ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠢᠨᠠᠨ ᠪᠠᠶᠢᠴᠠᠭᠠᠬᠤ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/4
     10 ᠰᠠᠷ᠎ᠠ ᠶᠢᠨ 30 ᠤ ᠡᠳᠦᠷ᠂ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠢᠨᠠᠨ ᠪᠠᠶᠢᠴᠠᠭᠠᠬᠤ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠠᠴᠡᠩᠭᠡᠯ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ‌‍ᠦᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ
     ᠬᠤᠷᠠᠯ ᠳᠡᠭᠡᠷ᠎ᠡ᠂ ᠪᠦᠬᠦ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠢᠨᠠᠨ ᠪᠠᠶᠢᠴᠠᠭᠠᠬᠤ ᠡᠯ᠎ᠡ ᠲᠥᠷᠤᠯ ᠤᠨ ᠪᠠᠶᠢᠴᠠᠭᠠᠯᠲᠠ ᠶᠢ ᠤᠭᠲᠤᠬᠤ ᠠᠵᠢᠯ ᠳᠤ ᠳᠠᠬᠢᠨ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠢᠨᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠥᠢᠴᠡᠳ ᠲᠠᠨᠢᠵᠤ ᠬᠠᠤᠯᠢ ᠪᠠᠷ ᠵᠠᠰᠠᠬᠤ ᠵᠠᠰᠠᠭ  ᠤᠨ ᠣᠷᠳᠣᠨ ᠢ ᠪᠠᠶᠢᠭᠤᠯᠬᠤ ᠡᠭᠦᠷᠭᠡ ᠲᠤᠰᠢᠶᠠᠯᠳᠤ ᠰᠡᠳᠬᠢᠯᠭᠡ᠂ ᠲᠤᠯᠭᠠᠮ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠤᠨ ᠲᠤᠰ ᠤᠳᠠᠭᠠᠨ ᠤ ᠬᠢᠨᠠᠨ ᠪᠠᠶᠢᠴᠠᠭᠠᠯᠲᠠ ᠶᠢ ᠤᠭᠲᠤᠬᠤ ᠶᠢ ᠬᠠᠤᠯᠢ ᠪᠠᠷ ᠬᠤᠰᠢᠭᠤ  ᠪᠠᠨ ᠵᠠᠰᠠᠬᠤ ᠡᠯ᠎ᠡ ᠲᠥᠷᠤᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠤᠨ ᠠᠵᠠ ᠲᠣᠬᠢᠶᠠᠯ ᠪᠤᠯᠭᠠᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠥᠭᠦ ᠲᠠᠯ᠎ᠠ ᠪᠠᠷ ᠡᠮᠬᠢᠯᠡᠨ ᠳ᠋ᠦᠩᠨᠡᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠰᠢᠨ᠎ᠠ ᠳᠡᠭᠲᠡᠷ ᠲᠤ ᠭᠠᠷᠬᠤ ᠶᠢ ᠠᠬᠢᠭᠤᠯᠬᠤ ᠭᠡᠷᠡᠭᠳᠠᠢ ᠭᠡᠵᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠭᠢᠨᠠᠨ ᠪᠠᠶᠢᠴᠠᠭᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠶᠤᠮ᠂ ᠠᠵᠢᠯ ᠤᠨ ᠲᠥᠰᠦᠯ ᠢᠶᠠᠨ ᠨᠠᠷᠢᠨ ᠲᠤᠭᠳᠠᠭᠠᠨ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ ᠲᠤᠰᠬᠠᠶ ᠬᠥᠮᠦᠨ ᠬᠠᠷᠢᠭᠤᠴᠠᠨ ᠠᠵᠢᠯ ᠤᠨ ᠲᠤᠰᠬᠠᠶ ᠠᠩᠭᠢ ᠪᠠᠶᠢᠭᠤᠯᠵᠤ ᠪᠠᠷᠢᠮᠵᠢᠶ᠎ᠠ ᠱᠠᠭᠠᠷᠳᠠᠯᠭ᠎ᠠ ᠶᠤᠰᠤᠭᠠᠷ ᠲᠤᠳᠠᠭᠳᠠᠯ ᠲᠠᠢ ᠲᠠᠯ᠎ᠠ ᠪᠠᠨ ᠨᠥᠭᠦᠪᠤᠷᠢᠯᠠᠭᠦ ᠭᠡᠷᠡᠭᠳᠠᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠢᠨᠠᠨ ᠪᠠᠶᠢᠴᠠᠭᠠᠯᠳᠠ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠭᠢᠨᠠᠨ ᠪᠠᠶᠢᠴᠠᠭᠠᠯᠳᠠ ᠶᠢ ᠤᠭᠲᠤᠬᠤ ᠡᠯ᠎ᠡ ᠲᠥᠷᠤᠯ ᠤᠨ ᠠᠵᠢᠯ ᠢ ᠰᠠᠶᠢᠲᠤᠷ ᠭᠢᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号