ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠬᠦᠨᠵᠡᠬᠡᠶᠢᠷᠡᠵᠣ ᠳᠡᠩᠰᠡᠯᠡᠨ ᠮᠡᠳᠡᠭᠦᠯᠬᠦ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020/11/4
     11 ᠰᠠᠷ᠎ᠠ ᠶᠢᠨ 1 ᠤ ᠡᠳᠦᠷ᠂ ᠭᠠᠯᠠᠭᠤᠲᠤ ᠪᠠᠯᠭᠠᠰᠤᠨ ᠤ ᠵᠠᠰᠠᠭ ᠤᠨ ᠣᠷᠳᠣᠨ ᠤ ᠺᠠᠳ᠋ᠷ ᠠᠵᠢᠯᠲᠠᠨ ᠪᠠ ᠨᠡᠶᠢᠭᠡᠮ ᠠᠴᠠ ᠤᠷᠢᠭᠰᠠᠨ 231 ᠨᠡᠶᠢᠲᠡᠮ ᠪᠠᠶᠢᠴᠠᠭᠠᠭᠴᠢ᠂ 77 ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ  ᠪᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ 18 ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ 357 ᠨᠡᠶᠢᠳᠡᠮ ᠪᠠᠶᠢᠴᠠᠭᠠᠯᠲᠠ ᠶᠢᠨ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠤ ᠡᠭᠢᠯᠠᠪᠠ᠃
     ᠲᠤᠰ ᠤᠳᠠᠭᠠᠨ ᠤ ᠭᠠᠯᠠᠭᠤᠲᠤ ᠪᠠᠯᠭᠠᠰᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠠᠵᠢᠯ ᠢ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ ᠬᠤᠪᠢᠶᠠᠷᠢᠯᠠᠬᠤ ᠶᠢᠨ ᠬᠠᠮᠲᠤ ᠨᠡᠶᠢᠭᠡᠮ ᠲᠣᠭᠤᠷᠢᠭ ᠤᠨ ᠬᠠᠷᠢᠭᠤᠴᠠᠵᠤ ᠪᠠᠶᠢᠭ᠎ᠠ ᠬᠠᠷᠢᠶ᠎ᠠ ᠣᠷᠣᠨ ᠶᠣᠰᠣᠭᠠᠷ ᠨᠡᠶᠢᠳᠡᠮ ᠪᠠᠶᠢᠴᠠᠭᠠᠬᠤ ᠠᠵᠢᠯᠲᠠᠨ ᠲᠣᠬᠢᠷᠠᠭᠤᠯᠤᠭᠰᠠᠨ ᠪᠠᠶᠢᠨ᠎ᠠ᠃ ᠥᠩᠭᠡᠷᠡᠭᠰᠡᠨ ᠲᠠᠢ ᠠᠳᠠᠯᠢ ᠦᠭᠡᠢ ᠨᠢ ᠭᠡᠪᠡᠯ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠤᠨ ᠪᠦᠬᠦ ᠶᠠᠪᠤᠴᠠ ᠳᠤ ᠡᠯᠧᠺᠲᠷᠣᠨᠴᠢᠯᠠᠭᠰᠠᠨ ᠴᠤᠭᠯᠠᠭᠤᠯᠬᠤ ᠬᠡᠯᠪᠡᠷᠢ ᠶᠢ ᠬᠡᠷᠡᠭᠯᠡᠵᠦ ᠨᠡᠶᠢᠳᠡᠮ ᠪᠠᠶᠢᠴᠠᠭᠠᠭᠴᠢ ᠣᠶᠤᠨᠯᠢᠭ ᠭᠠᠷ ᠤᠲᠠᠰᠤ ᠶᠢ ᠠᠰᠢᠭᠯᠠᠵᠤ ᠡᠷᠦᠬᠡ ᠳᠤ ᠬᠦᠨᠵᠡᠭᠡᠶᠢᠷᠡᠨ ᠮᠡᠳᠡᠭᠡ ᠵᠠᠩᠭᠢ ᠶᠢ ᠡᠯᠧᠺᠲᠷᠣᠨ ᠲᠥᠬᠦᠭᠡᠷᠦᠮᠵᠢ ᠳᠤ ᠰᠢᠩᠭᠡᠭᠡᠨ ᠲᠠᠩᠰᠠᠯᠠᠭᠰᠠᠨ ᠤ ᠳᠠᠷᠠᠭ᠎ᠠ ᠰᠠᠭᠤᠭᠠᠯᠢ ᠠᠷᠠᠳ ᠭᠠᠷ ᠤᠨ ᠦᠰᠦᠭ ᠵᠢᠷᠤᠵᠤ ᠨᠤᠲᠠᠯᠠᠨ ᠬᠠᠮᠤᠭ ᠡᠴᠦᠰ ᠲᠤ ᠡᠳᠡᠭᠡᠷ ᠮᠡᠳᠡᠭᠡ ᠵᠠᠩᠭᠢ ᠶᠢ ᠨᠢᠭᠤᠴᠠ ᠮᠡᠳᠡᠭᠡ ᠵᠠᠩᠭᠢ ᠪᠣᠯᠭᠠᠨ ᠰᠢᠢᠳᠪᠦᠷᠢᠯᠡᠭᠡᠳ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠲᠥᠪ ᠲᠤ ᠴᠠᠭ ᠲᠤᠬᠠᠶ ᠳᠤᠨᠢ ᠳᠠᠮᠵᠢᠭᠤᠯᠬᠤ ᠪᠣᠯᠣᠨ᠎ᠠ᠃ ᠲᠤᠰ ᠤᠳᠠᠭᠠᠨ ᠤ ᠪᠠᠶᠢᠴᠠᠭᠠᠯᠳᠠ ᠳᠤ ᠰᠠᠭᠤᠭᠠᠯᠢ ᠠᠷᠠᠳ ᠤᠨ ᠣᠪᠣᠭ ᠨᠡᠷ᠎ᠡ᠂ ᠨᠠᠰᠤ ᠵᠢᠯ᠂ ᠰᠤᠷᠭᠠᠨ ᠬᠥᠮᠦᠵᠢᠯ ᠤᠨ ᠭᠢᠷᠢ ᠬᠡᠮᠵᠢᠶ᠎ᠡ ᠵᠡᠷᠭᠡ ᠦᠨᠳᠦᠰᠦᠨ ᠮᠡᠳᠡᠭᠡ ᠵᠠᠩᠭᠢ ᠶᠢ ᠲᠠᠭᠯᠠᠬᠤ ᠠᠴᠠ ᠭᠠᠳᠠᠨ᠎ᠠ ᠪᠠᠰᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠣᠷᠣᠨ ᠰᠠᠭᠤᠴᠠ ᠶᠢᠨ ᠲᠠᠯᠠᠪᠠᠶ ᠵᠡᠷᠭᠡ ᠮᠡᠳᠡᠭᠡ ᠵᠠᠩᠭᠢ ᠶᠢ ᠨᠡᠮᠡᠵᠦ ᠲᠠᠭᠯᠠᠨ ᠠᠭᠤᠯᠭ᠎ᠠ ᠶᠢ ᠤᠤᠯ ᠠᠴᠠ ᠪᠠᠨ ᠨᠠᠩ ᠨᠠᠷᠢᠨ ᠣᠨᠣᠪᠴᠢᠲᠠᠶ ᠪᠤᠯᠭᠠᠭᠰᠠᠨ ᠪᠠᠶᠢᠨ᠎ᠠ᠃
     ᠭᠠᠯᠠᠭᠤᠲᠤ ᠪᠠᠯᠭᠠᠰᠤᠨ ᠤ ᠲᠤᠭ᠎ᠠ ᠪᠦᠷᠢᠳᠬᠡᠯ ᠤᠨ ᠥᠷᠲᠡᠭᠡᠨ ᠤ ᠳᠠᠷᠤᠭ᠎ᠠ ᠵᠠᠩ ᠷᠦᠶ᠄ ︽ᠪᠠᠯᠭᠠᠰᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠲᠤᠰ ᠤᠳᠠᠭᠠᠨ ᠤ ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠳᠤ ᠵᠣᠷᠢᠭᠤᠯᠤᠨ ᠪᠦᠬᠦ ᠪᠠᠯᠭᠠᠰᠤᠨ ᠤ 308 ᠨᠡᠷ᠎ᠡ ᠨᠡᠶᠢᠳᠡᠮ ᠪᠠᠶᠢᠴᠠᠭᠠᠭᠴᠢ ᠳᠤ ᠲᠥᠪᠯᠡᠷᠡᠭᠦᠯᠦᠭᠰᠡᠨ ᠪᠣᠯᠪᠠᠰᠤᠷᠠᠯ ᠬᠢᠵᠦ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠢᠨ ᠪᠥᠯᠥᠭ ᠪᠥᠯᠥᠭ ᠢᠶᠠᠷ ᠨᠡᠶᠢᠲᠡ ᠭᠤᠴᠢ ᠭᠠᠷᠤᠶ ᠤᠳᠠᠭᠠᠨ ᠤ ᠪᠣᠯᠪᠠᠰᠤᠷᠠᠯ ᠬᠢᠭᠰᠡᠨ ᠪᠠᠶᠢᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠦᠬᠦ ᠶᠠᠪᠤᠴᠠ ᠳᠤ ᠭᠠᠷ ᠤᠲᠠᠰᠤ ᠶᠢ ᠠᠰᠢᠭᠯᠠᠬᠤ ᠪᠣᠯᠬᠤᠷ ᠥᠷᠭᠡᠨ ᠣᠯᠠᠨ ᠰᠠᠭᠤᠭᠠᠯᠢ ᠠᠷᠠᠳ ᠰᠠᠨᠠᠭ᠎ᠠ ᠠᠮᠤᠷ  ᠪᠠᠶᠢᠭᠠᠷᠠᠢ︕ ᠲᠠ ᠨᠠᠷ ᠤᠨ ᠬᠤᠪᠢ ᠬᠥᠮᠦᠨ ᠤ ᠮᠡᠳᠡᠭᠡ ᠵᠠᠩᠭᠢ ᠶᠢ ᠰᠢᠰᠲ᠋ᠧᠮ ᠲᠠᠢ ᠪᠠᠷ ᠬᠠᠮᠠᠭᠠᠯᠠᠬᠤ ᠪᠣᠯᠣᠨ᠎ᠠ︾ ᠬᠡᠵᠤ ᠪᠠᠶᠢᠪᠠ᠃
     ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ ᠥᠷᠨᠢᠭᠦᠯᠦᠭᠰᠡᠨ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠪᠠᠶᠢᠴᠠᠭᠠᠯᠲᠠ ᠪᠠᠶᠢᠵᠤ ᠮᠥᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠡᠨᠡ ᠬᠦ ᠵᠠᠩᠭᠢᠯᠠᠭ᠎ᠠ ᠶᠢᠨ ᠭᠤᠭᠴᠤᠭ᠎ᠠ ᠳᠠᠬᠢ ᠨᠢᠭᠡ ᠤᠳᠠᠭᠠᠨ ᠤ ᠨᠡᠶᠢᠲᠡᠮ ᠪᠠᠶᠢᠴᠠᠭᠠᠯᠲᠠ ᠪᠣᠯᠣᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠪᠥᠬᠦ ᠠᠷᠠᠳ ᠲᠥᠮᠡᠨ ᠳᠤ ᠠᠰᠢᠭ ᠭᠥᠷᠳᠡᠭᠡᠵᠤ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠥᠮᠦᠨ ᠠᠮᠠ ᠶᠢᠨ ᠬᠡᠪ ᠴᠢᠨᠠᠷ᠂ ᠬᠥᠮᠦᠨ ᠠᠮᠠ ᠶᠢᠨ ᠪᠦᠲᠦᠴᠡ ᠪᠠ ᠬᠥᠮᠦᠨ ᠠᠮᠠ ᠶᠢᠨ ᠲᠠᠷᠬᠠᠯᠲᠠ ᠵᠡᠷᠭᠡ ᠶᠢᠨ ᠣᠨᠣᠪᠴᠢᠲᠠᠶ ᠪᠠᠶᠢᠬᠤ ᠪᠣᠯ ᠰᠢᠨᠵᠢᠯᠡᠬᠦ ᠤᠬᠠᠭᠠᠨᠴᠢ ᠪᠠᠷ ᠤᠯᠤᠰ ᠢᠶᠠᠨ ᠵᠠᠰᠠᠬᠤ ᠪᠠ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠰᠠᠭᠤᠷᠢ᠂ ᠮᠥᠨ ᠴᠦ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠦᠨᠳᠦᠰᠦᠯᠡᠯ ᠪᠠᠶᠢᠵᠤ ᠰᠤᠷᠭᠠᠨ ᠬᠥᠮᠦᠵᠢᠯ ᠪᠣᠯᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠰᠢᠭᠤᠯᠤᠯᠲᠠ᠂ ᠬᠡᠤᠬᠡᠳ ᠪᠣᠯᠤᠨ ᠨᠠᠰᠤᠲᠠᠶᠢᠴᠤᠳ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠬᠤᠳᠠᠯᠳᠤᠭᠠᠨ ᠤ ᠦᠢᠯᠡᠴᠢᠯᠡᠭᠡᠨ ᠤ ᠲᠣᠤᠷ ᠴᠡᠭ ᠤᠨ ᠲᠠᠷᠬᠠᠯᠲᠠ᠂ ᠬᠤᠲᠠ ᠬᠥᠳᠡᠭᠡ ᠶᠢᠨ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠳᠤ ᠦᠨᠳᠦᠰᠦ ᠪᠠᠷᠢᠮᠲᠠ ᠬᠠᠩᠭᠠᠬᠤ ᠪᠣᠯᠤᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号