ᠨᠢᠭᠡᠳᠦᠬᠡᠷ ᠱᠦᠵᠢ ᠪᠠᠷ ᠠᠵᠢᠯᠯᠠᠵᠤ ᠶᠠᠪᠤᠭ᠎ᠠ ᠨᠢᠭᠡ ᠭᠡᠷ ᠤᠨ ᠬᠤᠶᠠᠭᠤᠯᠠ ᠠᠯᠢᠪᠠ ᠶᠢ ᠤᠮᠠᠷᠳᠠᠨ ᠴᠢᠷᠮᠠᠶᠢᠨ᠎ᠠ
ᠨᠡᠶᠢᠲᠡᠯᠡᠭᠰᠡᠨ ᠴᠠᠭ᠄
2020/11/4
    ᠨᠢᠭᠡᠳᠦᠬᠡᠷ ᠱᠦᠵᠢ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ ᠲᠦᠰᠢᠭᠯᠡᠵᠦ ᠬᠤᠶᠠᠷ ᠵᠦᠪᠯᠡᠯ  ᠤᠨ ᠬᠡᠰᠢᠬᠦᠳ ᠢ ᠲᠠᠶᠢᠴᠢᠯᠠᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ‌‍ᠶᠢ ᠴᠢᠩᠭᠠᠳᠬᠠᠬᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠠᠵᠢᠯ ᠢ ᠠᠬᠢᠭᠤᠯᠬᠤ᠂ ᠤᠯᠠᠨ ᠲᠥᠮᠡᠨ ᠳᠤ ᠦᠢᠯᠡᠴᠢᠯᠡᠬᠦ ᠵᠡᠷᠬᠡ ᠠᠵᠢᠯ ᠢ ᠦᠷᠨᠢᠬᠦᠯᠳᠡᠭ᠃ ᠡᠨᠡᠬᠦ ᠠᠵᠢᠯ ᠨᠢ ᠨᠢᠬᠡᠳᠦᠬᠡᠷ ᠱᠦᠵᠢ ᠨᠠᠷ ᠢ ᠠᠯᠪᠠᠨ ᠪᠠᠶᠢᠭᠤᠯᠭ᠎ᠠ ᠠᠴᠠ ᠨᠢ ᠰᠢᠭᠤᠳ ᠦᠨᠳᠦᠰᠦᠨ ᠱᠠᠳᠤᠨ ᠳᠤ ᠤᠴᠢᠭᠤᠯᠵᠤ ᠤᠷᠳᠤ ᠬᠤᠭᠤᠴᠠᠭ᠎ᠠ ᠠᠵᠢᠯᠯᠠᠭᠤᠯᠳᠠᠭ᠃ ᠮᠠᠨ ᠤ ᠬᠤᠰᠢᠭᠤᠨ ᠳᠤ ᠨᠢᠭᠡ ᠭᠡᠷ ᠤᠨ ᠬᠤᠶᠠᠭᠤᠯᠠ ᠪᠠᠨ ᠪᠦᠷ ᠨᠢᠭᠡᠳᠦᠬᠡᠷ ᠱᠦᠵᠢ ᠪᠠᠷ ᠲᠤᠮᠢᠯᠠᠭᠳᠠᠨ ᠠᠵᠢᠯᠯᠠᠵᠤ ᠪᠠᠶᠢᠭ᠎ᠠ ᠴᠤ ᠬᠤᠶᠠᠭᠤᠯᠠ ᠪᠠᠨ ᠠᠵᠢᠯ‌‍ᠢᠶ᠋ᠠᠨ ᠪᠦᠷᠢᠨ ᠪᠠᠳᠤᠯᠠᠭᠰᠠᠨ ᠤᠷᠢᠳᠠᠯ ᠲᠤᠤᠷ᠎ᠠ ᠠᠪᠤ ᠡᠵᠢ᠂ ᠠᠴᠢᠷ ᠬᠡᠥᠬᠡᠳ ᠢᠶᠠᠨ ᠠᠰᠠᠷᠠᠨ ᠲᠤᠳᠤᠮᠳᠠᠬᠤ ᠶᠢ ᠴᠢᠷᠮᠠᠶᠢᠨ ᠪᠡᠶᠡᠯᠡᠭᠦᠯᠵᠦ ᠶᠠᠪᠤᠨ᠎ᠠ᠃     ᠦᠥᠰᠢᠨᠵᠤᠤ ᠪᠠᠯᠭᠠᠰᠤᠨ ᠤ ᠦᠥᠰᠢᠨᠵᠤᠤ ᠭᠠᠴᠠᠭᠠᠨ ᠳᠤ ᠲᠤᠮᠢᠯᠠᠭᠳᠠᠨ ᠰᠠᠭᠤᠭ᠎ᠠ ᠨᠢᠭᠡᠳᠦᠬᠡᠷ ᠱᠦᠵᠢ ᠨᠠᠷᠠᠨ ᠂ ᠤᠷᠴᠢᠮ ᠠᠶᠢᠯ ᠡᠷᠦᠬᠡ ᠤᠳ ᠢᠶᠠᠷ ᠬᠦᠨᠵᠡᠭᠡᠶᠢᠷᠡᠨ ᠡᠨᠡ ᠡᠪᠣᠯ ᠢᠷᠡᠬᠦ ᠬᠠᠪᠤᠷ ᠤᠨ ᠪᠦᠬᠦᠶᠢᠯᠡ ᠪᠡᠯᠡᠳᠬᠡᠯ ᠤᠨ ᠪᠠᠶᠢᠳᠠᠯ ᠢ ᠣᠶᠢᠯᠠᠭᠠᠵᠤ ᠶᠠᠪᠤᠨ᠎ᠠ᠃     ᠭᠠᠴᠠᠭᠠᠨ ᠤ ᠬᠢᠨᠢ ᠤᠯᠠᠨ ᠲᠥᠮᠡᠨ ᠨᠡᠷᠡᠨ ᠤ ᠠᠵᠢᠯ ᠢ ᠢᠳᠡᠬᠡᠵᠦ ᠦᠨᠡᠯᠡᠳᠡᠭ᠃ ᠬᠤᠰᠢᠭᠤᠨ ᠤ ᠦᠬᠡᠷᠡᠴᠢᠯᠡᠯᠲᠡ ᠬᠦᠭᠵᠢᠭᠦᠯᠣᠯᠲᠡ ᠶᠢᠨ ᠲᠣᠪᠴᠢᠶᠠᠨ ᠳᠤ ᠠᠵᠢᠯ ᠠᠯᠪᠠ ᠲᠠᠢ ᠨᠠᠷᠠᠨ ᠡᠨᠡ ᠵᠢᠯ ᠤᠨ ᠬᠤᠶᠠᠳᠤᠭᠠᠷ ᠰᠠᠷ᠎ᠠ ᠳᠤ ᠦᠥᠰᠢᠨᠵᠤᠤ ᠭᠠᠴᠠᠭᠠᠨ ᠳᠤ ᠨᠢᠭᠡᠳᠦᠬᠡᠷ ᠱᠦᠵᠢ ᠪᠠᠷ ᠲᠣᠮᠢᠯᠠᠭᠳᠠᠨ ᠢᠷᠡᠵᠤ ᠠᠵᠢᠯᠯᠠᠵᠠᠢ᠃ ᠲᠡᠷᠡ ᠭᠠᠴᠠᠭᠠᠨ ᠤ ᠪᠤᠳᠠᠳᠤ ᠪᠠᠶᠢᠳᠠᠯ ᠢ ᠨᠠᠷᠢᠨ ᠤᠶᠢᠯᠠᠭᠠᠭᠰᠠᠨ ᠤ ᠲᠠᠷᠠᠭ᠎ᠠ ᠭᠠᠴᠠᠭᠠᠨ ᠤ ᠨᠠᠮ ᠤᠨ ᠡᠭᠦᠷ᠂ ᠭᠠᠴᠠᠭ᠎ᠠ ᠵᠦᠪᠯᠠᠯ ᠲᠠᠢ ᠬᠠᠮᠳᠤᠷᠠᠵᠤ ᠠᠶᠢᠯ ᠪᠣᠯᠭᠠᠨ ᠤ ᠪᠣᠳᠡᠳᠦ ᠪᠠᠶᠢᠳᠡᠯ ᠲᠠᠢ ᠵᠤᠬᠢᠴᠠᠭᠰᠠᠨ ᠲᠠᠷᠢᠶᠠᠨ ᠭᠠᠵᠠᠷ ᠤᠨ ᠬᠦᠷᠦᠰᠦᠨ ᠤ ᠴᠢᠨᠠᠷ ᠢ ᠰᠠᠶᠢᠵᠢᠷᠠᠭᠤᠯᠬᠤ᠂ ᠶᠠᠳᠠᠭᠤ ᠡᠷᠦᠬᠡ ᠶᠢᠨ ᠬᠠᠪᠤᠷ ᠤᠨ ᠲᠠᠷᠢᠶᠠᠯᠠᠭ᠎ᠠ ᠳᠤ ᠪᠦᠬᠦᠶᠢᠯᠡ ᠣᠶᠢᠯᠡᠴᠢᠯᠡᠭᠡ ᠶᠢ ᠲᠥᠯᠥᠪᠤᠷᠢ ᠦᠭᠡᠢ ᠬᠠᠩᠭᠠᠬᠤ᠂ ᠶᠠᠳᠠᠭᠤ ᠡᠷᠦᠬᠡ ᠪᠤᠯᠭᠠᠨ ᠳᠤ  ᠬᠤᠶᠠᠷ ᠰᠢᠯᠢᠳᠡᠭ ᠨᠠᠮ ᠤᠨ ᠭᠡᠰᠢᠬᠦᠨ᠂ ᠬᠤᠶᠠᠷ ᠵᠢᠱᠢᠶᠠᠴᠢ ᠬᠦᠮᠦᠨ ᠢ ᠳᠣᠬᠢᠷᠠᠭᠤᠯᠵᠣ ᠬᠠᠪᠰᠣᠷᠣᠯᠭ᠎ᠠ ᠬᠢᠬᠦ᠂ ︽ᠨᠠᠮ ᠤᠨ ᠡᠭᠦᠷ᠂ ᠬᠤᠷᠰᠢᠶᠠᠵᠢᠯ᠂ ᠶᠠᠳᠠᠭᠤ ᠡᠷᠦᠬᠡ ᠶᠢᠨ ᠠᠰᠢᠭ ᠲᠤᠰᠠ ᠶᠢᠨ ᠬᠤᠯᠪᠤᠭᠠᠯᠠᠭᠰᠠᠨ ᠲᠤᠭᠲᠠᠯᠴᠠᠭ᠎ᠠ︾ ᠶᠢ ᠤᠯᠠᠮ ᠨᠢᠭᠡ ᠠᠯᠬᠤᠮ ᠬᠦᠨᠵᠡᠬᠡᠶᠢᠷᠡᠬᠦᠯᠬᠦ ᠵᠡᠷᠭᠡ ᠪᠣᠳᠡᠳᠡᠢ ᠠᠷᠭ᠎ᠠ ᠬᠡᠮᠵᠢᠶ᠎ᠠ ᠶᠢ ᠬᠡᠷᠡᠭᠵᠢᠬᠦᠯᠦᠭᠰᠡᠨ ᠢᠶᠠᠷ ᠦᠥᠰᠢᠨᠵᠤᠤ ᠭᠠᠴᠠᠭᠠᠨ ᠤ ᠪᠦᠬᠦᠶᠢᠯᠡ ᠬᠥᠭᠵᠢᠯᠳᠡ ᠦᠷᠬᠦᠯᠵᠢᠯᠡᠨ ᠲᠦᠷᠬᠡᠳᠦᠨ ᠠᠬᠢᠬᠤ ᠳᠤ ᠮᠠᠰᠢ ᠶᠡᠭᠡ ᠤᠶᠢᠯᠡᠳᠣᠯ ᠦᠵᠡᠬᠦᠯᠵᠡᠢ᠃    ᠦᠥᠰᠢᠨᠵᠤᠤ ᠪᠠᠯᠭᠠᠰᠤᠨ ᠤ ᠦᠥᠰᠢᠨᠵᠤᠤ ᠭᠠᠴᠠᠭᠠᠨ ᠤ ᠨᠠᠮ ᠤᠨ ᠡᠭᠦᠷ ᠤᠨ ᠱᠦᠵᠢ ᠶᠦᠩ ᠬᠤᠩ᠄ ︽ᠨᠢᠭᠡᠨ ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠤᠨ ᠬᠡᠰᠢᠬᠦᠨ ᠮᠥᠨ᠃ ᠨᠠᠷᠠᠨ ᠨᠦᠬᠦᠷ ᠶᠠᠮᠠᠷᠪᠠ ᠠᠵᠢᠯ ᠢ ᠬᠢᠬᠦ ᠳᠤ ᠯᠠᠪᠳᠠᠭᠤᠨ ᠲᠤᠭᠳᠠᠭᠤᠨ᠂ ᠪᠤᠳᠠᠳᠠᠢ ᠪᠠᠷ ᠠᠵᠢᠯ ᠢ ᠦᠷᠨᠢᠬᠦᠯᠵᠦ ᠬᠢᠳᠡᠭ᠃ ᠨᠠᠷᠠᠨ ᠨᠥᠬᠦᠷ ᠪᠣᠯ ᠠᠷᠠᠳ ᠲᠦᠮᠡᠨ  ᠳᠡᠭᠡᠨ ᠭᠠᠷ ᠲᠤ ᠪᠠᠷᠢᠭᠳᠠᠮᠠᠷ ᠨᠢᠳᠤᠨ ᠳᠤ ᠦᠵᠡᠭᠳᠡᠮᠡᠷ ᠵᠦᠢᠯ ᠢ ᠬᠢᠭᠰᠡᠨ ᠪᠠᠶᠢᠨ᠎ᠠ︾ ᠭᠡᠪᠡ᠃    ᠦᠥᠰᠢᠨᠵᠤᠤ ᠪᠠᠯᠭᠠᠰᠤᠨ ᠤ ᠦᠥᠰᠢᠨᠵᠤᠤ ᠭᠠᠴᠠᠭᠠᠨ ᠳᠤ ᠲᠤᠮᠢᠯᠠᠭᠳᠠᠨ ᠰᠠᠭᠤᠭ᠎ᠠ ᠨᠢᠭᠡᠳᠦᠬᠡᠷ ᠱᠦᠵᠢ ᠨᠠᠷᠠᠨ᠄ ︽ ᠮᠠᠨ ᠤ ᠦᠷᠬᠡᠨ ᠤᠯᠠᠨ ᠮᠠᠯᠴᠢᠨ ᠲᠥᠮᠡᠨ ᠤ ᠲᠥᠯᠥᠬᠡ ᠨᠡᠩ ᠴᠤ ᠶᠠᠳᠠᠭᠤ ᠬᠦᠴᠢᠷᠳᠡᠯᠳᠡᠢ ᠡᠷᠦᠬᠡ ᠶᠢᠨ ᠢᠶᠠᠨ ᠲᠥᠯᠥᠬᠡ ᠦᠢᠯᠡᠴᠢᠯᠠᠵᠤ ᠶᠠᠪᠤᠭᠰᠠᠨ ᠨᠢ ᠨᠠᠳᠠ ᠳᠤ ᠠᠪᠴᠤ ᠬᠡᠯᠡᠪᠡᠯ ᠢᠷᠠᠭᠤ ᠠᠯᠳᠠᠷ ᠲᠠᠢ ᠠᠵᠢᠯ ᠮᠦᠷᠳᠡᠭᠡᠨ ᠵᠤᠬᠢᠶᠠᠨ ᠪᠠᠶᠢᠭᠤᠯᠤᠯᠳᠠ ᠠᠴᠠ ᠨᠠᠳᠠ ᠶᠢ ᠢᠳᠡᠭᠡᠵᠦ ᠪᠠᠶᠢᠭ᠎ᠠ ᠨᠠᠨᠳᠢᠨ ᠬᠠᠷᠢᠭᠤᠴᠠᠯᠭ᠎ᠠ ᠭᠡᠵᠤ ᠪᠢ ᠪᠤᠳᠤᠵᠤ ᠪᠠᠶᠢᠨ᠎ᠠ ᠂ ᠮᠠᠨ ᠤ ᠶᠠᠳᠠᠭᠤ ᠬᠦᠴᠢᠷᠳᠡᠯᠳᠡᠢ ᠡᠷᠦᠬᠡ ᠪᠥᠭᠦᠳᠡ ᠪᠠᠷ ᠢᠶᠠᠨ ᠶᠠᠳᠠᠭᠤ ᠠᠴᠠ ᠠᠩᠬᠢᠵᠢᠷᠠᠭᠰᠠᠨ᠂ ᠡᠭᠦᠨ ᠤ ᠰᠠᠭᠤᠷᠢᠨ ᠲᠡᠭᠡᠷ᠎ᠡ ᠮᠠᠨ ᠤ ᠭᠠᠴᠠᠭᠠᠨ ᠤ ᠬᠠᠮᠳᠤ ᠶᠢᠨ ᠠᠵᠤ ᠠᠬᠤᠢ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠯ᠎ᠠ ᠳᠤ ᠢᠯᠡᠬᠦᠬᠡᠨ ᠬᠦᠴᠦ ᠨᠡᠮᠡᠷᠢ ᠪᠠᠨ ᠦᠵᠡᠬᠦᠯᠦᠶ᠎ᠡ ᠬᠡᠵᠤ ᠪᠤᠳᠤᠵᠤ ᠪᠠᠶᠢᠨ᠎ᠠ︾ ᠭᠡᠪᠡ᠃    ᠠᠷᠤ ᠭᠡᠷ᠂ ᠠᠴᠢᠷ ᠬᠡᠥᠬᠡᠳ ᠢ ᠨᠢ ᠨᠦᠬᠦᠷ ᠨᠢ ᠬᠠᠷᠠᠭᠠᠯᠵᠠᠵᠤ ᠪᠠᠶᠢᠬᠤ ᠤᠴᠢᠷ ᠠᠴᠠ ᠨᠠᠷᠠᠨ ᠰᠠᠨᠠᠭ᠎ᠠ ᠠᠮᠤᠷ ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠵᠤ ᠪᠠᠶᠢᠬ᠎ᠠ ᠭᠡᠵᠤ ᠪᠣᠳᠣᠵᠣ ᠪᠠᠶᠢᠭᠰᠠᠨ ᠮᠠᠨᠢ ᠪᠤᠷᠤᠭᠤᠳᠠᠵᠠᠢ᠃ ᠬᠤᠰᠢᠭᠤᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠲᠥᠪ ᠲᠤ ᠠᠵᠢᠯ ᠠᠯᠪᠠ ᠲᠠᠢ ᠨᠠᠷᠠᠨ ᠤ ᠨᠦᠬᠦᠷ ᠰᠡᠷᠬᠦᠯᠡᠩ ᠴᠤ ᠰᠦᠯᠳᠡ ᠰᠣᠮᠣᠨ ᠤ ᠴᠣᠷ ᠤᠨ ᠭᠠᠭᠴᠠ ᠲᠠᠷᠢᠶᠠᠯᠠᠬᠤ ᠲᠣᠰᠬᠤᠨ ᠪᠦᠬᠡᠳ ᠬᠦᠭᠵᠢᠯᠳᠡ ᠨᠢ ᠬᠤᠴᠤᠷᠤᠩᠭᠤᠢ ᠨᠠᠷᠢᠠᠭᠤᠤᠯ ᠲᠣᠰᠬᠤᠨ ᠳᠤ ᠨᠢᠭᠡᠳᠦᠬᠡᠷ ᠱᠦᠵᠢ ᠪᠠᠷ ᠲᠣᠮᠢᠯᠠᠭᠳᠠᠨ ᠠᠵᠢᠯᠯᠠᠭᠠᠳ ᠵᠢᠯ ᠢᠯᠡᠭᠦᠦ ᠪᠣᠯᠵᠣ ᠪᠠᠶᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠰᠡᠷᠬᠦᠯᠡᠩ ᠱᠦᠵᠢ ᠶᠢᠨ ᠠᠵᠢᠯ ᠬᠠᠮᠤᠭ ᠤᠨ ᠬᠦᠴᠢᠷᠳᠡᠢ ᠪᠠᠶᠢᠵᠠᠢ᠃ ᠤᠴᠢᠷ ᠨᠢ ᠬᠢᠵᠢᠭ ᠤᠨ ᠨᠥᠯᠥᠭᠡ ᠪᠠᠷ ᠲᠤᠬᠠᠢ ᠶᠢᠨ ᠦᠶ᠎ᠡ ᠳᠤ ᠭᠠᠳᠠᠨᠠᠬᠢ ᠶᠢᠨ ᠬᠤᠳᠠᠯᠳᠤᠭᠠᠴᠢᠨ ᠤᠷᠤᠵᠤ ᠢᠷᠡᠵᠤ ᠲᠡᠶᠢᠯᠬᠦ ᠦᠬᠡᠢ᠂ ᠲᠤᠰᠬᠤᠨ ᠤ ᠲᠠᠷᠢᠶᠠᠴᠢᠨ ᠡᠷᠳᠡᠨᠢ ᠰᠢᠰᠢ ᠪᠠᠨ ᠪᠣᠷᠣᠯᠠᠭᠤᠯᠵᠤ ᠲᠡᠶᠢᠯᠬᠦ ᠦᠬᠡᠢ᠂ ᠬᠠᠪᠤᠷ ᠤᠨ ᠲᠠᠷᠢᠶᠠᠯᠠᠭ᠎ᠠ ᠪᠠᠨ ᠪᠡᠯᠡᠳᠬᠡᠵᠦ ᠲᠡᠶᠢᠯᠬᠦ ᠦᠬᠡᠢ ᠭᠠᠴᠢᠭᠳᠠᠵᠤ ᠪᠠᠶᠢᠵᠠᠢ᠃ ᠲᠠᠪᠬᠤᠷ ᠲᠠᠪᠬᠤᠷ ᠰᠢᠯᠭᠠᠯᠳᠠ ᠡᠮᠤᠨ᠎ᠡ ᠨᠢ ᠲᠤᠯᠭᠠᠷᠠᠬᠤ ᠳᠤ ᠰᠡᠷᠬᠦᠯᠡᠩ ᠱᠦᠵᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠡᠰᠢᠬᠦᠳ ᠲᠠᠢ ᠪᠠᠨ ᠢᠳᠡᠪᠬᠢᠲᠡᠶ ᠪᠠᠷ ᠠᠷᠭ᠎ᠠ ᠵᠠᠮ ᠰᠦᠪᠡᠭᠴᠢᠯᠡᠬᠡᠳ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠰᠡᠨ ᠤᠷᠢᠳᠠᠯ ᠲᠤᠤᠷ᠎ᠠ ᠬᠤᠳᠠᠯᠳᠤᠭᠠᠴᠢᠨ ᠤᠷᠢᠨ ᠠᠪᠴᠢᠷᠠᠭᠰᠠᠨ ᠢᠶᠠᠷ ᠲᠠᠷᠢᠶᠠᠴᠢᠳ ᠡᠷᠳᠡᠨᠢ ᠰᠢᠰᠢ ᠪᠠᠨ ᠪᠤᠷᠤᠯᠠᠭᠤᠯᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠢᠶᠠᠨ ᠴᠠᠭ ᠲᠤᠬᠠᠢ ᠳᠤᠨᠢ ᠬᠢᠵᠤ ᠠᠮᠵᠢᠯ᠎ᠠ᠃ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠵᠠᠪᠠᠯ ᠲᠤᠰᠬᠤᠨ ᠤ ᠬᠠᠮᠳᠤ ᠶᠢᠨ ᠠᠵᠤ ᠠᠬᠤᠢ ᠦᠬᠡᠢ ᠲᠡᠥᠬᠡ ᠶᠢ ᠡᠴᠦᠰᠯᠡᠬᠦᠯᠬᠦ ᠬᠡᠷᠡᠭᠳᠡᠢ ᠭᠡᠳᠡᠭ ᠢ ᠤᠬᠠᠭᠠᠷᠠᠭᠰᠠᠨ ᠲᠡᠷᠡ ᠤᠯᠠᠨ ᠤᠳᠠᠭᠠᠨ ᠤ ᠢᠳᠬᠠᠯᠭ᠎ᠠ᠂ ᠬᠤᠷᠠᠯ ᠰᠤᠷᠤᠯᠴᠠᠯᠭ᠎ᠠ ᠪᠠᠷ ᠲᠠᠷᠢᠶᠠᠴᠢᠳ ᠤᠨ ᠦᠵᠡᠯᠳᠡ ᠲᠠᠨᠢᠯᠳᠠ ᠶᠢ ᠦᠬᠡᠷᠡᠴᠢᠯᠠᠵᠤ ᠲᠤᠯᠠᠭᠠᠨ ᠬᠦᠯᠡᠮᠵᠢ ᠶᠢᠨ ᠲᠠᠷᠢᠮᠠᠯ ᠢ ᠬᠦᠭᠵᠢᠬᠦᠯᠬᠦ ᠪᠠᠷ ᠪᠣᠯᠪᠠ᠃ ᠬᠡᠪᠡᠴᠦ ᠪᠡᠯᠡ ᠮᠦᠩᠬᠦᠨ ᠤ ᠲᠤᠳᠠᠭᠳᠠᠯ ᠨᠢ ᠳᠡᠳᠡᠨ ᠢ ᠲᠦᠪᠡᠭᠳᠡᠬᠦᠯᠵᠡᠢ᠃    ᠰᠦᠯᠳᠡ ᠰᠣᠮᠣᠨ ᠤ ᠨᠠᠷᠢᠠᠭᠤᠤᠯ ᠲᠤᠰᠬᠤᠨ ᠳᠤ ᠲᠣᠮᠢᠯᠠᠭᠳᠠᠨ ᠰᠠᠭᠤᠭ᠎ᠠ ᠨᠢᠭᠡᠳᠦᠭᠡᠷ ᠱᠦᠵᠢ ᠰᠡᠷᠭᠦᠯᠡᠩ᠄ ︽ᠪᠡᠯᠡ ᠮᠦᠩᠬᠦ ᠪᠠᠶᠢᠬᠤ ᠦᠭᠡᠢ ᠦᠪᠡᠷ ᠢᠶᠠᠨ ᠵᠤᠭᠤᠰ ᠮᠥᠩᠬᠦ ᠴᠤᠭᠯᠠᠭᠤᠯᠤᠭᠰᠠᠨ ᠶᠤᠮ᠂ ᠲᠤᠨᠤᠭ ᠲᠦᠬᠦᠬᠡᠷᠤᠮᠵᠢ  ᠪᠠᠨ ᠠᠪᠴᠢᠷᠠᠭᠰᠠᠨ ᠤ ᠲᠠᠷᠠᠭ᠎ᠠ ᠪᠠᠰᠠ ᠵᠤᠭᠤᠰ ᠮᠥᠩᠬᠦ ᠬᠦᠷᠦᠯᠴᠡᠬᠦ ᠦᠭᠡᠢ ᠠᠴᠠ ᠠᠵᠢᠯᠴᠢᠳ ᠣᠯᠵᠦ ᠲᠡᠶᠢᠯᠬᠦ ᠦᠭᠡᠢ᠂ ᠲᠡᠭᠡᠭᠡᠳ ᠪᠦᠷ ᠦᠪᠡᠷᠲᠡᠭᠡᠨ ᠭᠠᠷ ᠬᠦᠳᠡᠯᠵᠦ ᠲᠦᠴᠢᠨ ᠲᠠᠪᠤᠨ ᠬᠤᠨᠤᠭ ᠵᠠᠷᠤᠴᠠᠭᠤᠯᠤᠨ ᠡᠳᠡᠬᠡᠷ ᠬᠦᠯᠡᠮᠵᠢ ᠶᠢ ᠪᠤᠰᠬᠠᠭᠰᠠᠨ ᠶᠤᠮ︾ ᠭᠡᠪᠡ᠃     ᠡᠨᠡ ᠨᠠᠮᠤᠷ ᠬᠦᠯᠡᠮᠵᠢ ᠶᠢᠨ ᠯᠠᠵᠤᠤ ᠡᠯᠪᠡᠭ ᠬᠤᠷᠢᠶᠠᠯᠳᠠ ᠣᠯᠵᠣ ᠬᠦᠯᠡᠮᠵᠢ ᠪᠣᠯᠭᠠᠨ ᠠᠴᠠ ᠪᠠᠷᠤᠭ ᠳᠥᠮᠡ ᠭᠠᠷᠣᠢ ᠳᠦᠭᠦᠷᠢᠭ ᠤᠨ ᠴᠡᠪᠡᠷ ᠣᠷᠣᠯᠭ᠎ᠠ ᠣᠯᠵᠣ ᠡᠬᠢᠯᠡᠭᠰᠡᠨ ᠮᠥᠷᠳᠡᠭᠡᠨ ᠲᠤᠰᠬᠤᠨ ᠤ ᠠᠷᠠᠳ ᠬᠦᠯᠡᠮᠵᠢᠨ ᠳᠤ ᠠᠵᠢᠯ ᠬᠢᠵᠤ ᠢᠯᠡᠬᠦᠦ ᠨᠢᠭᠡ ᠬᠤᠪᠢ ᠶᠢᠨ ᠣᠷᠣᠯᠭ᠎ᠠ ᠣᠯᠳᠠᠭ ᠪᠣᠯᠣᠯ᠎ᠠ᠃ ᠰᠡᠷᠬᠦᠯᠡᠩ ᠤᠨ ᠵᠤᠷᠢᠯᠳᠠ ᠵᠤᠭᠰᠤᠭ᠎ᠠ ᠦᠬᠡᠢ᠂ ᠡᠭᠦᠨ ᠤ  ᠰᠠᠭᠤᠷᠢᠨ ᠲᠡᠭᠡᠷ᠎ᠡ ᠬᠥᠳᠡᠭᠡ ᠳᠣᠰᠬᠤᠨ ᠤ ᠵᠢᠭᠤᠯᠴᠢᠯᠠᠯ ᠪᠣᠯᠣᠨ ᠳᠣᠯᠠᠭᠠᠨ ᠬᠦᠯᠡᠮᠵᠢ ᠶᠢᠨ ᠲᠠᠷᠢᠮᠠᠯ ᠢ ᠣᠶᠠᠯᠳᠣᠭᠤᠯᠣᠭᠰᠠᠨ  ᠬᠡᠯᠬᠢᠶᠠᠵᠢᠯ ᠢ ᠪᠦᠷᠢᠯᠳᠦᠭᠦᠯᠵᠥ ᠲᠠᠷᠢᠶᠠᠴᠢᠳ ᠤᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠪᠠᠷ ᠬᠦᠴᠦᠯᠠᠵᠤ ᠪᠠᠶᠢᠨ᠎ᠠ᠃     ᠰᠦᠯᠳᠡ ᠰᠣᠮᠣᠨ ᠤ ᠨᠠᠷᠢᠠᠭᠤᠤᠯ ᠲᠤᠰᠬᠤᠨ ᠳᠤ ᠲᠣᠮᠢᠯᠠᠭᠳᠠᠨ ᠰᠠᠭᠤᠭ᠎ᠠ ᠨᠢᠭᠡᠳᠦᠭᠡᠷ ᠱᠦᠵᠢ ᠰᠡᠷᠭᠦᠯᠡᠩ᠄ ︽ᠦᠨᠳᠦᠰᠦᠨ ᠱᠠᠳᠤᠨ ᠳᠤ ᠪᠢᠳᠠ ᠰᠠᠨᠠᠭ᠎ᠠ ᠪᠠᠨ ᠲᠠᠯᠪᠢᠵᠤ ᠰᠡᠳᠬᠢᠯ ᠢᠶᠠᠨ ᠲᠤᠭᠳᠠᠭᠤᠨ ᠪᠠᠶᠢᠯᠭᠠᠨ᠎ᠠ᠃ ᠡᠨᠡ ᠪᠣᠯ ᠨᠢᠳᠤᠨ ᠳᠤ ᠦᠵᠡᠭᠳᠡᠮᠡᠷ ᠭᠠᠷ ᠲᠤ ᠪᠠᠷᠢᠭᠳᠠᠮᠠᠷ ᠶᠡᠭᠡ ᠰᠠᠶᠢᠬᠠᠨ ᠠᠵᠢᠯ᠂ ᠪᠢᠳᠠᠨᠤᠰ ᠪᠠᠰᠠ ᠶᠡᠭᠡ ᠣᠮᠣᠭᠰᠢᠯ ᠲᠠᠢ᠃ ᠲᠤᠰᠬᠤᠨ ᠤ ᠠᠵᠦ ᠠᠬᠤᠢ ᠡᠳᠦᠷ ᠠᠴᠠ ᠡᠳᠦᠷ ᠲᠡᠭᠵᠢᠷᠡᠵᠦ ᠪᠠᠶᠢᠨ᠎ᠠ᠂ ᠡᠨᠡ ᠪᠣᠯ ᠪᠢᠳᠠᠨ ᠤ ᠬᠠᠮᠤᠭ ᠰᠠᠶᠢᠨ ᠣᠯᠣᠯᠳᠠ ᠪᠤᠯᠤᠨ᠎ᠠ︾ ᠭᠡᠪᠡ᠃     ᠠᠷᠤ ᠭᠡᠷ ᠢᠶᠠᠨ ᠤᠷᠬᠢᠭᠰᠠᠨ ᠨᠢᠭᠡ ᠭᠡᠷ ᠤᠨ ᠬᠤᠶᠠᠭᠤᠯᠠ ᠪᠠᠨ ᠪᠦᠷ ᠨᠢᠭᠡᠳᠦᠬᠡᠷ ᠱᠦᠵᠢ ᠶᠢᠨ ᠲᠣᠰᠢᠶᠠᠯ ᠳᠤ ᠭᠠᠪᠰᠢᠭᠠᠶᠢᠯᠠᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠤᠷᠢᠳᠦ ᠢᠯᠡᠯᠳᠡ ᠶᠢ ᠲᠡᠮᠡᠴᠡᠨ ᠣᠯᠬᠤ᠂ ᠬᠦᠳᠡᠭᠡ ᠲᠤᠰᠬᠤᠨ ᠢ ᠬᠥᠭᠵᠢᠬᠦᠯᠦᠨ ᠮᠠᠨᠳᠤᠭᠤᠯᠬᠤ᠂ ᠭᠠᠴᠠᠭ᠎ᠠ ᠲᠣᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠵᠡᠷᠬᠡ ᠠᠵᠢᠯ ᠳᠤ ᠬᠦᠴᠦᠯᠠᠨ ᠴᠢᠷᠮᠠᠶᠢᠵᠤ ᠪᠠᠶᠢᠭ᠎ᠠ ᠨᠢ ᠪᠢᠰᠢᠷᠡᠨ ᠮᠠᠭᠳᠠᠭᠤᠰᠢᠳᠠᠢ᠃ ᠰᠡᠷᠬᠦᠯᠡᠩ᠂ ᠨᠡᠷᠡᠨ ᠬᠤᠶᠠᠭᠤᠯᠠ ᠪᠣᠯ ᠠᠯᠢᠪᠠ ᠪᠠᠨ ᠤᠮᠠᠷᠳᠠᠨ ᠠᠵᠢᠯᠯᠠᠵᠤ ᠪᠠᠶᠢᠭ᠎ᠠ ᠪᠤᠢ ᠪᠦᠬᠦᠢ ᠨᠢᠭᠡᠳᠦᠬᠡᠷ ᠱᠦᠵᠢ ᠶᠢᠨ ᠲᠥᠯᠦᠭᠡᠯᠡᠯ ᠪᠣᠯᠣᠨ᠎ᠠ᠃ ᠵᠥᠪ ᠣᠨᠣᠪᠴᠢᠳᠠᠢ ᠲᠥᠷᠥ ᠶᠢᠨ ᠪᠣᠳᠣᠯᠭ᠎ᠠ᠂ ᠰᠣᠳᠣ ᠮᠡᠷᠬᠡᠨ ᠨᠠᠶᠢᠳᠠᠪᠤᠷᠢᠵᠢᠭᠤᠯᠤᠯᠳᠠ᠂ ᠤᠯᠠᠨ ᠲᠠᠶᠠᠭᠠᠷ ᠤᠨ ᠬᠦᠴᠦ ᠬᠠᠮᠳᠤᠷᠠᠯᠳᠠ ᠶᠢ ᠨᠢᠭᠡᠳᠦᠬᠡᠷ ᠱᠦᠵᠢ ᠨᠠᠷ ᠬᠦᠢᠴᠡᠳᠬᠡᠨ ᠪᠡᠶᠡᠯᠡᠬᠦᠯᠵᠦ ᠬᠦᠮᠦᠨ ᠠᠷᠠᠳ ᠤᠨ ᠢᠶᠠᠨ ᠴᠢᠨᠡᠭᠡᠯᠢᠭ ᠠᠮᠢᠳᠤᠷᠠᠯ ᠤᠨ ᠲᠥᠯᠥᠭᠡ ᠮᠡᠷᠡᠶᠢᠨ ᠵᠢᠳᠬᠦᠭᠰᠡᠬᠡᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号