ᠰᠢ ᠶᠢᠨ ᠫᠢᠩ᠄ ᠲᠠᠷᠢᠶᠠᠴᠢᠨ ᠤ ᠡᠷᠭᠡ ᠠᠰᠢᠬ ᠢ ᠬᠠᠤᠯᠢ ᠶᠤᠰᠤᠭᠠᠷ ᠬᠠᠮᠠᠭᠠᠯᠠᠬᠤ ᠪᠠᠷ ᠵᠤᠷᠢᠯᠳᠠ ᠪᠠ ᠲᠤᠰᠤᠯᠳᠠ ᠪᠤᠯᠭᠠᠬᠤ ᠶᠢ ᠪᠠᠷᠢᠮᠳᠠᠯᠠᠵᠦ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠤᠭᠤᠴᠠᠭ᠎ᠠ ᠲᠠᠭᠤᠰᠤᠭᠰᠠᠨ ᠤ ᠳᠠᠷᠠᠭ᠎ᠠ ᠲᠠᠬᠢᠨ 30 ᠵᠢᠯ ᠤᠷᠳᠤᠳᠬᠠᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠤᠨ ᠬᠦᠳᠡᠭᠡ ᠲᠤᠰᠬᠤᠨ ᠤ ᠦᠨᠳᠦᠰᠦᠨ ᠡᠵᠡᠩᠨᠡᠯᠳᠠ ᠶᠢᠨ ᠲᠦᠷᠢᠮ ᠢ ᠢᠮᠠᠬᠳᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯᠭᠠᠬᠤ ᠭᠡᠷᠡᠭᠲᠡᠢ
ᠨᠡᠶᠢᠲᠡᠯᠡᠭᠰᠡᠨ ᠴᠠᠭ᠄
2020/11/4
   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠰᠢᠨ᠎ᠠ ᠴᠠᠭ ᠦᠶ᠎ᠠ ᠳᠤ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠭᠡᠷᠡᠴᠢᠯᠡᠯᠳᠠ ᠶᠢ ᠠᠬᠢᠭᠤᠯᠬᠤ᠂ ᠬᠦᠳᠡᠭᠡ ᠲᠤᠰᠬᠤᠨ ᠤ ᠳᠠᠭᠠᠭᠠᠴᠢᠯᠠᠬᠰᠠᠨ ᠭᠠᠵᠠᠷ ᠰᠢᠷᠤᠢ ᠶᠢᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠦᠭᠬᠦ ᠳᠡᠭᠡᠨ᠂ ᠬᠦᠳᠡᠭᠡ ᠲᠤᠰᠬᠤᠨ ᠤ ᠳᠠᠭᠠᠭᠠᠴᠢᠯᠠᠬᠰᠠᠨ ᠭᠠᠵᠠᠷ ᠤᠨ ᠡᠷᠭᠡ ᠶᠢ ᠨᠤᠳᠠᠯᠠᠨ ᠲᠤᠬᠳᠠᠭᠠᠵᠦ ᠪᠦᠷᠢᠳᠭᠡᠨ ᠲᠠᠩᠰᠠᠯᠠᠵᠦ ᠦᠨᠡᠮᠯᠡᠯ ᠤᠯᠭᠤᠬᠤ ᠠᠵᠢᠯ ᠢ ᠦᠷᠨᠢᠬᠦᠯᠤᠭᠡᠳ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠳᠠᠬᠢ ᠪᠤᠳᠠᠰ ᠤᠨ ᠡᠷᠭᠡ ᠶᠢᠨ ᠬᠠᠮᠠᠭᠠᠯᠠᠯᠳᠠ ᠶᠢ ᠲᠤᠭᠳᠠᠭᠠᠵᠦ᠂ ᠲᠠᠷᠢᠶᠠᠴᠢᠨ ᠢ ᠤᠷᠳᠤ ᠬᠤᠭᠤᠴᠠᠭ᠎ᠠ ᠪᠠᠷ ᠰᠠᠨᠠᠭ᠎ᠠ ᠠᠮᠤᠷ ᠪᠠᠶᠢᠯᠭᠠᠵᠦ᠂ ᠬᠦᠳᠡᠭᠡ ᠲᠤᠰᠬᠤᠨ ᠤ ᠦᠨᠳᠦᠰᠦᠨ ᠡᠵᠡᠩᠨᠡᠯᠳᠠ ᠶᠢᠨ ᠲᠦᠷᠢᠮ ᠢ ᠪᠠᠬᠢᠵᠢᠬᠦᠯᠦᠨ ᠳᠡᠬᠦᠯᠳᠡᠷᠵᠢᠬᠦᠯᠪᠡ᠃ ᠰᠢᠨ᠎ᠠ ᠴᠠᠭ ᠦᠶ᠎ᠠ ᠳᠤ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠭᠡᠷᠡᠴᠢᠯᠡᠯᠳᠠ ᠶᠢ ᠠᠬᠢᠭᠤᠯᠬᠤ ᠳᠤ᠂ ᠲᠠᠷᠢᠶᠠᠴᠢᠨ ᠤ ᠡᠷᠭᠡ ᠠᠰᠢᠬ ᠢ ᠬᠠᠤᠯᠢ ᠶᠤᠰᠤᠭᠠᠷ ᠬᠠᠮᠠᠭᠠᠯᠠᠬᠤ ᠪᠠᠷ ᠵᠤᠷᠢᠯᠳᠠ ᠪᠠ ᠲᠤᠰᠤᠯᠳᠠ ᠪᠤᠯᠭᠠᠬᠤ ᠶᠢ ᠪᠠᠷᠢᠮᠳᠠᠯᠠᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢ ᠲᠠᠷᠢᠶᠠᠴᠢᠳ ᠬᠠᠮᠳᠤ ᠪᠠᠷ ᠦᠮᠴᠢᠯᠡᠬᠦ ᠲᠦᠷᠢᠮ ᠢ ᠭᠤᠶᠢᠪᠢᠰᠢ ᠦᠭᠡᠢ ᠪᠠᠷᠢᠮᠳᠠᠯᠠᠨ᠂ ᠭᠡᠷ ᠪᠦᠯᠢ ᠶᠢᠨ ᠳᠠᠭᠠᠭᠠᠴᠢᠯᠠᠨ ᠡᠵᠡᠩᠨᠡᠬᠦ ᠰᠠᠭᠤᠷᠢ ᠴᠢᠨᠠᠷᠳᠠᠢ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠳᠠᠯᠠᠬᠤ ᠭᠡᠷᠡᠭᠲᠡᠢ᠃ ᠬᠦᠳᠡᠭᠡ ᠲᠤᠰᠬᠤᠨ ᠤ ᠳᠠᠭᠠᠭᠠᠴᠢᠯᠠᠬᠰᠠᠨ ᠭᠠᠵᠠᠷ ᠤᠨ ᠡᠷᠭᠡ ᠶᠢ ᠨᠤᠳᠠᠯᠠᠨ ᠲᠤᠬᠳᠠᠭᠠᠵᠦ ᠪᠦᠷᠢᠳᠭᠡᠨ ᠲᠠᠩᠰᠠᠯᠠᠵᠦ ᠦᠨᠡᠮᠯᠡᠯ ᠤᠯᠭᠤᠬᠰᠠᠨ ᠦᠷ᠎ᠠ ᠪᠦᠳᠦᠭᠡᠯ ᠢ ᠠᠰᠢᠬᠯᠠᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠤᠭᠤᠴᠠᠭ᠎ᠠ ᠲᠠᠭᠤᠰᠤᠭᠰᠠᠨ ᠤ ᠳᠠᠷᠠᠭ᠎ᠠ ᠲᠠᠬᠢᠨ 30 ᠵᠢᠯ ᠤᠷᠳᠤᠳᠬᠠᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠂ ᠬᠦᠳᠡᠭᠡ ᠲᠤᠰᠬᠤᠨ ᠤ ᠭᠠᠵᠠᠷ ᠰᠢᠷᠤᠢ ᠶᠢ ᠳᠠᠭᠠᠭᠠᠴᠢᠯᠠᠬᠤ ᠬᠠᠷᠢᠴᠠᠭ᠎ᠠ ᠲᠤᠭᠳᠠᠭᠤᠨ ᠪᠦᠭᠡᠳ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ ᠪᠠᠶᠢᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠦᠢᠯᠡᠳᠦᠯᠭᠡ ᠶᠢᠨ ᠬᠦᠭᠵᠢᠯᠳᠠ ᠶᠢᠨ ᠱᠠᠭᠠᠷᠳᠠᠯᠭ᠎ᠠ ᠶᠢ ᠦᠨᠳᠤᠰᠤᠯᠡᠵᠤ᠂ ᠬᠠᠮᠳᠤ ᠶᠢᠨ ᠦᠮᠴᠢᠯᠠᠯ ᠤᠨ ᠡᠷᠭᠡ᠂ ᠲᠡᠷᠢᠶᠠᠴᠢᠨ ᠡᠷᠦᠭᠡ ᠶᠢᠨ ᠲᠠᠭᠠᠭᠠᠴᠢᠯᠡᠯᠳᠠ ᠶᠢᠨ ᠡᠷᠭᠡ᠂ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠶᠢᠨ ᠪᠦᠳᠦᠮᠵᠢᠳᠠᠢ ᠪᠠᠶᠠᠯᠡᠯ ᠤᠨ ᠬᠡᠯᠪᠡᠷᠢ ᠶᠢ ᠪᠠᠶᠠᠯᠢᠬᠵᠢᠭᠤᠯᠤᠨ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠬᠢ ᠪᠠᠶᠠᠯᠢᠭ ᠢ ᠰᠢᠯᠢᠳᠡᠭᠵᠢᠬᠦᠯᠤᠨ ᠲᠤᠬᠢᠷᠠᠭᠤᠯᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠦᠳᠡᠭᠡ ᠠᠵᠤ ᠠᠬᠤᠢ ᠶᠢᠨ ᠡᠵᠡᠩᠨᠡᠯᠳᠠ ᠶᠢᠨ ᠭᠤᠤᠯ ᠴᠤᠬᠴᠠ ᠶᠢ ᠢᠳᠡᠪᠬᠢᠳᠠᠢ ᠪᠤᠶᠢᠵᠢᠭᠤᠯᠤᠨ᠂ ᠬᠦᠳᠡᠭᠡ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠶᠢ ᠬᠦᠭᠵᠢᠬᠦᠯᠤᠨ ᠪᠤᠵᠠᠭᠠᠢᠢᠷᠠᠭᠤᠯᠵᠤ᠂ ᠦᠷᠭᠡᠨ ᠤᠯᠠᠨ ᠵᠢᠵᠢᠭ ᠲᠠᠷᠢᠶᠠᠴᠢᠨ ᠡᠷᠦᠭᠡ ᠶᠢᠨ ᠤᠳᠤ ᠦᠶ᠎ᠡ ᠶᠢᠨ ᠬᠦᠳᠡᠭᠡ ᠠᠵᠤ ᠠᠬᠤᠢ ᠯᠤᠭ᠎ᠠ ᠤᠶᠠᠯᠳᠤᠬᠰᠡᠨ ᠬᠦᠭᠵᠢᠯᠳᠠ ᠶᠢᠨ ᠵᠠᠮ ᠢᠶᠠᠷ ᠵᠠᠮᠨᠠᠬᠤ ᠶᠢ ᠵᠤᠷᠢᠬᠵᠢᠭᠤᠯᠤᠨ ᠲᠠᠮᠵᠢᠵᠤ᠂ ᠬᠦᠳᠡᠭᠡ ᠲᠤᠰᠬᠤᠨ ᠤ ᠦᠨᠳᠤᠰᠤᠨ ᠡᠵᠡᠩᠨᠡᠯᠳᠠ ᠶᠢᠨ ᠲᠦᠷᠢᠮ ᠢ ᠢᠮᠠᠬᠳᠠ ᠠᠮᠢᠵᠢᠷᠠᠯ ᠤᠨ ᠬᠦᠴᠤᠨ ᠢᠶᠠᠷ ᠪᠢᠯᠬᠠᠮ᠎ᠠ ᠪᠠᠶᠢᠯᠭᠠᠵᠦ᠂ ᠬᠦᠳᠡᠭᠡ ᠲᠤᠰᠬᠤᠨ ᠤ ᠪᠦᠬᠦ ᠲᠠᠯ᠎ᠡ ᠪᠠᠷ ᠬᠦᠭᠵᠢᠨ ᠮᠠᠨᠳᠤᠬᠤ ᠶᠢ ᠲᠠᠰᠤᠷᠠᠯᠳᠠ ᠦᠭᠡᠢ ᠠᠬᠢᠭᠤᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠪᠠᠶᠠᠯᠡᠬᠦᠯᠬᠦ ᠳᠤ ᠠᠰᠢᠬᠳᠠᠢ ᠨᠦᠬᠦᠴᠡᠯ ᠢ ᠪᠦᠷᠢᠯᠳᠦᠭᠦᠯᠵᠦ ᠦᠭᠬᠦ ᠭᠡᠷᠡᠭᠳᠠᠢ ᠭᠡᠵᠤ ᠵᠢᠭᠠᠵᠤ ᠭᠠᠷᠭᠠᠪᠠ᠃    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠬᠦ ᠳᠡᠭᠡᠨ᠂ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠬᠳᠠᠭᠠᠵᠦ ᠪᠦᠷᠢᠳᠭᠡᠨ ᠲᠠᠩᠰᠠᠯᠠᠵᠦ ᠦᠨᠡᠮᠯᠡᠯ ᠤᠯᠭᠤᠬᠤ ᠪᠤᠯ ᠬᠦᠳᠡᠭᠡ ᠲᠤᠰᠬᠤᠨ ᠤ ᠦᠨᠳᠤᠰᠤᠨ ᠡᠵᠡᠩᠨᠡᠯᠳᠠ ᠶᠢᠨ ᠡᠷᠭᠡ ᠶᠢ ᠪᠠᠬᠢᠵᠢᠬᠦᠯᠤᠨ ᠲᠡᠬᠦᠯᠳᠡᠷᠵᠢᠬᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠡᠷᠭᠡ ᠶᠢ ᠨᠤᠳᠠᠯᠠᠨ ᠲᠤᠬᠳᠠᠭᠠᠬᠰᠠᠨ ᠦᠷ᠎ᠡ ᠪᠦᠳᠦᠭᠡᠯ ᠢ ᠪᠠᠬᠢᠵᠢᠬᠦᠯᠤᠨ ᠰᠠᠶᠢᠳᠤᠷ ᠭᠡᠷᠡᠭᠯᠡᠵᠤ᠂ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠰᠢᠷᠤᠢ ᠶᠢᠨ ᠦᠮᠴᠢᠯᠡᠯ ᠤᠨ ᠡᠷᠭᠡ᠂ ᠲᠠᠭᠠᠭᠠᠴᠢᠯᠠᠯᠳᠠ ᠶᠢᠨ ᠡᠷᠭᠡ᠂ ᠡᠵᠡᠩᠨᠡᠯᠳᠠ ᠶᠢᠨ ᠡᠷᠭᠡ ᠶᠢ ᠰᠠᠯᠭᠠᠬᠤ ᠲᠦᠷᠢᠮ ᠤᠨ ᠰᠢᠰᠲ᠋ᠧᠮ ᠢ ᠲᠠᠰᠤᠷᠠᠯᠳᠠ ᠦᠭᠡᠢ ᠲᠡᠬᠦᠯᠳᠡᠷᠵᠢᠬᠦᠯᠬᠦ ᠭᠡᠷᠡᠭᠳᠠᠢ᠃ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠲᠠᠭᠤᠰᠤᠬᠰᠠᠨ ᠤ ᠲᠠᠷᠠᠭ᠎ᠠ ᠲᠠᠬᠢᠨ ᠭᠤᠴᠢᠨ ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠭ ᠲᠦᠮᠡᠨ ᠲᠠᠷᠢᠶᠠᠴᠢᠨ ᠤ ᠬᠠᠤᠯᠢ ᠶᠤᠰᠤᠨ ᠤ ᠡᠷᠭᠡ ᠠᠰᠢᠭ ᠢ ᠦᠨᠡᠨ ᠬᠦ ᠰᠠᠶᠢᠳᠤᠷ ᠬᠠᠮᠠᠭᠠᠯᠠᠬᠤ ᠭᠡᠷᠡᠭᠳᠠᠢ᠃ ᠭᠡᠷ ᠪᠦᠯᠢ ᠶᠢᠨ ᠡᠵᠨᠩᠨᠡᠯᠳᠠ ᠶᠢ ᠪᠠᠷᠢᠮᠳᠠᠯᠠᠬᠤ ᠶᠢᠨ ᠰᠠᠭᠤᠷᠢᠨ ᠳᠤ ᠤᠯᠠᠨ ᠵᠦᠢᠯ ᠤᠨ ᠬᠡᠯᠪᠡᠷᠢ ᠶᠢᠨ ᠵᠤᠬᠢᠰᠳᠠᠢ ᠬᠡᠪᠴᠢᠶᠡᠳᠦ ᠡᠵᠡᠩᠨᠡᠯᠳᠠ ᠶᠢ ᠬᠦᠭᠵᠢᠬᠦᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠳᠦᠭᠡᠭᠳᠡᠬᠦᠨ ᠤ ᠬᠠᠨᠭ᠍ᠭᠠᠯᠭ᠎ᠠ ᠶᠢ ᠪᠠᠳᠤᠯᠠᠬᠤ ᠴᠢᠳᠠᠪᠤᠷᠢ ᠪᠠᠨ ᠲᠡᠭᠡᠭᠰᠢᠯᠡᠬᠦᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠪᠠ ᠬᠦᠳᠡᠭᠡ ᠲᠤᠰᠬᠤᠨ ᠢ ᠪᠦᠬᠦ ᠲᠠᠯ᠎ᠡ ᠪᠠᠷ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ᠂ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠳᠤ ᠲᠤᠯᠭᠠᠭᠤᠷᠢᠯᠠᠯ ᠬᠠᠨᠭ᠍ᠭᠠᠬᠤ ᠭᠡᠷᠡᠭᠳᠠᠢ︕ ᠭᠡᠵᠤ ᠵᠢᠭᠠᠵᠤ ᠭᠠᠷᠭᠠᠪᠠ᠃    ᠪᠦᠬᠦ ᠤᠯᠤᠰ ᠤᠨ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠰᠢᠷᠤᠢ ᠶᠢᠨ ᠡᠷᠬᠡ ᠶᠢ ᠨᠤᠳᠠᠯᠠᠨ ᠲᠤᠬᠳᠠᠭᠠᠵᠦ ᠪᠦᠷᠢᠳᠬᠡᠨ ᠲᠠᠩᠰᠠᠯᠠᠵᠦ ᠦᠨᠡᠮᠯᠡᠯ ᠤᠯᠭᠤᠬᠤ ᠠᠵᠢᠯ ᠢ ᠳ᠋ᠦᠩᠨᠠᠬᠦ ᠵᠢᠴᠢ ᠬᠦᠬᠢᠬᠦᠯᠤᠨ ᠰᠠᠶᠢᠰᠢᠶᠠᠬᠤ ᠲᠧᠯᠸᠢᠰ ᠤᠳᠠᠰᠤ ᠬᠤᠷᠠᠯ 2 ᠤᠨ ᠡᠳᠤᠷ ᠪᠡᠬᠡᠵᠢᠩ ᠳᠤ ᠬᠤᠷᠠᠯᠳᠤᠪᠠ᠃ ᠬᠤᠷᠠᠯ ᠲᠡᠭᠡᠷ᠎ᠠ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠯᠢ ᠺᠧ ᠴᠢᠶᠠᠩ ᠤᠨ ᠴᠤᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠲᠡᠳ᠋ ᠶᠠᠷᠤᠩᠬᠡᠢ ᠰᠠᠶᠢᠳ ᠬᠤ᠋ ᠴᠦᠨ ᠬᠤᠸᠠ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠲᠡᠷᠡ᠂ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠰᠢᠷᠤᠢ ᠶᠢᠨ ᠡᠷᠬᠡ ᠶᠢ ᠨᠤᠳᠠᠯᠠᠨ ᠲᠤᠬᠳᠠᠭᠠᠵᠦ ᠪᠦᠷᠢᠳᠬᠡᠨ ᠲᠠᠩᠰᠠᠯᠠᠵᠦ ᠦᠨᠡᠮᠯᠡᠯ ᠤᠯᠭᠤᠬᠤ ᠠᠵᠢᠯ ᠢ ᠦᠷᠨᠢᠬᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠭᠠᠷᠭᠠᠬᠰᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ᠂ ᠬᠦᠳᠡᠭᠡ ᠲᠤᠰᠬᠤᠨ ᠤ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠴᠢᠬᠤᠯᠠ ᠶᠡᠭᠡ ᠡᠬᠦᠷᠬᠡ ᠪᠤᠯᠤᠨ᠎ᠠ᠃ ᠡᠷᠬᠡ ᠶᠢ ᠨᠤᠳᠠᠯᠠᠨ ᠲᠤᠬᠳᠠᠭᠠᠵᠦ ᠪᠦᠷᠢᠳᠬᠡᠨ ᠲᠠᠩᠰᠠᠯᠠᠵᠦ ᠦᠨᠡᠮᠯᠡᠯ ᠤᠯᠭᠤᠬᠤ ᠠᠵᠢᠯ ᠤᠨ ᠦᠷ᠎ᠠ ᠪᠦᠳᠦᠭᠡᠯ ᠢ ᠦᠨᠡᠨ ᠬᠦ ᠪᠠᠬᠢᠵᠢᠬᠦᠯᠤᠨ ᠦᠷᠬᠡᠳᠬᠡᠵᠤ᠂ ᠲᠠᠷᠢᠶᠠᠴᠢᠨ ᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠠᠬᠦ ᠡᠷᠬᠡ ᠶᠢᠨ ᠬᠠᠮᠠᠭᠠᠯᠠᠯᠳᠠ ᠶᠢ ᠲᠠᠰᠤᠷᠠᠯᠳᠠ ᠦᠬᠡᠢ ᠴᠢᠩᠭᠠᠳᠬᠠᠬᠤ ᠭᠡᠷᠡᠭᠳᠠᠢ᠃ ᠬᠤᠶᠠᠳᠤᠭᠠᠷ ᠡᠬᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠳᠠᠭᠤᠰᠴᠦ ᠦᠷᠬᠦᠯᠵᠢᠯᠠᠨ ᠲᠠᠭᠠᠭᠠᠴᠢᠯᠠᠬᠤ ᠲᠤᠷᠰᠢᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠵᠤᠩᠬᠢᠯᠠᠬᠤ ᠤᠯᠠᠨ ᠲᠤᠭᠠᠨ ᠤ ᠲᠠᠷᠢᠶᠠᠴᠢᠨ ᠡᠷᠤᠬᠡ ᠶᠢᠨ ᠤᠤᠯ ᠤᠨ ᠲᠠᠭᠠᠭᠠᠴᠢᠯᠠᠬᠰᠠᠨ ᠭᠠᠵᠠᠷ ᠰᠢᠷᠤᠢ ᠶᠢ ᠲᠤᠭᠳᠠᠭᠤᠨ ᠪᠠᠶᠢᠯᠭᠠᠬᠤ ᠶᠢ ᠪᠠᠳᠤᠯᠠᠬᠤ ᠭᠡᠷᠡᠭᠳᠠᠢ᠃ ᠲᠠᠭᠠᠭᠠᠴᠢᠯᠠᠬᠰᠠᠨ ᠲᠠᠷᠢᠶᠠᠨ ᠭᠠᠵᠠᠷ ᠤᠨ ᠭᠡᠷᠡᠭᠯᠡᠭᠡᠨ ᠤ ᠬᠠᠮᠢᠶᠠᠷᠤᠯᠳᠠ ᠶᠢ ᠴᠢᠩᠭᠠᠳᠬᠠᠵᠤ᠂ ᠲᠠᠷᠢᠶᠠᠯᠠᠩ ᠳᠤ ᠭᠡᠷᠡᠭᠯᠡᠬᠦ ᠶᠢ ᠪᠠᠷᠢᠮᠳᠠᠯᠠᠵᠤ᠂ ᠠᠮᠤ ᠪᠤᠳᠠᠭᠠᠨ ᠤ ᠲᠠᠷᠢᠶᠠᠨ ᠭᠠᠵᠠᠷ ᠢ ᠠᠮᠤ ᠪᠤᠳᠠᠭᠠᠨ ᠤ ᠪᠤᠰᠤ ᠪᠤᠯᠭᠠᠬᠤ ᠶᠢ ᠪᠦᠳᠤᠮᠵᠢᠳᠠᠢ ᠬᠤᠷᠢᠬᠯᠠᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠤᠯᠭᠠᠬᠤ ᠶᠢ ᠴᠢᠩᠭ᠎ᠠ ᠴᠠᠭᠠᠵᠠᠯᠠᠬᠤ ᠭᠡᠷᠡᠭᠳᠠᠢ᠃ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠰᠢᠷᠤᠢ ᠶᠢᠨ ᠡᠳᠤᠷ ᠳᠤᠳᠤᠮ ᠤᠨ ᠬᠠᠮᠢᠶᠠᠷᠤᠯᠳᠠ ᠤᠢᠢᠯᠡᠴᠢᠯᠡᠬᠡᠨ ᠤ ᠲᠤᠭᠳᠠᠴᠠ ᠶᠢ ᠲᠦᠷᠬᠡᠨ ᠪᠠᠶᠢᠭᠤᠯᠤᠨ ᠲᠡᠬᠦᠯᠳᠡᠷᠵᠢᠬᠦᠯᠵᠤ᠂ ᠬᠠᠮᠢᠶᠠᠷᠤᠯᠳᠠ ᠤᠢᠢᠯᠡᠴᠢᠯᠡᠬᠡᠨ ᠤ ᠤᠨᠤᠴᠠᠳᠦ ᠴᠢᠨᠠᠷ ᠪᠤᠯᠤᠨ ᠪᠦᠳᠤᠮᠵᠢᠳᠤ ᠴᠢᠨᠠᠷ ᠢ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃    ᠬᠤᠷᠠᠯ ᠠᠴᠠ ᠪᠦᠬᠦ ᠤᠯᠤᠰ ᠤᠨ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠰᠢᠷᠤᠢ ᠶᠢᠨ ᠡᠷᠬᠡ ᠶᠢ ᠨᠤᠳᠠᠯᠠᠨ ᠲᠤᠬᠳᠠᠭᠠᠵᠦ ᠪᠦᠷᠢᠳᠬᠡᠨ ᠲᠠᠩᠰᠠᠯᠠᠵᠦ ᠦᠨᠡᠮᠯᠡᠯ ᠤᠯᠭᠤᠬᠤ ᠠᠵᠢᠯ ᠤᠨ ᠨᠡᠶᠢᠳᠡᠯᠢᠭ ᠭᠠᠵᠠᠷ ᠤᠷᠤᠨ ᠢ ᠵᠠᠷᠯᠠᠵᠤ ᠬᠦᠬᠢᠬᠦᠯᠤᠨ ᠰᠠᠶᠢᠰᠢᠶᠠᠵᠤ᠂ ᠲᠡᠷᠢᠬᠦᠨ ᠤ ᠬᠠᠮᠳᠤ ᠪᠤᠯᠤᠨ ᠬᠤᠪᠢ ᠬᠦᠮᠤᠨ ᠢ ᠬᠦᠬᠢᠬᠦᠯᠤᠨ ᠰᠠᠶᠢᠰᠢᠶᠠᠵᠤ᠂ ᠬᠤᠶᠠᠳᠤᠭᠠᠷ ᠡᠬᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠳᠠᠭᠤᠰᠴᠦ ᠦᠷᠬᠦᠯᠵᠢᠯᠠᠨ ᠲᠠᠭᠠᠭᠠᠴᠢᠯᠠᠬᠤ ᠲᠤᠷᠰᠢᠯᠳᠠ ᠶᠢᠨ ᠠᠵᠢᠯ ᠵᠡᠷᠬᠡ ᠲᠠᠭᠠᠭᠠᠴᠢᠯᠠᠯᠳᠠ ᠶᠢᠨ ᠭᠠᠵᠠᠷ ᠰᠢᠷᠤᠢ ᠶᠢᠨ ᠬᠠᠮᠢᠶᠠᠷᠤᠯᠳᠠ ᠪᠤᠯᠤᠨ ᠦᠬᠡᠷᠡᠴᠢᠯᠠᠯᠳᠠ ᠶᠢᠨ ᠠᠵᠢᠯ ᠢ ᠪᠠᠶᠢᠷᠢᠯᠠᠭᠤᠯᠪᠠ᠃    ᠨᠠᠮ ᠤᠨ ᠲᠦᠪ ᠬᠤᠷᠢᠶᠠᠨ ᠤ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠬᠡᠰᠡᠭ ᠪᠦᠷᠢᠯᠳᠤᠬᠦᠨ ᠨᠢᠬᠡᠴᠢ᠂ ᠪᠦᠬᠦ ᠤᠯᠤᠰ ᠤᠨ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠡᠵᠡᠩᠨᠠᠯᠳᠠ ᠶᠢᠨ ᠡᠷᠬᠡ ᠶᠢ ᠪᠦᠷᠢᠳᠬᠡᠨ ᠲᠠᠩᠰᠠᠯᠠᠬᠤ ᠲᠤᠷᠰᠢᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ ᠨᠢᠬᠡᠴᠢ ᠶᠢᠨ ᠬᠠᠷᠢᠭᠤᠴᠠᠯᠭᠠᠳᠠᠨ ᠨᠦᠬᠦᠳ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠶᠢᠨ ᠬᠤᠯᠪᠤᠬᠳᠠᠯ ᠪᠦᠬᠦᠢ ᠨᠢᠬᠡᠴᠢ᠂ ᠬᠤᠶᠠᠳᠤᠭᠠᠷ ᠡᠬᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠳᠠᠭᠤᠰᠴᠦ ᠦᠷᠬᠦᠯᠵᠢᠯᠠᠨ ᠲᠠᠭᠠᠭᠠᠴᠢᠯᠠᠬᠤ ᠲᠤᠷᠰᠢᠯᠳᠠ ᠶᠢᠨ ᠰᠢᠶᠠᠨ ᠤ ᠬᠠᠷᠢᠭᠤᠴᠠᠯᠭᠠᠳᠠᠨ ᠨᠦᠬᠦᠳ᠂ ᠬᠦᠬᠢᠬᠦᠯᠦᠭᠳᠡᠨ ᠰᠠᠶᠢᠰᠢᠶᠠᠬᠳᠠᠬᠰᠠᠨ ᠲᠡᠷᠢᠬᠦᠨ ᠤ ᠬᠠᠮᠳᠤ ᠪᠤᠯᠤᠨ ᠬᠤᠪᠢ ᠬᠦᠮᠤᠨ ᠵᠡᠷᠬᠡ ᠲᠤᠰ ᠲᠤᠰ ᠭᠤᠤᠯ ᠬᠤᠷᠠᠯ ᠤᠨ ᠲᠠᠯᠠᠪᠠᠢ ᠪᠤᠯᠤᠨ ᠡᠯ᠎ᠠ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号