ᠣᠯᠠᠨ ᠲᠦᠮᠡᠨ ᠠᠴᠠ ᠰᠤᠷᠴᠤ ᠣᠯᠠᠨ ᠲᠦᠮᠡᠨ ᠳᠤ ᠦᠢᠯᠡᠴᠢᠯᠡᠵᠦ ᠶᠠᠪᠤᠭ᠎ᠠ ᠮᠦᠯᠠᠨ
ᠨᠡᠶᠢᠲᠡᠯᠡᠭᠰᠡᠨ ᠴᠠᠭ᠄
2020/11/4
     ᠦᠨᠳᠦᠰᠦᠨ ᠱᠠᠲᠤ ᠪᠣᠯ ᠺᠠᠳ᠋ᠷᠴᠤᠳ ᠢ ᠳᠠᠪᠲᠠᠨ ᠪᠣᠯᠪᠠᠰᠤᠷᠠᠭᠤᠯᠬᠤ ᠬᠠᠮᠤᠭ ᠤᠨ ᠰᠠᠶᠢᠨ ᠬᠢᠴᠢᠶᠡᠯ ᠤᠨ ᠲᠢᠩᠬᠢᠮ ᠪᠣᠯᠣᠨ᠎ᠠ᠃ ᠶᠡᠭᠡ ᠰᠤᠷᠭᠠᠭᠤᠯᠢ ᠪᠠᠨ ᠲᠡᠭᠦᠰᠬᠡᠭᠡᠳ ᠠᠵᠢᠯ ᠤᠨ ᠪᠠᠶᠢᠷᠢᠨ ᠳᠡᠭᠡᠷ᠎ᠡ ᠪᠠᠨ ᠬᠢᠯᠠᠷᠠᠭᠤᠯᠵᠦ ᠶᠠᠪᠤᠭ᠎ᠠ ᠮᠦᠯᠠᠨ ᠣᠯᠠᠨ ᠲᠦᠮᠡᠨ ᠤ ᠳᠤᠮᠳᠠ ᠬᠦᠷᠴᠤ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠯ ᠢᠶᠠᠨ ᠪᠣᠯᠭᠠᠵᠤ ᠵᠠᠯᠠᠭᠤ ᠬᠥᠮᠥᠨ ᠤ ᠣᠷᠭᠢᠯᠤᠮ᠎ᠠ ᠰᠡᠳᠬᠢᠯ ᠢᠶᠠᠷ ᠬᠤᠪᠢᠳᠠᠭᠰᠠᠨ ᠠᠵᠢᠯ ᠢᠶᠠᠨ ᠲᠦᠭᠦᠷᠡᠩ ᠠᠮᠵᠢᠯᠲᠠᠲᠠᠢ ᠰᠠᠶᠢᠬᠠᠨ ᠪᠡᠶᠡᠯᠡᠭᠦᠯᠤᠨ ᠵᠠᠯᠠᠭᠤᠴᠤᠳ ᠲᠠᠭᠠᠨ ᠳᠠᠭᠤᠷᠢᠶᠠᠯ ᠪᠣᠯᠵᠤ ᠪᠠᠶᠢᠨ᠎ᠠ᠃      ᠤᠯᠠᠭᠠᠨᠲᠣᠯᠣᠭᠠᠢ ᠪᠠᠯᠭᠠᠰᠤᠨ ᠤ ᠠᠵᠢᠯᠲᠠᠨ ᠮᠦᠯᠠᠨ ᠪᠠᠯᠭᠠᠰᠤᠨ ᠳᠤ ᠠᠵᠢᠯᠯᠠᠭᠰᠠᠨ ᠤ ᠠᠩᠬᠠᠨ ᠤ 365 ᠬᠤᠨᠤᠭ ᠢᠶᠠᠨ ᠤᠭᠲᠤᠵᠠᠢ᠃ ᠬᠡᠳᠦᠶᠢᠪᠡᠷ ᠴᠠᠭ ᠬᠤᠭᠤᠴᠠᠭ᠎ᠠ ᠣᠬᠤᠷᠬᠠᠨ ᠪᠣᠯᠪᠠᠴᠤ ᠣᠯᠣᠯᠲᠠ ᠲᠥᠷᠥᠭᠳᠡᠯ ᠬᠠᠷᠢᠨ ᠮᠠᠰᠢ ᠭᠦᠨ ᠪᠠᠶᠢᠵᠠᠢ᠃      ᠤᠯᠠᠭᠠᠨᠲᠤᠯᠤᠭᠠᠢ ᠪᠠᠯᠭᠠᠰᠣᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠠᠯᠠᠭᠴᠢ ᠮᠦᠯᠡᠨ᠄ ︽ᠪᠢ ᠡᠨᠡ ᠵᠢᠯ ᠶᠡᠭᠡ ᠰᠣᠷᠭᠠᠭᠤᠯᠢ ᠲᠡᠭᠦᠰᠤᠭ᠍ᠰᠡᠨ ᠤ ᠳᠠᠷᠠᠭ᠎ᠠ ᠠᠳᠡ ᠠᠵᠢᠯᠯᠠᠵᠠᠢ᠃ ᠰᠠᠶ᠋ᠢ ᠠᠵᠢᠯᠯᠠᠵᠦ ᠡᠬᠢᠯᠡᠬᠦ ᠳᠤ ᠵᠢᠭᠠᠬᠠᠨ ᠭᠦᠴᠢᠷ ᠪᠠᠶᠢᠭᠰᠠᠨ ᠳᠤ ᠬᠠᠮᠲᠤ ᠠᠵᠢᠯᠲᠠᠳ ᠨᠠᠳᠠ ᠶᠢ ᠬᠠᠪᠰᠤᠷᠴᠤ ᠪᠠᠶᠢᠭᠰᠠᠨ ᠠᠴᠠ ᠪᠢ ᠶᠡᠭᠡ ᠵᠣᠷᠢᠭ ᠣᠷᠣᠭᠰᠠᠨ ᠶᠤᠮ ᠦᠷᠭᠦᠯᠵᠢᠯᠡᠨ ᠰᠡᠶᠢᠨ ᠴᠢᠷᠮᠡᠶᠢᠵᠤ ᠠᠵᠢᠯ ᠢᠶᠠᠨ ᠰᠡᠶᠢᠨ ᠬᠢᠶ᠎ᠠ ᠭᠡᠵᠤ ᠪᠣᠳᠣᠵᠣ ᠪᠡᠶᠢᠨ᠎ᠠ︾ ᠭᠡᠪᠡ᠃      ᠮᠦᠯᠠᠨ ᠲᠤᠰ ᠠᠵᠢᠯ ᠢ ᠬᠠᠷᠢᠭᠤᠴᠠᠭᠰᠠᠨ ᠠᠴᠠ ᠨᠠᠰᠢ ᠦᠨᠳᠦᠰᠦᠨ ᠱᠠᠲᠤᠨ ᠳᠤ ᠬᠦᠷᠴᠤ ᠣᠯᠠᠨ ᠲᠦᠮᠡᠨ  ᠤ ᠳᠤᠮᠳᠠ ᠣᠴᠢᠬᠤ ᠶᠢ ᠠᠵᠢᠯ ᠤᠨ ᠢᠶᠠᠨ ᠭᠠᠷᠳᠠᠴᠠ ᠪᠣᠯᠭᠠᠨ ᠠᠮᠠᠷᠠᠯᠲᠠ ᠴᠢᠯᠦᠭᠡ ᠠᠪᠤᠯ ᠦᠭᠡᠢ ᠪᠠᠷ ᠠᠵᠢᠯ ᠢᠶᠠᠨ ᠡᠷᠴᠢᠮᠳᠡᠢ ᠥᠷᠨᠢᠭᠦᠯᠵᠦ ᠰᠢᠨ᠎ᠡ ᠡᠷᠡᠨ ᠤ ᠵᠠᠯᠠᠭᠤᠴᠤᠳ ᠤᠨ ᠴᠤᠭ ᠵᠢᠪᠬᠤᠭ᠎ᠠ ᠶᠢ ᠪᠠᠳᠠᠷᠠᠭᠤᠯᠤᠨ ᠶᠠᠪᠤᠭ᠎ᠠ ᠶᠤᠮ᠃      ᠤᠯᠠᠭᠠᠨᠲᠤᠯᠤᠭᠠᠢ ᠪᠠᠯᠠᠭᠠᠰᠣᠨ ᠤ ᠤᠬᠠᠭᠤᠯᠬᠤ ᠠᠵᠢᠯ ᠤᠨ ᠠᠯᠪᠠᠨ ᠭᠡᠷ ᠤᠨ ᠠᠵᠢᠯᠲᠠᠨ ᠰᠢᠨᠵᠢᠯ᠎ᠡ᠄ ︽ᠮᠦᠯᠡᠨ ᠶᠡᠭᠡ ᠰᠤᠷᠭᠠᠭᠤᠯᠢ ᠠᠴᠠ ᠲᠡᠭᠦᠰᠤᠭᠡᠳ ᠮᠠᠨ ᠤ ᠠᠳᠡ ᠠᠵᠢᠯᠯᠠᠭᠠᠳ ᠵᠢᠯ ᠢᠯᠡᠭᠦᠦ ᠪᠣᠯᠣᠭᠰᠠᠨ ᠪᠡᠶᠢᠨ᠎ᠠ᠂ ᠦᠨᠳᠤᠰᠤᠨ ᠱᠠᠲᠣᠨ ᠤ ᠠᠵᠢᠯ ᠬᠦᠨᠲᠤ ᠮᠦᠷᠳᠡᠭᠡᠨ ᠠᠵᠢᠯᠳᠠᠨ ᠪᠠᠰᠠ ᠬᠦᠷᠤᠯᠴᠡᠬᠦ ᠦᠭᠡᠢ᠂ ᠮᠦᠯᠠᠨ ᠢᠷᠡᠭᠰᠡᠨ ᠠᠴᠠ ᠬᠤᠶᠢᠰᠢ ᠪᠢᠳᠠᠨ ᠳᠤ ᠪᠠᠰᠠ ᠨᠡᠯᠢᠶᠡᠳ ᠶᠡᠭᠡ ᠬᠠᠪᠰᠤᠷᠤᠯᠭ᠎ᠠ ᠭᠦᠷᠲᠡᠭᠡᠭᠰᠨ ᠪᠡᠶᠢᠨ᠎ᠠ᠂ ᠬᠤᠪᠢᠳᠠᠭᠰᠠᠨ ᠠᠵᠢᠯ ᠢᠶᠠᠨ ᠵᠠᠯᠬᠠᠭᠤᠷᠠᠯ ᠦᠭᠡᠢ ᠪᠠᠷ ᠪᠦᠷ ᠰᠡᠶᠢᠬᠠᠨ ᠬᠢᠳᠡᠭ᠂ ᠰᠢᠨ᠎ᠡ ᠴᠠᠭ ᠦᠶ᠎ᠡ ᠶᠢᠨ ᠪᠠᠰᠠ ᠨᠢᠭᠡ ᠰᠡᠶᠢᠨ ᠵᠠᠯᠠᠭᠤ ᠶᠤᠮ︾ ᠭᠡᠪᠡ᠃      ᠶᠡᠷᠦᠩᠬᠡᠢ ᠱᠦᠵᠢ ᠰᠢ ᠶᠢᠨ ᠫᠢᠩ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠢᠶᠠᠨ ᠥᠷᠨᠢᠭᠦᠯᠬᠦ ᠲᠠᠯ᠎ᠠ  ᠳᠤ ᠴᠢᠬᠤᠯᠠ ᠵᠢᠭᠠᠪᠤᠷᠢ ᠥᠭᠭᠦᠭᠰᠡᠨ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠵᠦ ᠶᠠᠪᠤᠭ᠎ᠠ ᠵᠠᠯᠠᠭᠤ ᠺᠠᠳ᠋ᠷᠴᠤᠳ  ᠲᠤ ᠤᠷᠮᠠᠰᠢᠭᠤᠯᠤᠯ ᠪᠣᠯᠣᠭᠰᠠᠨ ᠨᠢ ᠶᠠᠷᠢᠶᠠᠨ ᠦᠭᠡᠢ ᠪᠢᠯᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号