ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ︵ᠬᠤᠶᠠᠷ︶
ᠨᠡᠶᠢᠲᠡᠯᠡᠭᠰᠡᠨ ᠴᠠᠭ᠄
2020/11/5
   ᠲᠦᠷᠪᠡ᠂ ᠤᠳᠤ ᠦᠶ᠎ᠠ ᠶᠢᠨ ᠠᠵᠦ ᠦᠢᠯᠡᠰ ᠤᠨ ᠰᠢᠰᠲ᠋ᠧᠮ ᠢ ᠲᠦᠷᠬᠡᠳᠬᠡᠨ ᠬᠦᠭᠵᠢᠬᠦᠯᠵᠦ᠂ ᠠᠵᠦ ᠠᠬᠤᠢ ᠶᠢᠨ ᠰᠢᠰᠲ᠋ᠧᠮ ᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠠᠬᠢᠭᠤᠯᠤᠨ᠎ᠠ    ᠠᠵᠦ ᠠᠬᠤᠢ ᠶᠢ ᠬᠦᠭᠵᠢᠬᠦᠯᠬᠦ ᠬᠦᠴᠦᠯᠡᠬᠦ ᠴᠡᠭ ᠢ ᠪᠤᠳᠠᠳᠤ ᠴᠤᠬᠴᠠ ᠶᠢᠨ ᠠᠵᠦ ᠠᠬᠤᠢ ᠳᠤ ᠲᠠᠯᠪᠢᠬᠤ ᠶᠢ ᠪᠠᠷᠢᠮᠳᠠᠯᠠᠨ᠂ ᠦᠢᠯᠡᠳᠬᠡᠯ ᠤᠨ ᠬᠦᠴᠦᠷᠭᠡᠭ ᠤᠯᠤᠰ᠂ ᠶᠠᠰᠤ ᠴᠢᠨᠠᠷ ᠤᠨ ᠬᠦᠴᠦᠷᠭᠡᠭ ᠤᠯᠤᠰ᠂ ᠰᠦᠯᠵᠢᠶᠡᠨ ᠤ ᠬᠦᠴᠦᠷᠭᠡᠭ ᠤᠯᠤᠰ᠂ ᠲᠤᠭᠠᠴᠢᠯᠠᠬᠰᠠᠨ ᠲᠤᠮᠳᠠᠳᠤ ᠤᠯᠤᠰ ᠢ ᠡᠷᠡᠰ ᠭᠤᠶᠢᠪᠢᠰᠢ ᠦᠬᠡᠢ ᠪᠦᠲᠦᠬᠡᠨ ᠪᠠᠶᠢᠭᠤᠯᠵᠤ᠂ ᠠᠵᠦ ᠦᠢᠯᠡᠰ ᠤᠨ ᠰᠠᠭᠤᠷᠢ ᠶᠢ ᠲᠡᠬᠡᠳᠤ ᠲᠡᠰᠵᠢᠬᠦᠯᠬᠦ᠂ ᠠᠵᠦ ᠦᠢᠯᠡᠰ ᠤᠨ ᠬᠡᠯᠬᠢᠶ᠎ᠠ ᠶᠢ ᠤᠳᠤᠬᠢᠴᠢᠯᠠᠬᠤ ᠶᠢ ᠠᠬᠢᠭᠤᠯᠤᠨ᠂ ᠠᠵᠦ ᠠᠬᠤᠢ ᠶᠢᠨ ᠶᠠᠰᠤ ᠴᠢᠨᠠᠷ ᠦᠷ᠎ᠠ ᠠᠰᠢᠬ ᠪᠠ ᠭᠤᠤᠯᠯᠠᠬᠤ ᠦᠷᠢᠰᠦᠯᠳᠦᠬᠦ ᠬᠦᠴᠦᠨ ᠢ ᠲᠡᠭᠡᠭᠰᠢᠯᠡᠬᠦᠯᠦᠨ᠎ᠠ᠃    11. ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠤᠳᠤᠬᠢᠴᠢᠯᠠᠯᠳᠠ ᠶᠢᠨ ᠲᠦᠪᠰᠢᠨ ᠢ ᠲᠡᠭᠡᠭᠰᠢᠯᠡᠬᠦᠯᠦᠨ᠎ᠠ᠃ ᠦᠢᠯᠡᠳᠬᠦ ᠦᠢᠯᠡᠰ ᠤᠨ ᠬᠤᠪᠢ ᠶᠢᠨ ᠵᠢᠩ ᠢ ᠦᠨᠳᠦᠰᠦᠨ ᠳᠡᠭᠡᠨ ᠲᠤᠬᠳᠠᠪᠤᠷᠢᠵᠢᠭᠤᠯᠬᠤ ᠶᠢ ᠪᠠᠳᠤᠯᠠᠨ᠂ ᠪᠤᠳᠠᠳᠤ ᠴᠤᠬᠴᠠ ᠶᠢᠨ ᠠᠵᠦ ᠠᠬᠤᠢ ᠶᠢᠨ ᠰᠠᠭᠤᠷᠢ ᠶᠢ ᠪᠠᠬᠢᠵᠢᠬᠦᠯᠦᠨ᠎ᠠ᠃ ᠪᠡᠶ᠎ᠠ ᠪᠠᠨ ᠲᠠᠭᠠᠭᠠᠵᠦ ᠡᠵᠡᠮᠳᠡᠵᠦ ᠲᠡᠶᠢᠯᠬᠦ᠂ ᠠᠮᠤᠷ ᠲᠦᠪᠰᠢᠨ ᠦᠨᠳᠦᠷ ᠪᠦᠲᠦᠮᠵᠢᠳᠡᠢ ᠪᠠᠶᠢᠬᠤ ᠶᠢ ᠪᠠᠷᠢᠮᠳᠠᠯᠠᠨ᠂ ᠠᠵᠢᠯ ᠲᠦᠷᠦᠯ ᠬᠤᠪᠢᠶᠠᠨ ᠬᠠᠩᠭᠠᠯᠭ᠎ᠠ ᠶᠢᠨ ᠬᠡᠯᠬᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠵᠢᠷᠤᠬ ᠲᠦᠯᠦᠪᠯᠡᠭᠡ ᠬᠢᠬᠦ ᠪᠠ ᠤᠨᠢᠨ ᠲᠡᠬᠡᠷ᠎ᠠ ᠨᠢ ᠪᠤᠳᠤᠯᠭ᠎ᠠ ᠬᠡᠷᠡᠭᠵᠢᠬᠦᠯᠤᠨ᠂ ᠪᠦᠬᠦ ᠠᠵᠦ ᠦᠢᠯᠡᠰ ᠤᠨ ᠬᠡᠯᠬᠢᠶ᠎ᠠ ᠶᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠠᠬᠢᠭᠤᠯᠤᠨ᠎ᠠ᠃ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠲᠠᠪᠠᠭᠤᠯᠢᠬ ᠢ ᠲᠠᠪᠳᠠᠨ ᠴᠤᠬᠴᠠᠯᠠᠵᠦ᠂ ᠮᠠᠨ ᠤ ᠤᠯᠤᠰ ᠤᠨ ᠠᠵᠦ ᠦᠢᠯᠡᠰ ᠤᠨ ᠬᠡᠪᠴᠢᠶᠡᠵᠢᠯ ᠤᠨ ᠲᠠᠪᠠᠭᠤᠯᠢᠬ᠂ ᠢᠵᠢ ᠪᠦᠷᠢᠳᠦᠭᠰᠡᠨ ᠲᠠᠪᠠᠭᠤᠯᠢᠬ ᠪᠠ ᠬᠡᠰᠡᠭ ᠬᠦᠷᠢᠶ᠎ᠠ ᠴᠠᠷᠠᠭ᠎ᠠ ᠶᠢᠨ ᠤᠷᠢᠳᠠᠴᠢ ᠲᠠᠪᠠᠭᠤᠯᠢᠬ ᠲᠠᠭᠠᠨ ᠰᠠᠭᠤᠷᠢᠯᠠᠵᠦ᠂ ᠰᠢᠨ᠎ᠠ ᠪᠠᠷ ᠮᠠᠨᠳᠤᠬᠰᠠᠨ ᠠᠵᠦ ᠦᠢᠯᠡᠰ ᠤᠨ ᠬᠡᠯᠬᠢᠶ᠎ᠠ ᠶᠢ ᠴᠤᠬᠴᠠᠯᠠᠨ᠂ ᠤᠯᠠᠮᠵᠢᠯᠠᠯᠳᠤ ᠠᠵᠦ ᠦᠢᠯᠡᠰ ᠢ ᠲᠡᠬᠡᠳᠤ ᠲᠡᠰᠵᠢᠬᠦᠯᠬᠦ᠂ ᠤᠶᠤᠨᠴᠢᠯᠠᠬᠤ᠂ ᠪᠤᠬᠢᠷᠳᠤᠯ ᠦᠬᠡᠶᠢᠵᠢᠬᠦᠯᠬᠦ ᠶᠢ ᠠᠬᠢᠭᠤᠯᠤᠨ᠂ ᠦᠢᠯᠡᠴᠢᠯᠡᠬᠡᠨ ᠤ ᠬᠡᠯᠪᠡᠷᠢ ᠶᠢᠨ ᠦᠢᠯᠡᠳᠬᠡᠯ ᠢ ᠬᠦᠭᠵᠢᠬᠦᠯᠦᠨ᠎ᠠ᠃ ᠤᠯᠤᠰ ᠤᠨ ᠶᠠᠰᠤ ᠴᠢᠨᠠᠷ ᠤᠨ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠦᠨ᠂ ᠪᠠᠷᠢᠮᠵᠢᠶ᠎ᠠ᠂ ᠬᠡᠮᠵᠢᠯᠳᠡ᠂ ᠲᠤᠰᠬᠠᠢ ᠠᠰᠢᠬ ᠤᠨ ᠡᠷᠬᠡ ᠵᠡᠷᠬᠡ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠶᠠᠰᠤ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠎ᠠ᠃ ᠠᠵᠦ ᠦᠢᠯᠡᠰ ᠤᠨ ᠤᠯᠤᠰ ᠤᠨ ᠲᠤᠳᠤᠭᠠᠳᠤ ᠳᠤ ᠡᠮᠬᠢ ᠵᠢᠷᠤᠮ ᠲᠠᠢ ᠰᠢᠯᠵᠢᠬᠦ ᠶᠢ ᠠᠬᠢᠭᠤᠯᠤᠨ᠂ ᠤᠷᠤᠨ ᠪᠦᠰᠡ ᠶᠢᠨ ᠠᠵᠦ ᠦᠢᠯᠡᠰ ᠤᠨ ᠬᠡᠯᠬᠢᠶ᠎ᠠ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ ᠬᠠᠭᠤᠴᠢᠨ ᠠᠵᠦ ᠦᠢᠯᠡᠳᠪᠦᠷᠢ ᠶᠢᠨ ᠰᠠᠭᠤᠷᠢᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠡᠮᠵᠢᠨ᠎ᠠ᠃ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠲᠤᠳᠠᠭᠤᠳᠠᠯ ᠢ ᠨᠦᠬᠦᠪᠦᠷᠢᠯᠡᠨ᠂ ᠠᠵᠦ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠢᠨᠵᠧᠨᠧᠷᠢᠩ ᠢ ᠬᠡᠷᠡᠭᠵᠢᠬᠦᠯᠦᠨ᠂ ᠴᠢᠬᠤᠯᠠ ᠦᠢᠯᠡᠳᠬᠦᠨ ᠪᠠ ᠵᠠᠩᠬᠢᠯᠠᠭ᠎ᠠ ᠶᠢᠨ ᠭᠤᠤᠯᠯᠠᠬᠤ ᠮᠡᠷᠬᠡᠵᠢᠯ ᠤᠨ ᠪᠤᠭᠤᠮᠳᠠ ᠰᠢᠪᠲᠤᠯᠬᠤ ᠬᠦᠴᠦᠯᠡᠴᠡ ᠶᠢ ᠨᠡᠮᠡᠭᠳᠡᠬᠦᠯᠦᠨ᠂ ᠬᠡᠷᠡᠭᠯᠡᠬᠦ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠬᠦᠭᠵᠢᠬᠦᠯᠦᠨ᠂ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠤᠯᠡᠨ ᠡᠰᠢᠵᠢᠬᠦ ᠶᠢ ᠠᠬᠢᠭᠤᠯᠤᠨ᠎ᠠ᠃ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠦᠨ᠂ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠤᠯᠠᠨ ᠤᠯᠤᠰ ᠤᠨ ᠠᠵᠦ ᠦᠢᠯᠡᠰ ᠤᠨ ᠠᠮᠤᠷ ᠲᠦᠪᠰᠢᠨ ᠤ ᠬᠠᠮᠳᠤᠷᠠᠯᠴᠠᠭ᠎ᠠ ᠶᠢ ᠴᠢᠩᠭᠠᠳᠬᠠᠨ᠂ ᠨᠡᠩ ᠴᠢᠩᠭ᠎ᠠ ᠰᠢᠨ᠎ᠠ ᠶᠢ ᠡᠬᠦᠳᠬᠦ ᠬᠦᠴᠦᠨ ᠲᠠᠢ᠂ ᠨᠡᠩ ᠦᠨᠳᠦᠷ ᠲᠠᠭᠠᠯᠳᠠ ᠦᠷᠳᠡᠭ ᠲᠠᠢ᠂ ᠨᠡᠩ ᠠᠮᠤᠷ ᠲᠦᠪᠰᠢᠨ ᠨᠠᠶᠢᠳᠠᠪᠤᠷᠢᠳᠠᠢ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢ ᠪᠦᠷᠢᠯᠳᠦᠬᠦᠯᠦᠨ᠎ᠠ᠃    12. ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠦ ᠦᠢᠯᠡᠰ ᠢ ᠬᠦᠭᠵᠢᠬᠦᠯᠦᠨ᠎ᠠ᠃ ᠰᠢᠨ᠎ᠠ ᠨᠢᠬᠡ ᠦᠶ᠎ᠠ ᠶᠢᠨ ᠮᠡᠳᠡᠭᠡ ᠵᠠᠩᠬᠢ ᠶᠢᠨ ᠮᠡᠷᠬᠡᠵᠢᠯ᠂ ᠠᠮᠢᠳᠤ ᠪᠤᠳᠠᠰ ᠤᠨ ᠮᠡᠷᠬᠡᠵᠢᠯ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠦᠵᠦ ᠮᠡᠷᠬᠡᠵᠢᠯ ᠤᠨ ᠮᠠᠰᠢᠨ ᠲᠤᠨᠤᠬᠯᠠᠯ᠂ ᠰᠢᠨ᠎ᠠ ᠡᠨᠧᠷᠬᠢ ᠶᠢᠨ ᠮᠠᠰᠢᠨ ᠲᠡᠷᠬᠡ᠂ ᠪᠤᠬᠢᠷᠳᠤᠯ ᠦᠬᠡᠢ ᠤᠷᠴᠢᠨ ᠲᠤᠭᠤᠷᠢᠨ ᠢ ᠬᠠᠮᠠᠭᠠᠯᠠᠬᠤ ᠵᠢᠴᠢ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠲᠠᠯᠠᠢ ᠲᠠᠩᠬᠢᠰ ᠤᠨ ᠮᠠᠰᠢᠨ ᠲᠤᠨᠤᠬᠯᠠᠯ ᠵᠡᠷᠬᠡ ᠠᠵᠦ ᠦᠢᠯᠡᠰ ᠢ ᠲᠦᠷᠬᠡᠳᠬᠡᠨ ᠪᠤᠵᠠᠭᠠᠢᠢᠷᠠᠭᠤᠯᠤᠨ᠎ᠠ᠃ ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠤᠷᠢ ᠵᠡᠷᠬᠡ ᠶᠢ ᠡᠯ᠎ᠠ ᠠᠵᠦ ᠦᠢᠯᠡᠰ ᠲᠠᠢ ᠬᠦᠨᠵᠡᠬᠡᠢ ᠠᠭᠤᠰᠤᠯᠴᠠᠭᠤᠯᠬᠤ ᠶᠢ ᠠᠬᠢᠭᠤᠯᠤᠨ᠂ ᠲᠡᠷᠢᠬᠦᠨ ᠤ ᠦᠢᠯᠡᠳᠬᠦ ᠦᠢᠯᠡᠰ ᠤᠨ ᠪᠦᠯᠦᠭᠵᠢᠨ ᠬᠦᠭᠵᠢᠬᠦ ᠶᠢ ᠠᠬᠢᠭᠤᠯᠤᠨ᠂ ᠦᠪᠡᠷ ᠦᠪᠡᠷ ᠤᠨ ᠤᠨᠴᠠᠯᠢᠬ ᠪᠦᠬᠦᠢ᠂ ᠲᠠᠪᠠᠭᠤᠯᠢᠬ ᠢᠶᠠᠷ ᠢᠶᠠᠨ ᠬᠠᠷᠢᠯᠴᠠᠨ ᠨᠦᠬᠦᠪᠦᠷᠢᠯᠡᠭᠰᠡᠨ᠂ ᠪᠦᠲᠦᠴᠡ ᠵᠦᠢ ᠵᠤᠬᠢᠰᠳᠠᠢ ᠨᠢᠬᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠦ ᠦᠢᠯᠡᠰ ᠤᠨ ᠨᠡᠮᠡᠭᠳᠡᠯ ᠤᠨ ᠬᠦᠳᠡᠯᠬᠡᠬᠦᠷ ᠢ ᠪᠠᠶᠢᠭᠤᠯᠤᠨ᠂ ᠰᠢᠨ᠎ᠠ ᠮᠡᠷᠬᠡᠵᠢᠯ᠂ ᠰᠢᠨ᠎ᠠ ᠦᠢᠯᠡᠳᠬᠦᠨ᠂ ᠰᠢᠨ᠎ᠠ ᠡᠵᠡᠩᠨᠡᠯᠳᠡ ᠶᠢᠨ ᠬᠡᠯᠪᠡᠷᠢ᠂ ᠰᠢᠨ᠎ᠠ ᠵᠠᠬᠪᠤᠷ ᠢ ᠪᠤᠶᠢᠵᠢᠭᠤᠯᠤᠨ᠎ᠠ᠃ ᠲᠠᠪᠴᠠᠩ ᠤᠨ ᠠᠵᠦ ᠠᠬᠤᠢ᠂ ᠬᠠᠮᠳᠤ ᠪᠠᠷ ᠡᠳ᠋ᠯᠡᠬᠦ ᠠᠵᠦ ᠠᠬᠤᠢ ᠶᠢᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠠᠵᠦ ᠠᠬᠤᠢᠢᠯᠠᠯ ᠢ ᠨᠡᠶᠢᠯᠡᠬᠦᠯᠵᠦ ᠲᠠᠬᠢᠨ ᠪᠦᠲᠦᠬᠡᠨ ᠪᠠᠶᠢᠭᠤᠯᠬᠤ ᠶᠢ ᠵᠤᠷᠢᠬᠵᠢᠭᠤᠯᠤᠨ᠂ ᠲᠤᠤᠷ᠎ᠠ ᠲᠦᠪᠰᠢᠨ ᠢᠶᠠᠷ ᠲᠠᠪᠬᠤᠷᠳᠠᠭᠤᠯᠵᠦ ᠪᠦᠲᠦᠬᠡᠨ ᠪᠠᠶᠢᠭᠤᠯᠬᠤ ᠶᠢ ᠰᠡᠷᠬᠡᠶᠢᠯᠡᠨ᠎ᠠ᠃    13. ᠤᠳᠤ ᠦᠶ᠎ᠠ ᠶᠢᠨ ᠦᠶ᠋ᠯᠡᠴᠢᠯᠡᠬᠡᠨ ᠤ ᠦᠢᠯᠡᠰ ᠢ ᠲᠦᠷᠬᠡᠳᠬᠡᠨ ᠬᠦᠭᠵᠢᠬᠦᠯᠦᠨ᠎ᠠ᠃ ᠦᠢᠯᠡᠳᠪᠦᠷᠢᠯᠡᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠤᠨ ᠲᠤᠰᠬᠠᠢᠢᠵᠢᠬᠤ ᠪᠠ ᠦᠷᠳᠡᠭ ᠤᠨ ᠬᠡᠯᠬᠢᠶ᠎ᠠ ᠶᠢ ᠲᠡᠬᠡᠳᠤ ᠲᠡᠰ ᠲᠡᠶᠢᠰᠢ ᠤᠷᠳᠤᠰᠬᠠᠬᠤ ᠶᠢ ᠠᠬᠢᠭᠤᠯᠤᠨ᠂ ᠡᠯ᠎ᠠ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠦᠢᠯᠡᠴᠢᠯᠡᠬᠡᠨ ᠤ ᠬᠠᠩᠭᠠᠯᠭ᠎ᠠ ᠳᠤ ᠤᠷᠤᠯᠴᠠᠬᠤ ᠶᠢ ᠠᠬᠢᠭᠤᠯᠤᠨ᠂ ᠰᠤᠳᠤᠯᠤᠨ ᠨᠡᠬᠡᠬᠡᠵᠦ ᠵᠢᠷᠤᠵᠦ ᠲᠦᠯᠦᠪᠯᠡᠬᠦ᠂ ᠤᠳᠤ ᠦᠶ᠎ᠠ ᠶᠢᠨ ᠪᠠᠷᠠᠭᠠᠨ ᠤ ᠬᠦᠢᠯᠬᠡᠬᠡ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠬᠡ ᠦᠢᠯᠡᠴᠢᠯᠡᠬᠡᠨ ᠤ ᠦᠢᠯᠡᠰ ᠢ ᠲᠦᠷᠬᠡᠳᠬᠡᠨ ᠬᠦᠭᠵᠢᠬᠦᠯᠵᠦ᠂ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠲᠡᠷᠢᠬᠦᠨ ᠤ ᠦᠢᠯᠡᠳᠬᠦ ᠦᠢᠯᠡᠰ᠂ ᠤᠳᠤ ᠦᠶ᠎ᠠ ᠶᠢᠨ ᠬᠦᠳᠡᠭᠡ ᠠᠵᠦ ᠠᠬᠤᠢ ᠲᠠᠢ ᠬᠦᠨᠵᠡᠬᠡᠢ ᠠᠭᠤᠰᠤᠯᠴᠠᠭᠤᠯᠬᠤ ᠶᠢ ᠠᠬᠢᠭᠤᠯᠤᠨ᠂ ᠦᠢᠯᠡᠴᠢᠯᠡᠬᠡᠨ ᠤ ᠦᠢᠯᠡᠰ ᠤᠨ ᠲᠤᠭᠠᠴᠢᠯᠠᠯᠳᠠ ᠶᠢ ᠲᠦᠷᠬᠡᠳᠬᠡᠨ ᠠᠬᠢᠭᠤᠯᠤᠨ᠎ᠠ᠃ ᠠᠮᠢᠳᠤᠷᠠᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠴᠢᠨᠠᠷ ᠰᠠᠶᠢᠨ ᠪᠠ ᠤᠯᠠᠨ ᠶᠠᠩᠵᠤᠳᠤ ᠲᠡᠶᠢᠰᠢ ᠲᠡᠰ ᠲᠡᠪᠰᠢᠬᠦᠯᠬᠦ ᠶᠢ ᠠᠬᠢᠭᠤᠯᠤᠨ᠂ ᠡᠷᠡᠬᠦᠯ ᠮᠡᠨᠳᠤ᠂ ᠨᠠᠰᠤᠵᠢᠯ᠂ ᠨᠢᠯᠬ᠎ᠠ ᠬᠡᠤᠬᠡᠳ ᠢ ᠠᠰᠠᠷᠠᠬᠤ᠂ ᠰᠤᠶᠤᠯ᠂ ᠵᠢᠭᠤᠯᠴᠢᠯᠠᠯ᠂ ᠪᠡᠶ᠎ᠠ ᠶᠢᠨ ᠲᠠᠮᠢᠷ᠂ ᠬᠡᠷ ᠤᠨ ᠶᠠᠪᠤᠳᠠᠯ᠂ ᠠᠳᠠᠯ ᠠᠬᠤᠢ ᠵᠡᠷᠬᠡ ᠦᠢᠯᠡᠴᠢᠯᠡᠬᠡᠨ ᠤ ᠦᠢᠯᠡᠰ ᠢ ᠲᠦᠷᠬᠡᠳᠬᠡᠨ ᠬᠦᠭᠵᠢᠬᠦᠯᠵᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ᠂ ᠰᠠᠭᠤᠷᠢ ᠲᠦᠬᠦᠬᠡᠷᠦᠮᠵᠢ ᠶᠢᠨ ᠴᠢᠨᠠᠷᠳᠠᠢ ᠦᠢᠯᠡᠴᠢᠯᠡᠬᠡᠨ ᠤ ᠦᠢᠯᠡᠰ ᠤᠨ ᠬᠠᠩᠭᠠᠯᠭ᠎ᠠ ᠶᠢ ᠴᠢᠩᠭᠠᠳᠬᠠᠨ᠎ᠠ᠃ ᠦᠢᠯᠡᠴᠢᠯᠡᠬᠡᠨ ᠤ ᠦᠢᠯᠡᠰ ᠤᠨ ᠪᠠᠷᠢᠮᠵᠢᠶᠠᠵᠢᠬᠰᠠᠨ᠂ ᠲᠦᠷᠦᠯ ᠲᠡᠮᠳᠡᠭᠵᠢᠭᠰᠡᠨ ᠪᠦᠲᠦᠬᠡᠨ ᠪᠠᠶᠢᠭᠤᠯᠤᠯᠳᠠ ᠶᠢ ᠠᠬᠢᠭᠤᠯᠤᠨ᠎ᠠ᠃    14. ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠵᠦ ᠠᠬᠢᠭᠤᠯᠤᠨ᠎ᠠ᠃ ᠰᠢᠰᠲ᠋ᠧᠮ ᠪᠦᠷᠢᠨ ᠲᠦᠬᠦᠷ᠂ ᠦᠨᠳᠦᠷ ᠪᠦᠲᠦᠮᠵᠢᠳᠡᠢ ᠪᠤᠳᠠᠳᠤ ᠬᠡᠷᠡᠭᠯᠡᠯᠳᠡ ᠲᠠᠢ᠂ ᠤᠶᠤᠨᠳᠦ ᠪᠤᠬᠢᠷᠳᠤᠯ ᠦᠬᠡᠢ᠂ ᠠᠮᠤᠷ ᠲᠦᠪᠰᠢᠨ ᠨᠠᠶᠢᠳᠠᠪᠤᠷᠢᠳᠠᠢ ᠤᠳᠤᠬᠢᠴᠢᠯᠠᠬᠰᠨᠨ ᠰᠠᠭᠤᠷᠢ ᠲᠦᠬᠦᠬᠡᠷᠦᠮᠵᠢ ᠶᠢᠨ ᠰᠢᠰᠲ᠋ᠧᠮ ᠢ ᠴᠤᠬᠴᠠᠯᠠᠨ᠎ᠠ᠃ ᠰᠢᠨ᠎ᠠ ᠬᠡᠯᠪᠡᠷᠢ ᠶᠢᠨ ᠰᠠᠭᠤᠷᠢ ᠲᠦᠬᠦᠬᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠤᠨ᠂ ᠲᠠᠪᠤᠳᠤᠭᠠᠷ ᠦᠶ᠎ᠠ ᠶᠢᠨ ᠰᠢᠯᠵᠢᠬᠡ ᠬᠤᠯᠪᠤᠭ᠎ᠠ᠂ ᠠᠵᠦ ᠦᠢᠯᠡᠳᠪᠦᠷᠢ ᠶᠢᠨ ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ ᠶᠢᠨ ᠲᠦᠪ ᠵᠡᠷᠬᠡ ᠶᠢᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠵᠠᠮ ᠬᠠᠷᠢᠯᠴᠠᠭᠠᠨ ᠤ ᠬᠦᠴᠦᠷᠭᠡᠭ ᠤᠯᠤᠰ ᠢ ᠲᠦᠷᠬᠡᠳᠬᠡᠨ ᠪᠦᠲᠦᠬᠡᠨ ᠪᠠᠶᠢᠭᠤᠯᠵᠦ᠂ ᠶᠡᠷᠦᠩᠬᠡᠶᠢᠯᠡᠭᠰᠡᠨ ᠲᠡᠬᠡᠬᠡᠪᠦᠷᠢ ᠶᠢᠨ ᠲᠤᠮᠤ ᠵᠠᠮ ᠱᠤᠭᠤᠮ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠤ ᠪᠠ ᠪᠠᠷᠠᠭᠠᠨ ᠤ ᠬᠦᠢᠯᠬᠡᠬᠡ ᠶᠢᠨ ᠲᠤᠤᠷ ᠢ ᠲᠡᠬᠦᠯᠳᠡᠷᠵᠢᠬᠦᠯᠦᠨ᠂ ᠬᠤᠳᠠ ᠶᠢᠨ ᠪᠦᠯᠦᠭᠵᠢᠯ ᠪᠠ ᠬᠤᠳᠠ ᠶᠢᠨ ᠲᠤᠭᠤᠷᠢᠬ ᠤᠨ ᠵᠢᠮᠳᠤ ᠵᠠᠮ ᠤᠨ ᠵᠠᠮ ᠬᠠᠷᠢᠯᠴᠠᠭᠠᠨ ᠤ ᠲᠤᠤᠷᠴᠢᠯᠠᠯᠳᠠ ᠶᠢ ᠲᠦᠷᠬᠡᠳᠬᠡᠨ᠂ ᠬᠦᠳᠡᠭᠡ ᠲᠤᠰᠬᠤᠨ ᠪᠠ ᠬᠢᠯᠢ ᠬᠢᠵᠠᠭᠠᠷ ᠤᠨ ᠭᠠᠵᠠᠷ ᠤᠷᠤᠨ ᠤ ᠵᠠᠮ ᠬᠠᠷᠢᠯᠴᠠᠭ᠎ᠠ ᠨᠡᠪᠳᠡᠷᠡᠬᠦ ᠬᠦᠨᠴᠡ ᠶᠢ ᠲᠡᠭᠡᠭᠰᠢᠯᠡᠬᠦᠯᠦᠨ᠎ᠠ᠃ ᠡᠨᠧᠷᠬᠢ ᠶᠢᠨ ᠬᠤᠪᠢᠰᠬᠠᠯ ᠢ ᠠᠬᠢᠭᠤᠯᠤᠨ ᠂ ᠡᠨᠧᠷᠬᠢ ᠶᠢᠨ ᠦᠢᠯᠡᠳᠪᠦᠷᠢᠯᠡᠯ ᠬᠠᠩᠭᠠᠯᠭ᠎ᠠ ᠪᠤᠷᠤᠯᠠᠭᠤᠯᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠦᠨ᠂ ᠤᠯᠤᠰ ᠤᠨ ᠲᠤᠳᠤᠭᠠᠳᠤ ᠶᠢᠨ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠢᠯᠡᠷᠡᠬᠦᠯᠵᠦ ᠨᠡᠬᠡᠬᠡᠨ ᠬᠦᠭᠵᠢᠬᠦᠯᠬᠦ ᠶᠢ ᠴᠢᠩᠭᠠᠳᠬᠠᠨ᠂ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢ ᠨᠦᠬᠡᠴᠡᠯᠡᠬᠦ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠨ᠂ ᠪᠦᠬᠦ ᠤᠯᠤᠰ ᠤᠨ ᠭᠤᠤᠯ ᠱᠤᠭᠤᠮ ᠤᠨ ᠴᠢᠯᠠᠭᠤᠨ ᠳᠤᠰᠦ ᠰᠢᠲᠠᠮᠠᠬᠠᠢ ᠬᠡᠢ ᠶᠢᠨ ᠬᠤᠭᠤᠯᠠᠢ ᠶᠢᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠨ᠂ ᠤᠶᠤᠨᠴᠢ ᠡᠨᠧᠷᠬᠢ ᠶᠢᠨ ᠰᠢᠰᠲ᠋ᠧᠮ ᠢ ᠪᠦᠲᠦᠬᠡᠨ ᠪᠠᠶᠢᠭᠤᠯᠵᠦ᠂ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠦᠷᠭᠡᠯᠳᠡ ᠶᠢᠨ ᠱᠤᠭᠤᠮ ᠤᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ ᠰᠢᠨ᠎ᠠ ᠡᠨᠧᠷᠬᠢ ᠶᠢ ᠬᠡᠷᠡᠭᠯᠡᠵᠦ ᠬᠤᠷᠢᠶᠠᠬᠤ ᠪᠠ ᠨᠦᠬᠡᠴᠡᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠠᠯᠤᠰ ᠬᠢᠵᠠᠭᠠᠷ ᠤᠨ ᠭᠠᠵᠠᠷ ᠤᠷᠤᠨ ᠳᠤ ᠴᠠᠬᠢᠯᠭᠠᠨ ᠬᠦᠷᠬᠡᠵᠦ ᠲᠤᠬᠢᠷᠠᠭᠤᠯᠬᠤ ᠴᠢᠳᠠᠪᠤᠷᠢ ᠶᠢ ᠲᠡᠭᠡᠭᠰᠢᠯᠡᠬᠦᠯᠦᠨ᠎ᠠ᠃ ᠤᠰᠤᠨ ᠠᠰᠢᠬᠯᠠᠯᠳᠠ ᠶᠢᠨ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠬ ᠢ ᠰᠢᠯᠢᠳᠡᠭᠵᠢᠬᠦᠯᠦᠨ ᠲᠤᠬᠢᠷᠠᠭᠤᠯᠬᠤ ᠪᠠ ᠦᠶᠡᠷ ᠭᠠᠩ ᠤᠨ ᠭᠠᠮᠰᠢᠬ ᠢ ᠰᠡᠷᠬᠡᠶᠢᠯᠡᠨ ᠬᠤᠷᠢᠬᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠠ᠃    15. ᠲᠤᠭᠠᠴᠢᠯᠠᠯᠳᠠ ᠶᠢᠨ ᠬᠦᠭᠵᠢᠯᠳᠡ ᠶᠢ ᠲᠦᠷᠬᠡᠳᠬᠡᠨ᠎ᠠ᠃ ᠲᠤᠭᠠᠴᠢᠯᠠᠬᠰᠨᠨ ᠠᠵᠦ ᠠᠬᠤᠢ ᠶᠢ ᠬᠦᠭᠵᠢᠬᠦᠯᠦᠨ᠂ ᠲᠤᠭᠠᠴᠢᠯᠠᠯᠳᠠ ᠶᠢ ᠠᠵᠦ ᠦᠢᠯᠡᠰᠵᠢᠬᠦᠯᠬᠦ ᠪᠠ ᠠᠵᠦ ᠦᠢᠯᠡᠰ ᠢ ᠲᠤᠭᠠᠴᠢᠯᠠᠬᠤ ᠶᠢ ᠠᠬᠢᠭᠤᠯᠤᠨ᠂ ᠲᠤᠭᠠᠴᠢᠯᠠᠬᠰᠠᠨ ᠠᠵᠦ ᠠᠬᠤᠢ ᠪᠠ ᠪᠤᠳᠠᠳᠤ ᠴᠤᠬᠴᠠ ᠶᠢᠨ ᠠᠵᠦ ᠠᠬᠤᠢ ᠶᠢ ᠬᠦᠨᠵᠡᠬᠡᠢ ᠠᠭᠤᠰᠤᠯᠴᠠᠭᠤᠯᠬᠤ ᠶᠢ ᠠᠬᠢᠭᠤᠯᠤᠨ᠂ ᠤᠯᠠᠨ ᠤᠯᠤᠰ ᠤᠨ ᠦᠷᠢᠰᠦᠯᠳᠦᠬᠦ ᠬᠦᠴᠦᠨ ᠪᠦᠬᠦᠢ ᠲᠤᠭᠠᠴᠢᠯᠠᠬᠰᠠᠨ ᠠᠵᠦ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ ᠲᠤᠭᠠᠴᠢᠯᠠᠬᠰᠠᠨ ᠨᠡᠶᠢᠬᠡᠮ᠂ ᠲᠤᠭᠠᠴᠢᠯᠠᠬᠰᠠᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠂ ᠤᠯᠡᠨ ᠨᠡᠶᠢᠳᠡ ᠶᠢᠨ ᠦᠢᠯᠡᠴᠢᠯᠡᠭᠡ᠂ ᠨᠡᠶᠢᠬᠡᠮ ᠤᠨ ᠵᠠᠰᠠᠯᠳᠠ ᠵᠡᠷᠬᠡ ᠶᠢᠨ ᠲᠤᠭᠠᠴᠢᠯᠠᠯᠳᠠ ᠤᠶᠤᠨᠴᠢᠯᠠᠯᠳᠠ ᠶᠢᠨ ᠲᠦᠪᠰᠢᠨ ᠢ ᠲᠡᠭᠡᠭᠰᠢᠯᠡᠬᠦᠯᠦᠨ᠎ᠠ᠃ ᠳ᠋ᠠᠶᠢᠲ᠋ᠠ ᠶᠢᠨ ᠡᠬᠢ ᠪᠠᠶᠠᠯᠢᠬ ᠤᠨ ᠦᠮᠴᠢᠯᠡᠯ ᠤᠨ ᠡᠷᠬᠡ᠂ ᠠᠷᠠᠯᠵᠢᠶᠠᠨ ᠤ ᠬᠦᠢᠯᠬᠡᠬᠡ᠂ ᠬᠢᠯᠢ ᠠᠯᠤᠰᠯᠠᠬᠰᠠᠨ ᠲᠠᠮᠵᠢᠭᠤᠯᠭ᠎ᠠ ᠪᠠ ᠠᠮᠤᠷ ᠲᠦᠪᠰᠢᠨ ᠤ ᠬᠠᠮᠠᠭᠠᠯᠠᠯᠳᠠ ᠵᠡᠷᠬᠡ ᠶᠢᠨ ᠦᠨᠳᠦᠰᠦᠨ ᠲᠦᠷᠢᠮ ᠪᠠ ᠪᠠᠷᠢᠮᠵᠢᠶ᠎ᠠ ᠵᠢᠷᠤᠮᠵᠢᠭᠤᠯᠤᠯ ᠢ ᠪᠠᠶᠢᠭᠤᠯᠤᠨ᠂ ᠳ᠋ᠠᠶᠢᠲ᠋ᠠ ᠶᠢᠨ ᠡᠬᠢ ᠪᠠᠶᠠᠯᠢᠬ ᠢ ᠨᠡᠬᠡᠬᠡᠨ ᠬᠦᠭᠵᠢᠬᠦᠯᠵᠦ ᠠᠰᠢᠬᠯᠠᠬᠤ ᠶᠢ ᠠᠬᠢᠭᠤᠯᠤᠨ᠎ᠠ᠃ ᠤᠯᠠᠨ ᠨᠡᠶᠢᠳᠡ ᠶᠢᠨ ᠦᠨᠳᠦᠰᠦᠨ ᠮᠡᠳᠡᠭᠡ ᠵᠠᠩᠬᠢ ᠶᠢᠨ ᠳ᠋ᠠᠶᠢᠲ᠋ᠠ ᠶᠢ ᠡᠮᠬᠢ ᠵᠢᠷᠤᠮ ᠲᠠᠢ ᠪᠠᠷ ᠨᠡᠬᠡᠬᠡᠯᠳᠡ ᠲᠠᠢ ᠪᠤᠯᠭᠠᠬᠤ ᠶᠢ ᠦᠷᠬᠡᠳᠬᠡᠨ᠂ ᠤᠯᠤᠰ ᠤᠨ ᠳ᠋ᠠᠶᠢᠲ᠋ᠠ ᠶᠢ ᠨᠢᠬᠡᠳᠦᠯᠳᠡᠢ ᠬᠠᠮᠳᠤ ᠪᠠᠷ ᠡᠳ᠋ᠯᠡᠬᠦ ᠲᠠᠪᠴᠠᠩ ᠢ ᠪᠦᠲᠦᠬᠡᠨ ᠪᠠᠶᠢᠭᠤᠯᠤᠨ᠎ᠠ᠃ ᠤᠯᠤᠰ ᠤᠨ ᠳ᠋ᠠᠶᠢᠲ᠋ᠠ ᠶᠢᠨ ᠠᠮᠤᠷ ᠲᠦᠪᠰᠢᠨ ᠢ ᠪᠠᠳᠤᠯᠠᠨ᠂ ᠬᠤᠪᠢ ᠬᠦᠮᠦᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠪᠦᠬᠦ ᠠᠷᠠᠳ ᠤᠨ ᠲᠤᠭᠠᠴᠢᠯᠠᠬᠰᠠᠨ ᠮᠡᠷᠬᠡᠵᠢᠯ ᠤᠨ ᠴᠢᠳᠠᠪᠤᠷᠢ ᠶᠢ ᠲᠡᠭᠡᠭᠰᠢᠯᠡᠬᠦᠯᠦᠨ᠂ ᠮᠡᠳᠡᠭᠡ ᠵᠠᠩᠬᠢ ᠶᠢᠨ ᠦᠢᠯᠡᠴᠢᠯᠡᠭᠡ ᠶᠢ ᠪᠦᠬᠦᠨ ᠢ ᠪᠦᠷᠬᠦᠬᠦᠯᠦᠨ᠎ᠠ᠃ ᠲᠤᠭᠠᠴᠢᠯᠠᠯᠳᠠ ᠶᠢᠨ ᠬᠦᠷᠢᠶᠡᠨ ᠳᠠᠬᠢ ᠤᠯᠠᠨ ᠤᠯᠤᠰ ᠤᠨ ᠲᠦᠷᠢᠮ ᠪᠠ ᠪᠠᠷᠢᠮᠵᠢᠶ᠎ᠠ ᠶᠢ ᠲᠤᠭᠳᠠᠭᠠᠬᠤ ᠳᠤ ᠢᠳᠡᠪᠬᠢᠳᠡᠢ ᠤᠷᠤᠯᠴᠠᠨ᠎ᠠ᠃    ᠲᠠᠪᠤ᠂ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠤᠢ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ    ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ ᠂ ᠪᠦᠷᠢᠨ ᠪᠦᠲᠦᠨ ᠳᠣᠲᠣᠭᠠᠳᠤ ᠬᠡᠷᠡᠭᠴᠡᠭᠡ ᠶᠢᠨ ᠰᠢᠰᠲ᠋ᠧᠮ ᠢ ᠲᠦᠷᠭᠡᠳᠬᠡᠨ ᠪᠤᠶᠢᠵᠢᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠂ ᠴᠢᠨᠠᠷ ᠰᠠᠶᠢᠲᠠᠶ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠬᠥᠲᠥᠯᠥᠨ ᠳᠠᠭᠠᠭᠤᠯᠬᠤ ᠪᠠ ᠡᠭᠦᠳᠦᠨ ᠪᠦᠲᠦᠭᠡᠨ᠎ᠡ᠃    16. ᠤᠯᠤᠰ ᠤᠨ ᠳᠣᠲᠣᠭᠠᠳᠤ ᠶᠢᠨ ᠶᠡᠭᠡ ᠤᠷᠴᠢᠯ ᠢ ᠰᠠᠭᠠᠳ ᠦᠭᠡᠢ ᠨᠡᠪᠲᠡᠷᠡᠭᠦᠯᠦᠨ᠎ᠡ᠃ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠲᠦᠰᠢᠭᠯᠡᠨ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠤ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠠᠵᠢᠯ ᠲᠥᠷᠥᠯ ᠤᠨ ᠭᠠᠭᠴᠠᠭᠠᠷ ᠡᠵᠡᠮᠰᠢᠯ ᠪᠠ ᠣᠷᠣᠨ ᠨᠤᠲᠤᠭ ᠤᠨ ᠬᠠᠮᠠᠭᠠᠯᠠᠯᠲᠠ ᠶᠢ ᠡᠪᠳᠡᠵᠦ᠂ ᠤᠯᠤᠰ ᠠᠷᠠᠳ ᠤᠨ ᠠᠵᠤ ᠠᠬᠤᠶ ᠶᠢᠨ ᠰᠢᠯᠢᠳᠡᠭ ᠣᠷᠴᠢᠯ ᠢ ᠪᠤᠢ ᠪᠣᠯᠭᠠᠨ᠎ᠠ᠃ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠠᠩᠭᠠᠯᠭ᠎ᠠ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠬᠠᠩᠭᠠᠯᠭ᠎ᠠ ᠶᠢᠨ ᠰᠢᠰᠲ᠋ᠧᠮ ᠤᠨ ᠤᠯᠤᠰ ᠤᠨ ᠳᠣᠲᠣᠭᠠᠳᠤ ᠶᠢᠨ ᠬᠡᠷᠡᠭᠴᠡᠭᠡ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠤᠨ ᠬᠥᠷᠥᠩᠭᠡ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠳᠡᠭᠡᠳᠦ ᠲᠤᠤᠷᠠᠳᠤ ᠬᠡᠯᠬᠢᠶ᠎ᠡ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ ᠪᠦᠲᠦᠮᠵᠢᠲᠡᠶ ᠵᠣᠯᠭᠠᠯᠴᠠᠭᠤᠯᠬᠤ ᠶᠢ ᠪᠡᠶᠡᠯᠡᠭᠦᠯᠵᠦ᠂ ᠲᠠᠷᠢᠶᠠᠯᠠᠩ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠡᠨᠧᠷᠭᠢ ᠡᠬᠢ ᠪᠠᠶᠠᠯᠢᠭ ᠵᠡᠷᠭᠡ ᠠᠵᠤ ᠦᠢᠯᠡᠰ ᠤᠨ ᠲᠦᠷᠦᠯ ᠵᠦᠢᠯ ᠤᠨ ᠬᠠᠷᠢᠴᠠᠭ᠎ᠠ ᠵᠣᠬᠢᠴᠠᠩᠭᠤᠢ ᠪᠠᠶᠢᠬᠤ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠲᠠᠸᠠᠷ ᠤᠨ ᠦᠢᠯᠡᠴᠢᠯᠡᠭᠡᠨ ᠤ ᠬᠦᠢᠯᠭᠡᠭᠡ ᠶᠢ ᠬᠠᠷᠰᠢᠯᠠᠬᠤ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠪᠦᠬᠦ ᠨᠡᠶᠢᠭᠡᠮ ᠤᠨ ᠠᠷᠠᠯᠵᠢᠶᠠᠨ ᠤ ᠥᠪᠡᠷ ᠤᠨ ᠦᠷᠲᠡᠭ ᠢ ᠪᠠᠭᠤᠷᠠᠭᠤᠯᠤᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠡᠷᠡᠭᠴᠡᠭᠡ ᠪᠠᠷ ᠬᠠᠩᠭᠠᠯᠭ᠎ᠠ ᠶᠢ ᠬᠥᠲᠥᠯᠬᠦ᠂ ᠬᠠᠩᠭᠠᠯᠭ᠎ᠠ ᠪᠠᠷ ᠭᠡᠷᠡᠭᠴᠡᠭᠡ ᠶᠢ ᠡᠭᠦᠳᠦᠨ ᠪᠦᠲᠦᠭᠡᠬᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠶ ᠲᠡᠩᠴᠡᠭᠦᠷᠢ ᠶᠢ ᠪᠣᠶ ᠪᠣᠯᠭᠠᠨ᠎ᠠ᠃    17. ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠪᠣᠯᠤᠨ ᠠᠷᠠᠯᠵᠢᠶᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠵᠤᠬᠢᠴᠠᠯᠳᠤᠭᠤᠯᠤᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠬᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠬᠯᠠᠨ᠂ ᠳᠣᠲᠣᠭᠠᠳᠤ ᠬᠡᠷᠡᠭᠴᠡᠭᠡ ᠪᠠ ᠭᠠᠳᠠᠭᠠᠳᠤ ᠬᠡᠷᠡᠭᠴᠡᠭᠡ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ᠂ ᠭᠠᠳᠠᠭᠠᠳᠤ ᠪᠡᠯᠡ ᠶᠢ ᠣᠷᠣᠭᠤᠯᠬᠤ ᠪᠠ ᠭᠠᠳᠠᠭᠠᠳᠤ ᠪᠡᠯᠡ ᠣᠷᠣᠭᠤᠯᠤᠯᠲᠠ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠤᠯᠠᠨ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢᠨ ᠦᠨᠳᠦᠰᠦᠨ ᠳᠡᠭᠡᠨ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠶᠢ ᠳᠤᠬᠢᠷᠠᠭᠤᠯᠤᠨ ᠡᠵᠡᠮᠳᠠᠬᠦ ᠰᠢᠰᠲ᠋ᠧᠮ ᠢ ᠲᠡᠭᠦᠯᠳᠡᠷᠵᠢᠭᠦᠯᠵᠦ᠂ ᠳᠣᠲᠣᠭᠠᠳᠤ ᠭᠠᠳᠠᠭᠠᠳᠤ ᠠᠷᠠᠯᠵᠢᠶᠠᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠬᠢᠨᠠᠨ ᠬᠠᠮᠢᠶᠠᠷᠬᠤ ᠪᠠᠶᠢᠭᠤᠯᠤᠮᠵᠢ᠂ ᠡᠵᠡᠩᠨᠡᠯᠲᠡ ᠶᠢᠨ ᠬᠢᠷᠢ ᠬᠡᠮ᠂ ᠶᠠᠰᠤ ᠴᠢᠨᠠᠷ ᠤᠨ ᠪᠠᠷᠢᠮᠵᠢᠶ᠎ᠠ᠂ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ᠂ ᠭᠡᠷᠡᠴᠢᠯᠡᠵᠦ ᠵᠥᠪᠰᠢᠶᠡᠷᠡᠬᠦ ᠵᠡᠷᠭᠡ ᠶᠢ ᠬᠠᠷᠢᠯᠴᠠᠨ ᠵᠣᠯᠭᠠᠭᠤᠯᠬᠤ ᠶᠢ ᠠᠬᠢᠭᠤᠯᠵᠤ᠂ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠴᠢᠨᠠᠷ ᠢ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠪᠠᠶᠢᠷᠢᠰᠢᠯ᠂ ᠲᠠᠸᠠᠷ ᠤᠨ ᠪᠦᠲᠦᠴᠡ᠂ ᠠᠷᠠᠯᠵᠢᠶᠠᠨ ᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠭᠠᠳᠠᠭᠠᠳᠤ ᠳᠤ ᠭᠠᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠶ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠨᠡᠮᠡᠭᠳᠡᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ ᠶᠢ ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃    18. ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡᠨ ᠤ ᠰᠠᠭᠤᠷᠢ ᠴᠢᠨᠠᠷᠲᠠᠶ ᠦᠢᠯᠡᠳᠤᠯ ᠢ ᠴᠢᠩᠭᠠᠳᠬᠠᠨ᠂ ᠬᠡᠷᠡᠭᠯᠡᠭᠡᠨ ᠤ ᠳᠡᠰ ᠳᠡᠪᠰᠢᠬᠦ ᠬᠠᠨᠳᠤᠰᠢ ᠳᠤ ᠵᠣᠬᠢᠴᠠᠭᠤᠯᠵᠤ᠂ ᠤᠯᠠᠮᠵᠢᠯᠠᠯᠲᠤ ᠬᠡᠷᠡᠭᠯᠡᠭᠡ ᠶᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠬᠡᠷᠡᠭᠯᠡᠭᠡ ᠶᠢ ᠪᠤᠶᠢᠵᠢᠭᠤᠯᠤᠨ ᠂ ᠤᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠶ ᠪᠠᠷ ᠨᠡᠮᠡᠭᠳᠡᠭᠦᠯᠦᠨ᠎ᠡ᠃ ᠶᠠᠰᠤ ᠴᠢᠨᠠᠷ ᠲᠦᠷᠦᠯ ᠲᠡᠮᠳᠡᠭ ᠢᠶᠠᠷ ᠭᠤᠣᠯᠳᠠᠯᠭ᠎ᠠ ᠪᠣᠯᠭᠠᠵᠤ᠂ ᠬᠡᠷᠡᠭᠯᠡᠭᠡ ᠶᠢᠨ ᠪᠣᠬᠢᠷᠲᠤᠯ ᠦᠭᠡᠢ᠂ ᠡᠷᠡᠭᠦᠯ᠂ ᠠᠮᠤᠷ ᠲᠦᠪᠰᠢᠨ ᠲᠡᠶᠢᠰᠢ ᠬᠥᠭᠵᠢᠬᠦ ᠶᠢ ᠠᠬᠢᠭᠤᠯᠵᠤ᠂ ᠬᠡᠷᠡᠭᠯᠡᠭᠡ ᠶᠢᠨ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠵᠣᠷᠢᠭᠵᠢᠭᠤᠯᠤᠨ᠎ᠠ᠃ ᠮᠠᠰᠢᠨ ᠲᠡᠷᠭᠡ ᠵᠡᠷᠭᠡ ᠬᠡᠷᠡᠭᠯᠡᠭᠡᠨ ᠤ ᠵᠦᠢᠯᠡᠰ ᠤᠨ ᠬᠤᠳᠠᠯᠳᠤᠨ ᠠᠪᠬᠤ ᠬᠠᠮᠢᠶᠠᠷᠤᠯᠲᠠ ᠠᠴᠠ ᠬᠡᠷᠡᠭᠯᠡᠬᠦ ᠬᠠᠮᠢᠶᠠᠷᠤᠯᠲᠠ ᠳᠠᠶᠢᠰᠢ ᠬᠤᠪᠢᠷᠠᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠬᠡᠷᠡᠭᠯᠡᠭᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮ ᠢ ᠪᠦᠷᠢᠨᠰᠢᠭᠦᠯᠵᠦ᠂ ᠥᠢᠷᠡᠳᠤᠵᠥ ᠦᠯᠦ ᠬᠥᠷᠥᠯᠴᠠᠬᠦ ᠠᠷᠠᠯᠵᠢᠶᠠᠨ ᠤ ᠦᠢᠯᠡᠴᠢᠯᠡᠭᠡ ᠶᠢ ᠬᠥᠭᠵᠢᠭᠦᠯᠵᠦ᠂ ᠠᠵᠤ ᠠᠬᠤᠶᠢᠯᠠᠯ ᠤᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠤᠲᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠎ᠡ᠃ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠨ᠎ᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠲᠦᠷᠢᠮ ᠢ ᠲᠡᠭᠦᠯᠳᠡᠷᠵᠢᠭᠦᠯᠵᠦ᠂ ᠴᠠᠯᠢᠩ ᠲᠠᠢ ᠪᠠᠷ ᠠᠮᠠᠷᠠᠬᠤ ᠲᠦᠷᠢᠮ ᠢ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠡᠷᠡᠭᠯᠡᠭᠡ ᠶᠢ ᠥᠷᠭᠡᠳᠬᠡᠨ᠎ᠡ᠃ ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢ ᠪᠠᠶᠢᠭᠤᠯᠤᠨ᠎ᠠ᠃ ᠬᠡᠷᠡᠭᠯᠡᠭᠡᠨ ᠤ ᠣᠷᠴᠢᠨ ᠲᠤᠭᠤᠷᠢᠨ ᠢ ᠰᠠᠶᠢᠵᠢᠷᠠᠭᠤᠯᠵᠤ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃    19. ᠪᠡᠯᠡ ᠣᠷᠣᠭᠤᠯᠤᠯᠲᠠ ᠶᠢᠨ ᠣᠷᠣᠨ ᠵᠠᠶ ᠶᠢ ᠥᠷᠭᠡᠳᠬᠡᠨ᠎ᠡ᠃ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠡᠯᠡ ᠣᠷᠣᠭᠤᠯᠤᠯᠲᠠ ᠶᠢᠨ ᠵᠦᠶ ᠵᠣᠬᠢᠰᠲᠠᠶ ᠨᠡᠮᠡᠭᠳᠡᠯ ᠢ ᠪᠠᠲᠤᠯᠠᠵᠤ᠂ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠤᠯ ᠢ ᠪᠠᠳᠠᠷᠠᠭᠤᠯᠤᠨ᠎ᠠ᠃ ᠰᠠᠭᠤᠷᠢ ᠲᠥᠬᠦᠭᠡᠷᠦᠮᠵᠢ᠂ ᠬᠤᠲᠠ ᠶᠢᠨ ᠵᠠᠰᠠᠭ ᠤᠨ ᠶᠠᠪᠤᠳᠠᠯ ᠤᠨ ᠢᠨᠵᠧᠨᠧᠷᠢᠩ᠂ ᠲᠠᠷᠢᠶᠠᠯᠠᠩ ᠬᠥᠳᠡᠭᠡ ᠲᠣᠰᠬᠤᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠮᠢ ᠠᠬᠤᠶ ᠤᠷᠴᠢᠨ ᠲᠤᠭᠤᠷᠢᠨ ᠤ ᠬᠠᠮᠠᠭᠠᠯᠠᠯᠳᠠ ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ᠂ ᠡᠳ᠋ ᠪᠤᠳᠠᠰ ᠤᠨ ᠨᠦᠭᠡᠴᠡᠯᠡᠯᠳᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠨ᠎ᠡ᠃ ᠠᠵᠤ ᠠᠬᠤᠶᠢᠯᠠᠯ ᠤᠨ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ᠂ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠳᠤ ᠠᠰᠢᠭᠲᠠᠶ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠡᠮᠵᠢᠨ᠎ᠠ᠃ ᠰᠧᠴᠦᠸᠠᠨ ᠲᠦᠪᠡᠳ ᠤᠨ ᠲᠡᠮᠦᠷ ᠵᠠᠮ᠂ ᠪᠠᠷᠠᠭᠤᠨ ᠬᠡᠰᠡᠭ ᠤᠨ ᠡᠬᠡ ᠬᠠᠭᠤᠷᠠᠶ ᠳᠠᠯᠠᠶ ᠲᠠᠩᠭᠢᠰ ᠤᠨ ᠰᠢᠨ᠎ᠡ ᠨᠠᠪᠲᠡᠷᠡᠬᠦ ᠵᠠᠮ᠂ ᠤᠯᠤᠰ ᠤᠨ ᠤᠰᠤᠨ ᠤ ᠲᠣᠤᠷ᠂ ᠶᠠᠯᠦ᠋ᠰᠠᠩᠪᠦ ᠮᠥᠷᠡᠨ ᠤ ᠳᠣᠣᠷᠠᠳᠤ ᠤᠷᠤᠰᠬᠠᠯ ᠤᠨ ᠤᠰᠤᠨ ᠴᠠᠬᠢᠯᠭᠠᠨ ᠤ ᠨᠡᠭᠡᠭᠡᠯᠲᠡ᠂ ᠣᠳᠣᠨ ᠣᠷᠣᠨ ᠤ ᠬᠠᠶᠢᠨ ᠬᠡᠮᠵᠢᠯᠲᠡ᠂ ᠳᠣᠬᠢᠭᠤᠷ ᠳᠣᠯᠣᠭᠠᠨ ᠣᠳᠣᠨ ᠤ ᠠᠵᠤ ᠦᠢᠯᠡᠰᠵᠢᠯᠲᠡ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ᠂ ᠴᠢᠬᠤᠯᠠ ᠶᠡᠭᠡ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠴᠢᠬᠤᠯᠠ ᠶᠡᠭᠡ ᠤᠰᠤ ᠲᠠᠲᠠᠨ ᠲᠣᠬᠢᠷᠠᠭᠤᠯᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠬᠢᠯᠭᠠᠨ ᠬᠦᠷᠭᠡᠵᠦ ᠬᠡᠢ ᠳᠠᠮᠵᠢᠭᠤᠯᠬᠤ᠂ ᠮᠥᠷᠡᠨ ᠳᠠᠭᠠᠤ ᠲᠠᠯᠠᠢ ᠳᠠᠭᠠᠤ ᠵᠠᠮ ᠬᠠᠷᠢᠯᠴᠠᠭ᠎ᠠ ᠵᠡᠷᠭᠡ ᠨᠢᠭᠡ ᠪᠦᠯᠦᠭ ᠰᠠᠭᠤᠷᠢ ᠶᠢ ᠴᠢᠩᠭᠠᠳᠬᠠᠬᠤ᠂ ᠴᠢᠳᠠᠮᠵᠢ ᠶᠢ ᠨᠡᠮᠡᠭᠳᠡᠭᠦᠯᠬᠦ᠂ ᠠᠯᠤᠰ ᠢᠷᠡᠭᠡᠳᠦᠢ ᠳᠤ ᠠᠰᠢᠭᠲᠠᠶ ᠴᠢᠬᠤᠯᠠ ᠶᠡᠭᠡ ᠲᠦᠷᠦᠯ ᠵᠦᠢᠯ ᠎ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠪᠡᠯᠡ ᠣᠷᠣᠭᠤᠯᠤᠯᠲᠠ ᠶᠢᠨ ᠳᠣᠲᠣᠭᠠᠳᠤ ᠨᠡᠮᠡᠭᠳᠡᠯ ᠤᠨ ᠲᠣᠭᠲᠠᠴᠠ ᠶᠢ ᠪᠦᠷᠢᠯᠳᠦᠭᠦᠯᠦᠨ᠎ᠡ᠃    ᠵᠢᠷᠭᠤᠭ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠥᠨᠳᠥᠷ ᠲᠦᠪᠰᠢᠨ ᠪᠦᠬᠦᠢ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠶᠢ ᠪᠠᠶᠢᠭᠤᠯᠤᠨ᠎ᠠ    ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠮᠵᠢ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠤᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠤᠯ ᠢ ᠨᠡᠩ ᠰᠠᠶᠢᠲᠤᠷ ᠪᠠᠳᠠᠷᠠᠭᠤᠯᠵᠤ᠂ ᠦᠷ᠎ᠡ ᠠᠰᠢᠬᠳᠠᠢ ᠵᠠᠬ᠎ᠠ ᠳᠡᠯᠭᠡᠭᠦᠷ ᠪᠠ ᠪᠦᠲᠦᠮᠵᠢᠳᠡᠢ ᠵᠠᠰᠠᠭ ᠤᠨ ᠤᠷᠳᠤᠨ ᠤ ᠨᠡᠩ ᠰᠠᠶᠢᠨ ᠦᠢᠯᠡᠳᠤᠯ ᠢ ᠠᠬᠢᠭᠤᠯᠤᠨ᠎ᠠ᠃    20. ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠃ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠥᠴᠦᠬᠡᠨ ᠴᠦ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠤᠨ᠎ᠠ᠃ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠬᠤ ᠦᠢᠯᠡᠳᠤᠯ ᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠳᠭᠡᠨ ᠲᠡᠭᠦᠯᠳᠡᠷᠵᠢᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠦᠷᠦᠩᠭᠡ ᠶᠢ ᠬᠠᠮᠢᠶᠠᠷᠬᠤ ᠪᠠᠷ ᠭᠤᠤᠯ ᠪᠣᠯᠭᠠᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢᠨ ᠪᠡᠯᠡ ᠣᠷᠣᠭᠤᠯᠤᠯᠲᠠ᠂ ᠡᠵᠡᠩᠨᠡᠯᠲᠡ ᠶᠢᠨ ᠺᠣᠮᠫᠠᠨᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠡᠨᠧᠷᠭᠢ᠂ ᠲᠡᠮᠦᠷ ᠵᠠᠮ᠂ ᠴᠠᠬᠢᠯᠭᠠᠨ ᠬᠤᠯᠪᠣᠭ᠎ᠠ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠵᠡᠷᠭᠡ ᠠᠵᠢᠯ ᠲᠦᠷᠦᠯ ᠤᠨ ᠥᠷᠢᠰᠥᠯᠳᠦᠭᠡᠨ ᠤ ᠴᠢᠨᠠᠷᠲᠠᠶ ᠭᠤᠭᠴᠤᠭ᠎ᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠬᠦ ᠡᠷᠬᠡ ᠪᠣᠯᠤᠨ ᠠᠵᠤ ᠠᠬᠤᠶᠢᠯᠠᠯᠲᠠᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠶ᠋ᠯ ᠤᠨ ᠬᠤᠷᠢᠭ᠎ᠠ ᠰᠠᠭᠠᠳ ᠢ ᠡᠪᠳᠡᠵᠦ᠂ ᠳᠤᠮᠳᠠ ᠪᠠᠭ᠎ᠠ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠬᠠᠤᠯᠢ ᠴᠠᠭᠠᠵᠠ ᠶᠢᠨ ᠣᠷᠴᠢᠨ ᠲᠤᠭᠤᠷᠢᠨ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠯᠡᠬᠡᠶ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠭᠡᠨ ᠪᠠᠶᠢᠭᠤᠯᠤᠨ᠎ᠠ᠃    21. ᠬᠤᠷᠸ᠎ᠠ ᠠᠵᠤ ᠠᠬᠤᠶ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠪᠠᠷ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠪᠣᠯᠭᠠᠨ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠭᠤᠰᠣᠨ ᠤ ᠲᠥᠷᠥ ᠶᠢᠨ ᠪᠣᠳᠣᠯᠭ᠎ᠠ ᠪᠠᠷ ᠭᠤᠤᠯ ᠠᠷᠭ᠎ᠠ ᠪᠠᠷᠢᠯ ᠪᠣᠯᠭᠠᠵᠤ᠂ ᠠᠵᠢᠯ ᠣᠯᠭᠤᠯᠲᠠ᠂ ᠠᠵᠤ ᠦᠢᠯᠡᠰ᠂ ᠪᠡᠯᠡ ᠣᠷᠣᠭᠤᠯᠤᠯᠲᠠ᠂ ᠬᠡᠷᠡᠭᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ ᠶᠢ ᠨᠢᠭᠲᠠ ᠬᠠᠮᠵᠢᠯᠴᠠᠭᠤᠯᠵᠤ᠂ ᠬᠠᠷᠠᠯᠲᠠ ᠪᠠᠨ ᠰᠢᠯᠢᠳᠡᠭᠵᠢᠬᠦᠯᠦᠭᠰᠡᠨ᠂ ᠠᠵᠢᠯ ᠤᠨ ᠬᠤᠪᠢᠶᠠᠷᠢᠯᠠᠯ ᠵᠦᠶ ᠵᠣᠬᠢᠰᠲᠠᠶ᠂ ᠥᠨᠳᠥᠷ ᠪᠦᠲᠦᠮᠵᠢᠲᠡᠶ ᠵᠤᠬᠢᠴᠠᠯᠳᠤᠭᠰᠠᠨ ᠬᠤᠷᠸ᠎ᠠ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠦᠨ᠎ᠡ᠃ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠢᠱᠢᠯᠲᠡ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠲᠤᠬᠢᠷᠠᠭᠤᠯᠤᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ ᠣᠯᠠᠨ ᠤᠯᠤᠰ ᠤᠨ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠨ᠂ ᠦᠶᠡᠯᠡᠯ ᠠᠯᠤᠰᠯᠠᠭᠰᠠᠨ ᠲᠥᠷᠥ ᠶᠢᠨ ᠪᠣᠳᠣᠯᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠰᠦᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ᠂ ᠪᠦᠲᠦᠴᠡ ᠶᠢ ᠰᠢᠯᠢᠳᠡᠭᠵᠢᠭᠦᠯᠬᠦ᠂ ᠳᠣᠲᠣᠭᠠᠳᠤ ᠭᠠᠳᠠᠭᠠᠳᠤ ᠶᠢ ᠲᠡᠩᠴᠡᠭᠦᠷᠢᠲᠡᠶ ᠪᠠᠶᠢᠯᠭᠠᠬᠤ ᠶᠢ ᠠᠬᠢᠭᠤᠯᠤᠨ᠎ᠠ᠃ ᠬᠤᠷᠸ᠎ᠠ ᠠᠵᠤ ᠠᠬᠤᠶ ᠶᠢᠨ ᠵᠠᠰᠠᠯᠲᠠ ᠶᠢᠨ ᠳ᠋ᠠᠶᠢᠲ᠋ᠠ ᠬᠥᠮᠥᠷᠭᠡ ᠵᠡᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠮᠤ ᠳ᠋ᠠᠶᠢᠲ᠋ᠠ ᠵᠡᠷᠭᠡ ᠤᠳᠤ ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠬᠠᠪᠰᠤᠷᠭᠠᠨ ᠵᠠᠰᠠᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃    22. ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠪᠠᠶᠢᠭᠤᠯᠤᠨ᠎ᠠ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠬᠦᠯᠬᠦ ᠶᠢ ᠴᠢᠩᠭᠠᠳᠬᠠᠵᠤ᠂ ᠳᠤᠮᠳᠠ ᠤᠷᠳᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ ᠳᠤᠬᠠᠢ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠎ᠠ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠬᠤᠷᠸ᠎ᠠ ᠵᠢᠯᠤᠭᠤᠳᠤᠯᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠲᠥᠰᠦᠪ ᠤᠨ ᠬᠢᠵᠠᠭᠠᠷᠯᠠᠯ ᠪᠠ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠪ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠠᠵᠢᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠣᠳᠣ ᠦᠶ᠎ᠡ ᠶᠢᠨ ᠭᠠᠶᠢᠯᠢ ᠲᠠᠲᠠᠪᠤᠷᠢ ᠶᠢᠨ ᠳᠦᠷᠢᠮ ᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠭᠠᠶᠢᠯᠢ᠂ ᠰᠢᠭᠤᠳ ᠭᠠᠶᠢᠯᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠶᠢᠯᠢ ᠶᠢᠨ ᠲᠦᠷᠢᠮ ᠤᠨ ᠪᠦᠲᠦᠴᠡ ᠶᠢ ᠰᠢᠯᠢᠳᠡᠭᠵᠢᠭᠦᠯᠵᠦ᠂ ᠰᠢᠭᠤᠳ ᠭᠠᠶᠢᠯᠢ ᠶᠢᠨ ᠬᠤᠪᠢ ᠶᠢᠨ ᠵᠢᠩ ᠢ ᠵᠣᠬᠢᠰᠲᠠᠶ ᠳᠡᠭᠡᠭᠰᠢᠯᠡᠭᠦᠯᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠣᠳᠣ ᠦᠶ᠎ᠡ ᠶᠢᠨ ᠲᠥᠪ ᠪᠠᠩᠬᠢ ᠶᠢᠨ ᠳᠦᠷᠢᠮ ᠢ ᠪᠠᠶᠢᠭᠤᠯᠵᠤ᠂ ᠵᠣᠭᠤᠰᠣᠨ ᠤ ᠬᠠᠩᠭᠠᠯᠭ᠎ᠠ ᠶᠢ ᠲᠤᠬᠢᠷᠠᠭᠤᠯᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠵᠣᠭᠤᠰ ᠢ ᠰᠤᠳᠤᠯᠤᠨ ᠨᠡᠭᠡᠭᠡᠬᠦ ᠶᠢ ᠯᠠᠪᠳᠠᠭᠤᠨ ᠢᠶᠠᠷ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠦᠤ ᠮᠥᠩᠭᠦ ᠶᠢᠨ ᠨᠤᠷᠮ᠎ᠠ ᠶᠢᠨ ᠪᠦᠷᠢᠯᠳᠦᠬᠦ ᠪᠠ ᠳᠠᠮᠵᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢ ᠪᠦᠲᠦᠮᠵᠢᠲᠡᠶ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠮᠥᠩᠭᠦᠨ ᠬᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ ᠢ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠬᠤᠳᠠᠯᠳᠤᠭᠠᠨ ᠤ ᠪᠠᠩᠬᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠ ᠵᠢᠵᠢᠭ ᠪᠠᠩᠬᠢ ᠪᠠ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠮᠥᠩᠭᠦᠨ ᠬᠦᠢᠯᠭᠡᠭᠡ ᠶᠢ ᠥᠭᠡᠷᠡᠴᠢᠯᠡᠨ ᠰᠢᠯᠢᠳᠡᠭᠵᠢᠭᠦᠯᠦᠨ᠎ᠡ᠃ ᠰᠲ᠋ᠣᠺ ᠲᠠᠷᠬᠠᠭᠠᠬᠤ ᠶᠢ ᠳᠠᠩᠰᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠠᠴᠠ ᠭᠠᠷᠬᠤ ᠪᠠᠶᠢᠩᠭᠤᠵᠢᠬᠰᠠᠨ ᠲᠣᠭᠲᠠᠴᠠ ᠶᠢ ᠪᠠᠶᠢᠭᠤᠯᠵᠤ᠂ ᠰᠢᠭᠤᠳ ᠪᠡᠯᠡ ᠬᠤᠷᠠᠮᠳᠤᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠬᠤᠤᠰ ᠴᠢᠭᠯᠡᠯᠲᠦ ᠨᠡᠭᠡᠭᠡᠯᠲᠡ ᠶᠢ ᠠᠬᠢᠭᠤᠯᠤᠨ᠎ᠠ᠃ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠢᠯᠡ ᠪᠤᠯᠭᠠᠬᠤ ᠪᠠ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠳᠠᠭᠠᠯᠠᠮᠵᠢ ᠶᠢᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠴᠦᠬᠡᠨ ᠴᠦ ᠠᠭᠤᠴᠢᠯᠠᠬᠤ ᠦᠭᠡᠢ᠃    23. ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠰᠠᠭᠤᠷᠢ ᠳᠦᠷᠢᠮ ᠢ ᠪᠦᠷᠢᠨᠰᠢᠭᠦᠯᠵᠦ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ᠂ ᠲᠥᠪ ᠭᠤᠤᠯᠴᠢ ᠪᠠᠷ ᠬᠢᠨᠠᠨ ᠬᠠᠮᠢᠶᠠᠷᠬᠤ᠂ ᠡᠮᠬᠢ ᠵᠢᠷᠤᠮ ᠲᠠᠢ ᠨᠡᠭᠡᠭᠡᠯᠲᠡ ᠬᠢᠬᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠥᠨᠳᠥᠷ ᠪᠦᠲᠦᠮᠵᠢᠲᠡᠶ ᠪᠥᠭᠡᠳ ᠵᠢᠷᠤᠮᠵᠢᠭᠰᠠᠨ᠂ ᠲᠦᠪ ᠭᠤᠤᠯᠴᠢ ᠪᠠᠷ ᠥᠷᠢᠰᠦᠯᠳᠦᠬᠦ ᠤᠯᠤᠰ ᠤᠨ ᠳᠣᠲᠣᠭᠠᠳᠤ ᠶᠢᠨ ᠨᠢᠭᠡᠳᠦᠯᠲᠡᠶ ᠵᠠᠬ᠎ᠠ ᠳᠡᠯᠭᠡᠭᠦᠷ ᠢ ᠪᠤᠢ ᠪᠣᠯᠭᠠᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠨᠢᠭᠡᠳᠦᠯᠲᠡᠶ ᠲᠦᠷᠢᠮ ᠢ ᠬᠡᠷᠡᠭᠵᠢᠭᠦᠯᠦᠨ᠎ᠡ᠃ ᠣᠷᠣᠭᠤᠯᠬᠤ ᠶᠢ ᠵᠥᠪᠰᠢᠶᠡᠷᠡᠬᠦ ᠬᠢᠵᠠᠭᠠᠷᠯᠠᠯ ᠢ ᠦᠷᠭᠦᠯᠵᠢᠯᠡᠨ ᠠᠭᠤᠵᠢᠭᠤ ᠲᠠᠯᠪᠢᠨ᠎ᠠ᠃ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠠᠵᠠᠷ ᠰᠢᠷᠣᠶ᠂ ᠬᠥᠳᠡᠯᠮᠦᠷᠢ ᠬᠦᠴᠦ᠂ ᠬᠥᠷᠥᠩᠭᠡ᠂ ᠮᠡᠷᠭᠡᠵᠢᠯ᠂ ᠳ᠋ᠠᠶᠢᠲ᠋ᠠ ᠵᠡᠷᠭᠡ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠤᠨ᠎ᠠ᠃ ᠡᠯᠧᠮᠧᠨ᠋ᠲ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠡᠯᠧᠮᠧᠨ᠋ᠲ ᠤᠨ ᠰᠤᠯᠢᠯᠴᠠᠭᠠᠨ ᠤ ᠲᠦᠷᠢᠮ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃    24. ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠤᠨ᠎ᠠ᠃ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠳᠤ ᠪᠠᠭᠲᠠᠭᠠᠮᠵᠢᠲᠠᠶ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ ᠪᠠ ᠬᠡᠷᠡᠭ ᠤᠨ ᠳᠠᠷᠠᠭ᠎ᠠ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠰᠢᠢᠳᠪᠦᠷᠢᠲᠤ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠬᠰᠠᠨ᠂ ᠠᠷᠠᠳᠴᠢᠯᠠᠭᠰᠠᠨ᠂ ᠬᠠᠤᠯᠢᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢ ᠪᠠᠷᠢᠮᠵᠢᠶᠠᠵᠢᠭᠤᠯᠬᠤ ᠂ ᠵᠢᠷᠤᠮᠵᠢᠭᠤᠯᠬᠤ᠂ ᠲᠥᠬᠦᠮ ᠪᠣᠯᠭᠠᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠤᠨ ᠤᠨ ᠨᠡᠶᠢᠭᠡᠮᠯᠢᠭ ᠪᠠ ᠵᠠᠭᠤᠴᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃   ᠳᠣᠯᠤᠭ᠎ᠠ᠂ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ    ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠢ ᠪᠦᠬᠦ ᠨᠠᠮ ᠤᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠬᠤ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠪᠠᠷ ᠬᠥᠭᠵᠢᠬᠦ᠂ ᠬᠠᠮᠲᠤ ᠪᠠᠷ ᠴᠡᠴᠡᠭᠯᠡᠨ ᠬᠥᠭᠵᠢᠭᠰᠡᠨ ᠰᠢᠨ᠎ᠡ ᠮᠠᠶ᠋ᠢᠭ ᠤᠨ ᠠᠵᠤ ᠦᠢᠯᠡᠳᠪᠦᠷᠢ ᠲᠠᠷᠢᠶᠠᠯᠠᠩ ᠬᠤᠳᠠ ᠬᠥᠳᠡᠭᠡ ᠶᠢᠨ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠎ᠡ᠃    25. ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠬᠤ ᠱᠠᠭᠠᠷᠳᠠᠯᠭ᠎ᠠ ᠳᠤ ᠵᠣᠬᠢᠴᠠᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠬᠤᠷᠢᠭ᠎ᠠ ᠱᠤᠭᠤᠮ ᠪᠣᠯᠭᠠᠵᠤ᠂ ᠲᠠᠷᠢᠶᠠᠯᠠᠩ ᠢ ᠳᠡᠮᠵᠢᠵᠦ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠂ ᠲᠠᠷᠢᠶᠠᠯᠠᠩ ᠤᠨ ᠤᠰᠤᠨ ᠠᠰᠢᠬᠯᠠᠯᠳᠠ ᠶᠢᠨ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠡᠷᠴᠢᠮ ᠢᠶᠠᠨ ᠶᠡᠬᠡᠰᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠤᠨ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠲᠠᠷᠢᠮᠠᠯ ᠤᠨ ᠬᠦᠨᠦᠭᠡᠯᠳᠦ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠣᠶᠤᠨᠴᠢ ᠲᠠᠷᠢᠶᠠᠯᠠᠩ ᠢ ᠪᠦᠲᠦᠭᠡᠨ ᠪᠠᠶᠢᠭᠤᠯᠤᠨ᠎ᠠ᠃ ᠪᠣᠬᠢᠷᠲᠤᠯ ᠦᠭᠡᠢ ᠤᠳᠤᠷᠢᠳᠤᠮᠵᠢ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠪᠣᠯᠤᠨ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠠᠬᠢᠭᠤᠯᠤᠨ᠎ᠠ᠃ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠥᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠤ ᠪᠤᠳᠠᠭ᠎ᠠ᠂ ᠬᠥᠪᠥᠩ᠂ ᠲᠣᠰᠣ᠂ ᠰᠢᠬᠢᠷ᠂ ᠮᠢᠬ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠬᠤᠳᠠᠯᠳᠤᠨ ᠠᠪᠴᠤ ᠨᠥᠭᠡᠴᠡᠯᠡᠬᠦ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠬᠤᠰᠢᠭᠤ ᠰᠢᠶᠠᠨ ᠤ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃    26. ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ᠃ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠤᠷᠢ ᠶᠢ ᠴᠢᠩᠭᠠᠷᠠᠭᠤᠯᠵᠤ᠂ ᠰᠢᠶᠠᠩ ᠪᠠᠯᠭᠠᠰᠤ ᠶᠢ ᠲᠠᠷᠢᠶᠠᠴᠢᠳ ᠲᠤ ᠦᠢᠯᠡᠴᠢᠯᠡᠬᠦ ᠣᠷᠣᠨ ᠪᠦᠰᠡ ᠶᠢᠨ ᠲᠥᠪ ᠪᠣᠯᠭᠠᠨ ᠪᠠᠶᠢᠭᠤᠯᠤᠨ᠎ᠠ᠃ ᠰᠢᠶᠠᠨ ᠤ ᠬᠡᠪᠴᠢᠶᠡᠨ ᠳᠠᠬᠢ ᠬᠤᠲᠠ ᠪᠠᠯᠭᠠᠰᠤ ᠪᠣᠯᠤᠨ ᠠᠶᠢᠯ ᠲᠣᠰᠬᠤᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠵᠦ᠂ ᠤᠯᠠᠮᠵᠢᠯᠠᠯᠲᠤ ᠠᠶᠢᠯ ᠲᠣᠰᠬᠤᠨ ᠪᠣᠯᠤᠨ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠮᠠᠭᠠᠯᠠᠬᠤ ᠬᠡᠷᠡᠭᠲᠡᠶ᠃ ᠬᠥᠳᠡᠭᠡ ᠲᠣᠰᠬᠤᠨ ᠤ ᠤᠰᠤ᠂ ᠴᠠᠬᠢᠯᠭᠠᠨ᠂ ᠵᠠᠮ᠂ ᠬᠡᠢ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠪᠠᠷᠠᠭᠠᠨ ᠤ ᠭᠦᠢᠯᠭᠡᠭᠡ ᠵᠡᠷᠭᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ  ᠰᠢᠢᠳᠪᠦᠷᠢᠯᠡᠬᠦ ᠪᠠ ᠪᠣᠬᠢᠷ ᠤᠰᠤ ᠶᠢ ᠵᠠᠰᠠᠬᠤ ᠠᠵᠢᠯ ᠢ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃    27. ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠵᠤ᠂ ᠬᠤᠳᠠ ᠬᠥᠳᠡᠭᠡ ᠶᠢᠨ ᠡᠯᠧᠮᠧᠨ᠋ᠲ ᠢ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ ᠭᠤᠴᠢᠨ ᠵᠢᠯ ᠤᠷᠲᠤᠳᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠲᠠᠷᠢᠶᠠᠯᠠᠩ ᠤᠨ ᠲᠤᠰᠬᠠᠶᠢᠵᠢᠬᠰᠠᠨ ᠨᠡᠶᠢᠭᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ ᠢ ᠪᠦᠷᠢᠨᠰᠢᠭᠦᠯᠵᠦ᠂ ᠤᠯᠠᠨ ᠵᠦᠶ᠋ᠯ ᠤᠨ ᠬᠡᠯᠪᠡᠷᠢ ᠶᠢᠨ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ ᠶᠢᠨ ᠲᠠᠷᠢᠶᠠᠯᠠᠩ ᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠨᠢᠭᠡᠳᠦᠯᠲᠡᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠦᠷᠢᠮ ᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠦᠨ᠎ᠡ᠃    ᠭᠠᠵᠠᠷ ᠰᠢᠷᠣᠶ ᠲᠠᠲᠠᠪᠤᠷᠢᠯᠠᠨ ᠣᠯᠠᠨ ᠨᠡᠶᠢᠲᠡ ᠶᠢᠨ ᠠᠰᠢᠭ ᠲᠤᠰᠠ ᠳᠤ ᠬᠡᠷᠡᠭᠯᠡᠬᠦ ᠭᠠᠵᠠᠷ ᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠬᠡᠪᠴᠢᠶ᠎ᠡ ᠶᠢ ᠪᠠᠭᠠᠰᠬᠠᠨ᠎ᠠ᠃ ᠣᠷᠣᠨ ᠰᠠᠭᠤᠴᠠ ᠶᠢᠨ ᠭᠠᠵᠠᠷ ᠰᠢᠷᠤᠢ ᠶᠢᠨ ᠥᠮᠴᠢᠯᠡᠬᠦ ᠡᠷᠬᠡ᠂ ᠬᠢᠷᠢ ᠬᠡᠮ ᠤᠨ ᠡᠷᠬᠡ᠂ ᠬᠡᠷᠡᠭᠯᠡᠬᠦ ᠡᠷᠬᠡ ᠶᠢ ᠰᠠᠯᠭᠠᠨ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠤᠲᠠ ᠣᠷᠣᠵᠤ ᠡᠷᠦᠬᠡ ᠠᠮᠠ ᠶᠢᠨ ᠳᠠᠩᠰᠠᠨ ᠳᠤ ᠤᠷᠤᠭᠰᠠᠨ ᠲᠠᠷᠢᠶᠠᠴᠢᠳ ᠤᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ᠂ ᠣᠷᠣᠨ ᠰᠠᠭᠤᠴᠠ ᠶᠢᠨ ᠭᠠᠵᠠᠷ ᠰᠢᠷᠤᠢ ᠶᠢᠨ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠪᠠᠲᠤᠯᠠᠵᠤ᠂ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠲᠠᠷᠢᠶᠠᠯᠠᠩ ᠤᠨ ᠳᠠᠭᠠᠳᠬᠠᠯ ᠢ ᠬᠥᠭᠵᠢᠭᠦᠯᠦᠨ᠎ᠡ᠃    28. ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠭᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠣᠯᠭ᠎ᠠ ᠪᠠᠭ᠎ᠠ ᠲᠠᠢ ᠬᠥᠮᠦᠨ ᠠᠮᠠ ᠪᠠ ᠬᠥᠭᠵᠢᠭᠡᠳᠦᠶ ᠭᠠᠵᠠᠷ ᠣᠷᠣᠨ ᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠣᠨᠴᠠᠯᠢᠭᠲᠤ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠪᠠᠷᠠᠭᠤᠨ ᠬᠡᠰᠡᠭ ᠤᠨ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠶᠠᠨ ᠳᠤ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠥᠪᠯᠡᠷᠡᠭᠦᠯᠦᠨ ᠳᠡᠮᠵᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠢ ᠪᠠᠬᠢᠵᠢᠭᠦᠯᠬᠦ ᠵᠢᠴᠢ ᠳᠣᠲᠣᠭᠠᠳᠤ ᠬᠥᠭᠵᠢᠯᠲᠡ ᠶᠢᠨ ᠴᠢᠳᠠᠪᠤᠷᠢ ᠶᠢ ᠨᠢ ᠨᠡᠮᠡᠭᠳᠡᠭᠦᠯᠦᠨ᠎ᠡ᠃ ᠵᠡᠭᠦᠨ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠪᠠ ᠠᠵᠢᠯ ᠲᠦᠷᠦᠯ ᠢᠶᠠᠷ ᠨᠢ ᠬᠠᠪᠰᠤᠷᠬᠤ᠂ ᠨᠡᠶᠢᠭᠡᠮ ᠤᠨ ᠬᠦᠴᠦᠨ ᠬᠠᠪᠰᠤᠷᠤᠨ ᠲᠡᠳᠬᠦᠬᠦ ᠳᠤ ᠣᠷᠣᠯᠴᠠᠬᠤ ᠵᠡᠷᠭᠡ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠦᠨ᠎ᠡ᠃    ᠨᠠᠢᠮᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ    ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠦᠭᠵᠢᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠪᠠ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号