᠤᠳ ᠤᠨ ᠦᠪᠦᠷ ᠮᠤᠩᠭᠤᠯ ᠳᠤ ᠢᠷᠡᠭᠰᠡᠨ ᠲᠠᠪᠢᠨ ᠵᠢᠯ ᠤᠨ ᠤᠢ ᠶᠢ ᠪᠡᠯᠬᠡᠯᠡᠬᠦ ᠲᠤᠬᠯᠠᠯᠳᠠ ᠶᠢᠨ ᠭᠤᠤᠯ ᠲᠠᠭᠤᠤ ︽ᠲᠠᠯ᠎ᠠ ᠨᠤᠳᠤᠭ ᠲᠠᠨ ᠢ ᠪᠠᠨ ᠮᠠᠷᠳᠠᠬᠤ ᠦᠬᠡᠢ︾ ᠬᠡᠬᠦ ᠲᠠᠭᠤᠤ ᠶᠢᠨ ᠬᠦᠭᠵᠢᠮ ᠤᠨ ᠨᠠᠶᠢᠷᠠᠭᠤᠯᠭ᠎ᠠ ᠶᠢ ᠬᠢᠵᠦ ᠦᠨᠳᠦᠷ ᠦᠨᠡᠯᠡᠯᠳᠠ ᠶᠢ ᠬᠦᠷᠳᠡᠪᠡ᠃     ☆2019 ᠤᠨ ᠳᠤ ᠤᠯᠠᠭᠠᠨᠮᠦ᠋ᠴᠢᠷ ᠤᠨ ᠵᠤᠬᠢᠶᠠᠨ ᠪᠦᠳᠦᠬᠡᠬᠦ ᠬᠤᠪᠢ ᠬᠦᠮᠦᠨ ᠤ ᠱᠠᠩᠨᠠᠯ ᠢ ᠤᠯᠪᠠ᠃ᠡᠳᠦᠬᠡ ᠦᠤᠰᠢᠨ ᠬᠤᠰᠢᠭᠤᠨ ᠤ ᠤᠯᠠᠭᠠᠨᠮᠦ᠋ᠴᠢᠷ ᠤᠨ ᠲᠡᠳ᠋ ᠲᠠᠷᠤᠭ᠎ᠠ᠂ ᠪᠦᠮᠪᠦᠷᠴᠢᠨ᠂ ᠲᠠᠭᠤᠴᠢᠨ᠂ ᠲᠠᠭᠤᠤ ᠬᠦᠭᠵᠢᠮ ᠨᠠᠶᠢᠷᠠᠭᠤᠯᠤᠨ ᠰᠢᠩᠬᠡᠬᠡᠵᠦ ᠦᠢᠯᠡᠳᠬᠦ ᠵᠡᠷᠬᠡ ᠠᠵᠢᠯ ᠢ ᠬᠢᠵᠦ᠂ ᠡᠨᠡ ᠰᠠᠶᠢᠬᠠᠨ ᠦᠢᠯᠡᠰ ᠲᠡᠭᠡᠷ᠎ᠠ ᠪᠠᠨ ᠨᠠᠩ ᠢᠯᠡᠬᠦᠦ ᠪᠦᠳᠦᠬᠡᠯ ᠢ ᠡᠬᠦᠳᠬᠦ ᠪᠠᠷ ᠴᠢᠷᠮᠠᠶᠢᠨ ᠠᠵᠢᠯᠯᠠᠵᠦ ᠪᠠᠶᠢᠨ᠎ᠠ᠃                            
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号