ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ︵ᠨᠢᠭᠡ︶
ᠨᠡᠶᠢᠲᠡᠯᠡᠭᠰᠡᠨ ᠴᠠᠭ᠄
2020/11/5
   ︵2020 ᠣᠨ ᠤ 10 ᠰᠠᠷ᠎ᠠ ᠶᠢᠨ 29 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠪᠠ︶    ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠥ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠤᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠣᠤᠷᠠᠬᠢ ᠮᠡᠲᠦ ᠰᠠᠨᠠᠭᠤᠯᠭ᠎ᠠ ᠳᠤᠷᠠᠳᠪᠠ᠃    ᠨᠢᠭᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠥ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ  ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠡᠯ ᠢ ᠡᠬᠢᠯᠡᠭᠦᠯᠤᠨ᠎ᠠ    1 . ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠲᠠ ᠶᠢ ᠤᠯᠬᠤ ᠲᠠᠯ᠎ᠠ ᠪᠠᠷ ᠰᠢᠢᠳᠪᠦᠷᠢᠯᠡᠭᠴᠢ ᠴᠢᠨᠠᠷᠲᠠᠶ ᠠᠮᠵᠢᠯᠲᠠ ᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠱᠠᠳᠤ ᠮᠥᠨ᠃ ᠨᠠᠷᠢᠨ ᠪᠤᠳᠤᠯᠢᠶᠠᠨᠲᠠᠶ ᠣᠯᠠᠨ ᠤᠯᠤᠰ ᠤᠨ ᠪᠠᠶᠢᠳᠠᠯ᠂ ᠨᠦᠰᠡᠷ ᠬᠦᠨᠳᠤ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠳᠤ ᠬᠠᠨᠳᠤᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠬᠦᠴᠦᠯᠡᠨ ᠠᠬᠢᠭᠤᠯᠪᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠴᠢᠬᠤᠯᠠ ᠶᠡᠭᠡ ᠠᠬᠢᠴᠠ ᠲᠠᠢ ᠪᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠵᠤ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠦᠷᠭᠡᠨ ᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠤᠯᠠᠮ ᠨᠢᠭᠡ ᠠᠯᠬᠤᠮ ᠢᠯᠡᠷᠡᠪᠡ︔ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠰᠢᠨ᠎ᠡ ᠶᠡᠭᠡ ᠳᠡᠭᠲᠡᠷ ᠲᠤ ᠭᠠᠷᠴᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠶ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠵᠢᠱᠢᠯᠲᠡ ᠪᠠᠷ 2020 ᠣᠨ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 100 ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠤᠯᠤᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠬᠥᠳᠡᠭᠡ ᠲᠣᠰᠬᠤᠨ ᠤ ᠲᠠᠪᠤᠨ ᠮᠢᠩᠭ᠎ᠠ ᠲᠠᠪᠤᠨ ᠵᠠᠭᠤ ᠲᠠᠯᠠᠨ ᠲᠠᠪᠤᠨ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠪᠠ︔    ᠠᠮᠤ ᠪᠤᠳᠠᠭᠠᠨ ᠤ ᠵᠢᠯ ᠤᠨ ᠤᠨᠠᠯᠲᠠ ᠲᠠᠪᠤᠨ ᠵᠢᠯ ᠳᠠᠷᠠᠭᠠᠯᠠᠨ ᠲᠦᠮᠡ ᠭᠤᠷᠪᠠᠨ ᠮᠢᠩᠭᠠᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ︔ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠴᠢᠩᠭᠠᠷᠠᠵᠤ᠂ ᠠᠮᠢ ᠠᠬᠤᠶ ᠤᠷᠴᠢᠨ ᠳᠤᠭᠤᠷᠢᠨ ᠢᠯᠡᠳᠲᠡ ᠰᠠᠶᠢᠵᠢᠷᠠᠪᠠ︔ ᠭᠠᠳᠠᠭᠠᠳᠤ ᠨᠡᠭᠡᠭᠡᠯᠲᠡ ᠦᠷᠭᠦᠯᠵᠢᠯᠡᠨ ᠥᠷᠭᠡᠳᠴᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠪᠠᠶᠠᠯᠢᠭ ᠦᠷ᠎ᠡ ᠪᠦᠲᠦᠭᠡᠯ ᠤᠯᠪᠠ︔ ᠠᠷᠠᠳ ᠤᠨ ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠲᠦᠭᠡᠮᠡᠯᠵᠢᠬᠦ ᠱᠠᠲᠤᠨ ᠳᠤ ᠣᠷᠣᠵᠤ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠬᠰᠠᠨ ᠬᠦᠮᠦᠨ ᠵᠢᠷᠭᠤᠭᠠᠨ ᠮᠢᠩᠭᠠᠨ ᠲᠦᠮᠡ ᠶᠢ ᠲᠠᠪᠠᠵᠦ᠂ ᠳᠡᠯᠡᠬᠡᠶ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠷᠬᠦᠴᠡ 13 ᠳ᠋ᠦᠩᠰᠢᠭᠤᠷ ᠬᠥᠮᠦᠨ ᠢ ᠬᠠᠮᠤᠷᠴᠦ᠂ ᠦᠨᠳᠦᠰᠦᠨ ᠨᠠᠰᠤᠵᠢᠯ ᠤᠨ ᠳᠠᠭᠠᠳᠬᠠᠯ 10 ᠳ᠋ᠦᠩᠰᠢᠭᠤᠷ ᠰᠢᠬᠠᠮ ᠬᠥᠮᠦᠨ ᠢ ᠬᠠᠮᠤᠷᠴᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠤᠯᠪᠠ︔ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠪᠡ︔ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢᠨ ᠲᠦᠪᠰᠢᠨ ᠶᠡᠭᠡ ᠪᠠᠷ ᠳᠡᠭᠡᠭᠰᠢᠯᠡᠵᠦ᠂ ᠴᠡᠷᠢᠭ ᠠᠩᠬᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠪᠠ︔ ᠤᠯᠤᠰ ᠤᠨ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ ᠢ ᠪᠠᠲᠤᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠤᠳᠠᠯ ᠦᠭᠡᠢ ᠪᠡᠶᠡᠯᠡᠭᠳᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠤᠳᠠᠯ ᠦᠭᠡᠢ ᠠᠮᠵᠢᠯᠲᠠ ᠣᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠤᠭᠰᠢ ᠶᠡᠬᠡᠬᠡᠨ ᠠᠬᠢᠵᠤ᠂ ᠨᠡᠶᠢᠭᠡᠮ ᠵᠢᠷᠤᠮᠲᠤ ᠳᠤᠮᠳᠠᠳᠤ ᠤᠯᠤᠰ ᠨᠡᠩ ᠠᠤᠭ᠎ᠠ ᠰᠦᠷᠯᠢᠭ ᠳᠦᠷᠢ ᠲᠥᠷᠬᠦ ᠪᠠᠷ ᠳᠡᠯᠡᠬᠡᠢ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠠᠢ᠃ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠢᠭᠡ ᠯᠡ ᠠᠮᠢᠰᠬᠤᠭ᠎ᠠ ᠪᠠᠷ ᠬᠢᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠦᠨᠡᠨ ᠬᠦ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠪᠠᠲᠤ ᠰᠠᠭᠤᠷᠢ ᠶᠢ ᠲᠠᠯᠪᠢᠵᠦ ᠦᠭᠬᠦ ᠬᠡᠷᠡᠭᠲᠡᠶ᠃    2᠂ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠲᠤᠭᠤᠷᠢᠨ ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠲᠤᠯᠭᠠᠷᠠᠵᠤ ᠪᠠᠶᠢᠨ᠎ᠠ᠃ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠬᠤ ᠪᠤᠯᠤᠨ᠎ᠠ᠂ ᠭᠡᠪᠡᠴᠦ ᠠᠵᠠ ᠲᠣᠬᠢᠶᠠᠯ ᠪᠠ ᠦᠷᠢᠰᠦᠯᠳᠦᠭᠡᠨ ᠳᠤ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ ᠪᠠᠶᠢᠨ᠎ᠠ᠃ ᠣᠳᠣᠬᠠᠨ ᠤ ᠳᠡᠯᠡᠬᠡᠶ ᠶᠢᠷᠳᠢᠨᠴᠦ ᠶᠠᠭ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠣᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠶ ᠲᠣᠬᠢᠷᠠᠭᠤᠯᠤᠯᠲᠠ ᠭᠠᠷᠴᠦ᠂ ᠡᠩᠬᠡ ᠲᠠᠶᠢᠪᠤᠩ ᠪᠣᠯᠤᠨ ᠬᠥᠭᠵᠢᠯᠲᠡ ᠮᠥᠨ ᠬᠦ ᠴᠠᠭ ᠦᠶ᠎ᠡ ᠶᠢᠨ ᠭᠤᠣᠯ ᠰᠡᠳᠦᠪ ᠪᠣᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠬᠤ ᠶᠢᠨ ᠬᠠᠮᠲᠤ᠂ ᠣᠯᠠᠨ ᠤᠯᠤᠰ ᠤᠨ ᠣᠷᠴᠢᠨ ᠲᠣᠭᠤᠷᠢᠨ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠤ᠂ ᠲᠣᠭᠲᠠᠭᠤᠨ ᠪᠤᠰᠤ ᠴᠢᠨᠠᠷ ᠲᠣᠭᠲᠠᠭᠠᠯᠲᠤ ᠪᠤᠰᠤ ᠴᠢᠨᠠᠷ ᠢᠯᠡᠳᠲᠡ ᠨᠡᠮᠡᠭᠳᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠥᠷᠭᠡᠨ ᠭᠦᠨᠵᠡᠭᠡᠢ ᠪᠤᠯᠵᠦ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠲᠤᠯᠭᠠᠷᠠᠵᠦ᠂ ᠳᠡᠯᠡᠬᠡᠢ ᠳ᠋ᠠᠬᠢᠨ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠭᠠᠭᠴᠡ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠰᠦᠷᠳᠡᠭᠦᠯᠦᠯ ᠪᠣᠯᠵᠦ ᠪᠠᠶᠢᠨ᠎ᠠ᠃ ᠮᠠᠨ ᠤ ᠤᠯᠤᠰ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠵᠦ᠂ ᠪᠠᠶᠢᠭᠤᠯᠤᠯ ᠤᠨ ᠳᠠᠪᠠᠭᠤᠯᠢᠭ ᠢᠯᠡᠳᠲᠡ ᠪᠣᠯᠵᠤ᠂ ᠵᠠᠰᠠᠯᠲᠠ ᠶᠢᠨ ᠦᠷ᠎ᠡ ᠠᠰᠢᠬ ᠳᠡᠭᠡᠭᠰᠢᠯᠡᠵᠦ᠂ ᠠᠵᠤ ᠠᠬᠤᠶ ᠤᠷᠲᠤ ᠬᠤᠭᠤᠴᠠᠭ᠎ᠠ ᠪᠠᠷ ᠰᠠᠶᠢᠵᠢᠷᠠᠵᠤ᠂ ᠪᠣᠳᠠᠰ ᠤᠨ ᠰᠠᠭᠤᠷᠢ ᠵᠤᠵᠠᠭᠠᠨ᠂ ᠬᠥᠮᠦᠨ ᠤ ᠬᠦᠴᠦᠨ ᠤ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ ᠤᠨ ᠣᠷᠣᠨ ᠵᠠᠶ ᠠᠭᠤᠳᠠᠮ᠂ ᠬᠥᠭᠵᠢᠯᠲᠡ ᠶᠢᠨ ᠤᠶᠠᠨ ᠬᠠᠳᠠᠨ ᠴᠢᠨᠠᠷ ᠴᠢᠩᠭ᠎ᠠ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠵᠤ᠂ ᠦᠷᠭᠦᠯᠵᠢᠯᠡᠨ ᠬᠥᠭᠵᠢᠬᠦ ᠳᠤ ᠤᠯᠠᠨ ᠲᠠᠯ᠎ᠠ ᠶᠢᠨ ᠳᠠᠪᠠᠭᠤᠯᠢᠭ ᠪᠠ ᠨᠥᠬᠦᠴᠡᠯ ᠲᠠᠢ ᠪᠠᠶᠢᠬᠤ ᠶᠢᠨ ᠵᠡᠷᠭᠡ ᠪᠠᠷ ᠮᠠᠨ ᠤ ᠤᠯᠤᠰ ᠤᠨ ᠬᠥᠭᠵᠢᠯᠲᠡ ᠲᠡᠩᠴᠡᠭᠦᠷᠢ ᠦᠭᠡᠢ ᠭᠦᠶ᠋ᠴᠡᠳ ᠦᠭᠡᠢ ᠪᠠᠶᠢᠬᠤ ᠠᠰᠠᠭᠤᠳᠠᠯ ᠮᠥᠨ ᠬᠦ ᠲᠤᠪᠤᠶᠢᠮ᠎ᠠ ᠪᠠᠶᠢᠬᠰᠠᠭᠠᠷ᠂ ᠭᠤᠣᠯᠳᠠᠯᠭ᠎ᠠ ᠲᠠᠢ ᠬᠦᠷᠢᠶ᠎ᠡ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠭᠦᠷᠭᠡ ᠮᠥᠨ ᠬᠦ ᠬᠠᠲᠠᠭᠤ ᠪᠡᠷᠬᠡ ᠪᠠᠶᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠬᠦᠳᠡᠭᠡ ᠠᠵᠤ ᠠᠬᠤᠢ ᠶᠢᠨ ᠰᠠᠭᠤᠷᠢ ᠪᠠᠰᠠ ᠪᠠᠲᠤ ᠪᠠᠬᠢ ᠪᠢᠰᠢ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠨᠡᠯᠢᠶᠡᠳ ᠶᠡᠭᠡ ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠳᠤᠲᠠᠭᠤᠳᠠᠯ ᠣᠷᠣᠰᠢᠵᠤ᠂ ᠨᠡᠶᠢᠭᠡᠮ ᠤᠨ ᠵᠠᠰᠠᠯᠲᠠ ᠳᠤ ᠪᠠᠰᠠ ᠪᠠᠭᠤᠷᠠᠢ ᠵᠦᠢᠯ ᠪᠠᠶᠢᠨ᠎ᠠ᠃ ᠪᠦᠬᠦ ᠨᠠᠮ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠶ ᠵᠢᠷᠳᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ ᠠᠪᠴᠢᠷᠠᠬᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠨᠠᠷᠢᠨ ᠪᠤᠳᠤᠯᠢᠶᠠᠨᠲᠠᠶ ᠣᠯᠠᠨ ᠤᠯᠤᠰ ᠤᠨ ᠣᠷᠴᠢᠨ ᠲᠣᠭᠤᠷᠢᠨ ᠠᠴᠠ ᠠᠪᠴᠢᠷᠠᠬᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ ᠭᠦᠨᠵᠡᠭᠡᠶ ᠲᠠᠨᠢᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠦᠨᠳᠦᠰᠦᠨ ᠤᠯᠤᠰ ᠤᠨ ᠪᠠᠶᠢᠳᠠᠯ ᠳᠤ ᠰᠠᠭᠤᠷᠢᠯᠠᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠬᠥᠭᠵᠢᠯᠲᠡ ᠶᠢᠨ ᠵᠢᠮ᠎ᠡ ᠶᠣᠰᠣ ᠶᠢ ᠲᠠᠨᠢᠵᠦ ᠡᠵᠡᠮᠰᠢᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠤᠢ ᠪᠣᠯᠭᠠᠨ᠂ ᠬᠤᠪᠢᠷᠠᠯᠲᠠ ᠶᠢ ᠵᠦᠪ ᠢᠶᠠᠷ ᠲᠠᠨᠢᠵᠤ᠂ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠦ ᠂ ᠠᠶᠤᠯ ᠲᠦᠭᠰᠢᠭᠦᠷᠢ ᠶᠢᠨ ᠳᠤᠮᠳᠠ ᠠᠵᠠ ᠲᠣᠬᠢᠶᠠᠯ ᠢ ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠠᠵᠠ ᠲᠣᠬᠢᠶᠠᠯ ᠢ ᠠᠮᠵᠢᠵᠦ᠂ ᠥᠷᠢᠰᠥᠯᠳᠦᠭᠡᠨ ᠢ ᠠᠷᠭᠠᠴᠠᠭᠠᠵᠤ ᠂ ᠬᠤᠤᠷ ᠬᠦᠨᠦᠭᠡᠯ ᠠᠴᠠ ᠵᠠᠶᠢᠯᠠᠵᠤ᠂ ᠡᠷᠡᠯᠬᠡᠭᠯᠡᠨ ᠤᠷᠤᠭᠰᠢᠯᠠᠬᠤ ᠬᠡᠷᠡᠭᠳᠠᠢ᠃    3᠂ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠯᠤᠰ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠤᠶᠠᠷ ᠱᠠᠲᠤ ᠬᠤᠪᠢᠶᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠬᠢᠵᠠᠢ᠂ ᠲᠤᠬᠠᠶᠢᠯᠠᠪᠠᠯ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠰ ᠵᠠᠭᠤᠨ ᠤ ᠳᠤᠮᠳᠠᠴᠢ ᠪᠣᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠤᠨ᠎ᠠ᠃ 2035 ᠣᠨ ᠢ ᠪᠠᠷᠠᠯᠠᠬᠤᠶ᠎ᠠ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ ᠬᠦᠴᠦᠨ ᠶᠡᠭᠡ ᠪᠠᠷ ᠳᠡᠭᠡᠭᠰᠢᠯᠡᠵᠦ᠂ ᠠᠵᠤ ᠠᠬᠤᠢ ᠶᠢᠨ ᠶᠡᠷᠦᠩᠬᠡᠶ ᠬᠡᠮᠵᠢᠶ᠎ᠡ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠳᠠᠬᠢᠨᠳᠠ ᠰᠢᠨ᠎ᠡ ᠳᠡᠭᠲᠡᠷ ᠲᠤ ᠭᠠᠷᠴᠦ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠴᠢᠬᠤᠯᠠ ᠶᠡᠭᠡ ᠰᠢᠪᠲᠤᠯᠤᠯᠲᠠ ᠲᠠᠢ ᠪᠤᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠤᠷᠤᠨ᠎ᠡ︔ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠠᠯᠳᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠬᠦᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠤᠨ᠎ᠠ︔ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠭᠦᠶ᠋ᠴᠡᠳ ᠪᠠᠲᠤᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ︔ ᠰᠣᠶᠣᠯ ᠤᠨ ᠬᠦᠴᠦᠷᠬᠡᠭ ᠤᠯᠤᠰ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠠᠷᠠᠳ ᠢᠷᠭᠡᠳ ᠤᠨ ᠬᠡᠪ ᠪᠤᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠦᠨᠳᠦᠷᠴᠡ ᠳᠤ ᠬᠦᠷᠴᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ︔ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠲᠣᠭᠲᠠᠭᠤᠨ ᠢᠶᠠᠷ ᠪᠠᠭᠤᠷᠠᠵᠤ᠂ ᠠᠮᠢ ᠠᠬᠤᠢ ᠣᠷᠴᠢᠨ ᠲᠣᠭᠤᠷᠢᠨ ᠦᠨᠳᠦᠰᠦᠨ ᠠᠴᠠ ᠪᠠᠨ ᠰᠠᠶᠢᠵᠢᠷᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠭᠠᠳᠠᠭᠠᠳᠤ ᠨᠡᠭᠡᠭᠡᠯᠳᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠ ᠥᠷᠢᠰᠥᠯᠳᠦᠭᠡᠨ ᠳᠤ ᠣᠷᠣᠯᠴᠠᠬᠤ ᠰᠢᠨ᠎ᠡ ᠳᠠᠪᠠᠭᠤᠯᠢᠭ ᠢᠯᠡᠳᠲᠡ ᠴᠢᠩᠭᠠᠷᠠᠨ᠎ᠠ︔ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠬᠢᠷᠢ ᠬᠡᠮᠵᠢᠶ᠎ᠡ ᠳᠤ ᠬᠦᠷᠴᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢᠯᠡᠳᠲᠡ ᠤᠯᠠᠰᠢᠷᠠᠵᠤ᠂ ᠦᠨᠳᠦᠰᠦᠨ ᠤᠯᠠᠨ ᠨᠡᠶᠢᠲᠡ ᠶᠢᠨ ᠦᠶ᠋ᠯᠡᠴᠢᠯᠡᠭᠡ ᠲᠡᠩᠴᠡᠭᠦᠷᠢᠲᠡᠢ ᠪᠣᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠢᠯᠡᠳᠲᠡ ᠪᠠᠭᠠᠰᠤᠨ᠎ᠠ︔ ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠬᠦᠷᠴᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠠᠷᠠᠳ ᠤᠨ ᠠᠮᠢᠳᠤᠷᠠᠯ ᠨᠡᠩ ᠰᠠᠶᠢᠨ ᠰᠠᠶᠢᠬᠠᠨ ᠪᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠬᠠᠮᠲᠤ ᠪᠠᠷ ᠴᠢᠨᠡᠭᠡᠯᠢᠭᠵᠢᠬᠦ ᠶᠠᠪᠤᠳᠠᠯ ᠨᠡᠩ ᠢᠯᠡᠷᠬᠡᠶ ᠮᠥᠨ ᠴᠢᠨᠠᠷ ᠤᠨ ᠠᠬᠢᠴᠠ ᠲᠠᠢ ᠪᠣᠯᠤᠨ᠎ᠠ᠃    ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ ᠪᠠ ᠭᠤᠤᠯ ᠬᠠᠷᠠᠯᠲᠠ    4. ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠳᠡᠳᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠲᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠣᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠵᠤ ᠠᠬᠤᠶ ᠯᠠᠪᠳᠠᠭᠤᠨ ᠢᠶᠠᠷ ᠤᠷᠤᠬᠰᠢᠯᠠᠬᠤ᠂ ᠨᠡᠶᠢᠭᠡᠮ ᠠᠮᠤᠷ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠡᠬᠢᠯᠡᠭᠦᠯᠵᠦ᠂ ᠡᠬᠢᠨ ᠤ ᠠᠯᠬᠤᠮ ᠢᠶᠠᠨ ᠰᠠᠶᠢᠲᠤᠷ ᠠᠯᠬᠤᠬᠤ ᠬᠡᠷᠡᠭᠲᠡᠢ᠃    5. ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠬᠡᠪᠰᠢ ᠵᠢᠷᠤᠮᠯᠠᠬᠤ ᠵᠠᠷᠴᠢᠮ᠃    — ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠤᠢᠭᠡᠢ ᠳᠡᠭᠡᠭᠰᠢᠯᠡᠭᠦᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠶ᠃    — ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠠᠮᠲᠤ ᠪᠠᠷ ᠴᠢᠨᠡᠬᠡᠯᠢᠭᠵᠢᠬᠦ ᠴᠢᠭᠯᠡᠯ ᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠬᠠᠮᠲᠤ ᠪᠠᠷ ᠡᠳ᠋ᠯᠡᠬᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ᠂ ᠪᠦᠬᠦ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠵᠦ᠂ ᠨᠡᠶᠢᠭᠡᠮ ᠤᠨ ᠡᠷᠬᠡ ᠲᠡᠭᠰᠢ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠦᠨ᠎ᠡ᠃    — ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠬᠴᠠᠯᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢ ᠦᠨᠡᠨ ᠬᠦ ᠬᠤᠪᠢᠷᠠᠭᠤᠯᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠯᠳᠤ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃    — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠬᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠪᠠ ᠤᠬᠢ ᠴᠢᠨᠠᠷᠯᠢᠭ ᠠᠮᠢᠳᠤᠷᠠᠯ ᠢ ᠬᠦᠯᠢᠶᠡᠰᠤᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ᠂ ᠪᠦᠬᠦ ᠨᠡᠶᠢᠭᠡᠮ ᠤᠨ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠢ ᠴᠢᠬᠤᠯᠠ ᠶᠡᠭᠡ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃    — ᠰᠢᠰᠲ᠋ᠧᠮ ᠤᠨ ᠦᠵᠡᠯᠲᠡ ᠶᠢ ᠪᠠᠷᠢᠮᠲᠠᠯᠠᠨ᠎ᠠ᠃ ᠪᠠᠷᠠᠯᠠᠯ ᠤᠨ ᠴᠢᠨᠠᠷᠲᠠᠶ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠶ ᠠᠷᠭ᠎ᠠ ᠪᠣᠳᠣᠯᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠯᠠᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠶ ᠠᠬᠢᠭᠤᠯᠤᠯᠳᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠵᠢᠬᠦᠯᠵᠦ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠲᠥᠪ᠂ ᠣᠷᠣᠨ ᠨᠤᠲᠤᠭ ᠪᠣᠯᠤᠨ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠨᠠᠩ ᠰᠠᠶᠢᠨ ᠪᠠᠳᠠᠷᠠᠭᠤᠯᠵᠤ᠂ ᠦᠨᠳᠦᠰᠦ ᠰᠠᠭᠤᠷᠢ ᠪᠠᠨ ᠪᠠᠲᠤᠳᠬᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠬᠥᠭᠵᠢᠯᠲᠡ ᠶᠢᠨ ᠶᠠᠰᠤ ᠴᠢᠨᠠᠷ᠂ ᠪᠦᠲᠦᠴᠡ᠂ ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠠᠮᠤᠷ ᠲᠦᠪᠰᠢᠨ ᠤ ᠬᠠᠷᠢᠯᠴᠠᠨ ᠨᠢᠭᠡᠳᠦᠯᠳᠡᠢ ᠪᠠᠶᠢᠬᠤ ᠶᠢ ᠪᠡᠶᠡᠯᠡᠭᠦᠯᠦᠨ᠎ᠡ᠃    6. ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ᠃ 2035 ᠣᠨ ᠤ ᠠᠯᠤᠰ ᠤᠨ ᠬᠠᠷᠠᠯᠲᠠ ᠶᠢ ᠤᠨᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠬᠠᠨᠳᠤᠰᠢ ᠪᠣᠯᠤᠨ ᠮᠠᠨ ᠤ ᠤᠯᠤᠰ ᠤᠨ ᠬᠥᠭᠵᠢᠯᠲᠡ ᠶᠢᠨ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠳᠠᠯᠠᠨ᠂ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠨᠢᠭᠡᠳᠦᠯᠳᠡᠢ ᠪᠠᠶᠢᠯᠭᠠᠬᠤ ᠶᠢ ᠪᠠᠷᠢᠮᠲᠠᠯᠠᠵᠤ᠂ ᠬᠤᠶᠢᠰᠢᠳᠠ ᠶᠢᠨ ᠲᠠᠪᠤᠨ ᠵᠢᠯ ᠳᠤ ᠳᠣᠤᠷᠠᠬᠢ ᠭᠤᠤᠯ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠠ᠃    — ᠠᠵᠤ ᠠᠬᠤᠶ ᠶᠢᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠤᠯᠤᠨ᠎ᠠ᠃ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠶ᠋ᠳᠪᠦᠷᠢᠯᠡᠬᠦ ᠰᠠᠭᠤᠷᠢ ᠪᠠ ᠵᠠᠩᠭᠢᠯᠠᠭ᠎ᠠ ᠮᠥᠨ᠂ ᠬᠥᠭᠵᠢᠭᠦᠯᠬᠦ ᠳᠤ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠭᠰᠡᠨ ᠰᠠᠭᠤᠷᠢᠨ ᠳᠡᠭᠡᠷ᠎ᠡ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠦ᠂ ᠨᠡᠮᠡᠭᠳᠡᠯ ᠤᠨ ᠳᠠᠯᠳᠠ ᠬᠦᠴᠦᠨ ᠢ  ᠬᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠨᠡᠩ ᠬᠦᠴᠦᠷᠬᠡᠭᠵᠢᠭᠦᠯᠵᠦ᠂ ᠠᠵᠤ ᠠᠬᠤᠢ ᠶᠢᠨ ᠪᠦᠲᠦᠴᠡ ᠶᠢ ᠨᠡᠩ ᠰᠢᠯᠢᠳᠡᠭᠵᠢᠭᠦᠯᠦᠨ᠎ᠠ᠃ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠵᠤ ᠦᠢᠯᠡᠰ ᠤᠨ ᠰᠠᠭᠤᠷᠢ ᠶᠢ ᠲᠡᠭᠡᠳᠦ ᠲᠡᠰᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠢᠯᠡᠷᠭᠡᠢ ᠲᠡᠭᠡᠭᠰᠢᠯᠡᠭᠦᠯᠵᠦ᠂ ᠬᠦᠳᠡᠭᠡ ᠠᠵᠦ ᠠᠬᠤᠢ ᠶᠢᠨ ᠰᠠᠭᠤᠷᠢ ᠶᠢ ᠨᠡᠩ ᠪᠠᠲᠤᠵᠢᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠶ ᠴᠢᠨᠠᠷ ᠢ ᠴᠢᠩᠭᠠᠷᠠᠭᠤᠯᠤᠨ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠬᠤᠯᠠ ᠶᠡᠭᠡ ᠠᠬᠢᠴᠠ ᠲᠠᠢ ᠪᠣᠯᠭᠠᠨ᠎ᠠ᠃    — ᠦᠭᠡᠷᠡᠴᠢᠯᠡᠯᠲᠠ ᠨᠡᠭᠡᠭᠡᠯᠲᠠ ᠶᠢ ᠰᠢᠨ᠎ᠠ ᠠᠯᠬᠤᠮ ᠠᠬᠢᠭᠤᠯᠤᠨ᠎ᠠ᠃ ᠨᠡᠶᠢᠭᠡᠮ ᠵᠢᠷᠤᠮᠲᠤ ᠨᠡᠶᠢᠭᠡᠮ ᠤᠨ ᠵᠠᠬ᠎ᠠ ᠳᠡᠯᠭᠡᠬᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠳᠡᠷᠵᠢᠬᠦᠯᠵᠦ᠂ ᠦᠨᠳᠦᠷ ᠪᠠᠷᠢᠮᠵᠢᠶ᠎ᠠ ᠪᠦᠬᠦᠢ ᠵᠠᠬ᠎ᠠ ᠳᠡᠯᠭᠡᠬᠦᠷ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠬᠦᠯᠵᠦ᠂ ᠵᠠᠬ᠎ᠠ ᠳᠡᠯᠭᠡᠭᠦᠷ ᠤᠨ ᠭᠤᠤᠯ ᠴᠤᠬᠴᠠ ᠶᠢ ᠨᠡᠩ ᠶᠡᠭᠡ ᠠᠮᠢᠯᠠᠯ ᠤᠨ ᠬᠦᠴᠦᠨ ᠲᠠᠢ ᠪᠤᠯᠭᠠᠵᠦ᠂ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠲᠠ ᠪᠤᠯᠤᠨ ᠡᠯᠧᠮᠧᠨ᠋ᠲ ᠤᠨ ᠵᠠᠬ᠎ᠠ ᠳᠡᠯᠭᠡᠬᠦᠷᠴᠢᠯᠡᠭᠰᠡᠨ ᠲᠤᠬᠢᠷᠠᠭᠤᠯᠤᠯᠲᠠ ᠶᠢᠨ ᠦᠭᠡᠷᠡᠴᠢᠯᠡᠯᠲᠠ ᠶᠢ ᠴᠢᠬᠤᠯᠠ ᠶᠡᠭᠡ ᠦᠷ᠎ᠡ ᠪᠦᠲᠦᠮᠵᠢ ᠲᠠᠢ ᠪᠤᠯᠭᠠᠵᠦ᠂ ᠲᠦᠪ ᠭᠤᠤᠯᠴᠢ ᠪᠠᠷ ᠦᠷᠢᠰᠦᠯᠳᠦᠬᠦ ᠲᠦᠷᠢᠮ ᠢ ᠨᠡᠩ ᠪᠦᠷᠢᠨᠰᠢᠬᠦᠯᠵᠦ᠂ ᠨᠡᠩ ᠦᠨᠳᠦᠷ ᠲᠦᠪᠰᠢᠨ ᠪᠦ᠋ᠬᠦᠢ ᠨᠡᠭᠡᠭᠡᠯᠲᠠᠳᠦ ᠠᠵᠤ ᠠᠬᠤᠢ ᠶᠢᠨ ᠰᠢᠨ᠎ᠠ ᠪᠠᠶᠢᠭᠤᠯᠤᠮᠵᠢ ᠦᠨᠳᠦᠰᠦᠨ ᠳᠡᠭᠡᠨ ᠪᠦᠷᠢᠯᠳᠦᠬᠦᠯᠦᠨ᠎ᠠ᠃    — ᠨᠡᠶᠢᠭᠡᠮ ᠤᠨ ᠪᠤᠯᠪᠠᠰᠤᠨ ᠤ ᠬᠡᠮᠵᠢᠶ᠎ᠠ ᠶᠢ ᠰᠢᠨ᠎ᠠ ᠲᠡᠭᠡᠭᠰᠢᠯᠡᠯᠳᠡ ᠲᠠᠢ ᠪᠤᠯᠭᠠᠨ᠎ᠠ᠃ ᠨᠡᠶᠢᠭᠡᠮ ᠵᠢᠷᠤᠮᠳᠦ ᠨᠡᠶᠢᠭᠡᠮ ᠤᠨ ᠭᠤᠤᠯᠯᠠᠬᠴᠢ ᠦᠷᠲᠡᠭ ᠤᠨ ᠦᠵᠡᠯᠲᠠ ᠶᠢ ᠬᠦᠮᠦᠰ ᠤᠨ ᠰᠡᠳᠬᠢᠯ ᠳᠤ ᠬᠦᠨ ᠰᠠᠭᠤᠬᠳᠠᠭᠤᠯᠤᠨ᠂ ᠤᠯᠠᠨ ᠲᠦᠮᠡᠨ ᠤ ᠦᠵᠡᠯ ᠰᠠᠨᠠᠭ᠎ᠠ ᠶᠤᠰᠤ ᠰᠤᠷᠲᠠᠬᠤᠨ ᠤ ᠬᠡᠪ ᠴᠢᠨᠠᠷ᠂ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ ᠪᠤᠯᠤᠨ ᠪᠠᠶ᠎ᠠ ᠰᠡᠳᠬᠢᠯ ᠤᠨ ᠡᠷᠡᠬᠦᠯ ᠮᠡᠨᠳᠦ ᠶᠢᠨ ᠬᠡᠪ ᠴᠢᠨᠠᠷ ᠢ ᠢᠯᠡᠳᠳᠡ ᠳᠡᠭᠡᠭᠰᠢᠯᠡᠬᠦᠯᠵᠦ᠂ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ ᠪᠤᠯᠤᠨ ᠰᠤᠶᠤᠯ ᠤᠨ ᠠᠵᠤ ᠦᠢᠯᠡᠰ ᠤᠨ ᠰᠢᠰᠲ᠋ᠧᠮ ᠢ ᠨᠡᠩ ᠪᠦᠷᠢᠨᠰᠢᠬᠦᠯᠵᠦ᠂ ᠳᠤᠮᠳᠠᠳᠤ ᠶᠢᠨ ᠦᠨᠳᠦᠰᠦᠳᠠᠨ ᠤ ᠰᠤᠶᠤᠯ ᠤᠨ ᠨᠦᠯᠦᠭᠡᠯᠡᠬᠦ ᠬᠦᠴᠦᠨ ᠢ ᠴᠢᠨᠠᠬᠰᠢᠳᠠ ᠲᠡᠭᠡᠭᠰᠢᠯᠡᠬᠦᠯᠵᠦ᠂ ᠳᠤᠮᠳᠠᠳᠤ ᠶᠢᠨ ᠦᠨᠳᠦᠰᠦᠲᠠᠨ ᠤ ᠨᠢᠭᠳᠠᠷᠠᠯ ᠤᠨ ᠬᠦᠴᠦᠨ ᠢ ᠴᠢᠨᠠᠬᠰᠢᠳᠠ ᠴᠢᠩᠭᠠᠳᠬᠠᠨ᠎ᠠ᠃    — ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠰᠢᠨ᠎ᠠ ᠲᠠᠪᠰᠢᠯᠲᠠ ᠲᠠᠢ ᠪᠤᠯᠭᠠᠨ᠎ᠠ᠃ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ ᠨᠡᠭᠡᠭᠡᠨ ᠬᠦᠭᠵᠢᠬᠦᠯᠦᠯᠲᠠ ᠪᠠ ᠬᠠᠮᠠᠭᠠᠯᠠᠯᠲᠠ ᠶᠢᠨ ᠪᠠᠶᠢᠷᠢᠰᠢᠯ ᠢ ᠰᠢᠯᠢᠳᠡᠭᠵᠢᠬᠦᠯᠦᠨ᠂ ᠦᠢᠯᠡᠳᠪᠦᠷᠢᠯᠠᠯ ᠠᠮᠢᠳᠤᠷᠠᠯ ᠤᠨ ᠬᠡᠯᠪᠡᠷᠢ ᠶᠢᠨ ᠪᠤᠬᠢᠷᠳᠤᠯ ᠦᠭᠡᠢ ᠬᠡᠯᠪᠡᠷᠢ ᠶᠢᠨ ᠬᠤᠪᠢᠷᠠᠯᠲᠠ ᠶᠢ ᠢᠯᠡᠷᠬᠡᠢ ᠪᠤᠯᠭᠠᠵᠦ᠂ ᠡᠨᠧᠷᠬᠢ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠨᠡᠩ ᠵᠦᠢ ᠵᠤᠬᠢᠰᠲᠠᠢ ᠪᠤᠯᠭᠠᠵᠦ᠂ ᠠᠰᠢᠬᠯᠠᠯᠲᠠ ᠶᠢᠨ ᠨᠤᠷᠮ᠎ᠠ ᠶᠢ ᠶᠡᠭᠡ ᠪᠠᠷ ᠳᠡᠭᠡᠭᠰᠢᠯᠡᠬᠦᠯᠵᠦ᠂ ᠭᠤᠤᠯ ᠪᠤᠯᠬᠤ ᠪᠤᠬᠢᠷᠲᠤᠯ ᠪᠤᠳᠠᠰ ᠤᠨ ᠭᠠᠳᠠᠬᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠠ ᠶᠢ ᠦᠷᠬᠦᠯᠵᠢᠯᠡᠨ ᠪᠠᠭᠠᠰᠬᠠᠵᠦ᠂ ᠠᠮᠢ ᠠᠬᠤᠢ ᠤᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠤᠯᠭᠠᠵᠦ᠂ ᠬᠤᠲᠠ ᠬᠦᠳᠡᠭᠡ ᠶᠢᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠢᠯᠡᠷᠬᠡᠢ ᠰᠠᠶᠢᠵᠢᠷᠠᠭᠤᠯᠤᠨ᠎ᠠ᠃    — ᠠᠷᠠᠳ ᠤᠨ ᠠᠮᠢᠳᠤᠷᠠᠯ ᠢ ᠰᠢᠨ᠎ᠠ ᠲᠦᠪᠰᠢᠨ ᠳᠤ ᠬᠦᠷᠬᠡᠨ᠎ᠠ᠃ ᠨᠡᠩ ᠬᠦᠢᠴᠡᠳ ᠨᠡᠩ ᠴᠢᠨᠠᠷ ᠰᠠᠶᠢᠲᠠᠢ ᠠᠵᠢᠯ ᠤᠯᠭᠤᠯᠲᠠ ᠶᠢ ᠪᠡᠶᠡᠯᠡᠬᠦᠯᠵᠦ᠂ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠤᠯᠤᠨ ᠠᠵᠤ ᠠᠬᠤᠢ ᠶᠢᠨ ᠨᠡᠮᠡᠭᠳᠡᠯ ᠦᠨᠳᠦᠰᠦᠨ ᠳᠡᠭᠡᠨ ᠢᠵᠢᠯᠢ ᠠᠯᠬᠤᠮ ᠢᠶᠠᠷ ᠶᠠᠪᠤᠬᠳᠠᠬᠤ ᠶᠢ ᠪᠡᠶᠡᠯᠡᠬᠦᠯᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠲᠦᠪᠰᠢᠨ ᠢ ᠢᠯᠡᠷᠬᠡᠢ ᠳᠡᠭᠡᠭᠰᠢᠯᠡᠬᠦᠯᠵᠦ᠂ ᠪᠦᠬᠦ ᠠᠷᠠᠳ ᠤᠨ ᠰᠤᠷᠭᠠᠨ ᠬᠦᠮᠦᠵᠢᠯ ᠬᠦᠷᠳᠡᠭᠰᠡᠨ ᠬᠡᠮᠵᠢᠶ᠎ᠠ ᠶᠢ ᠲᠠᠰᠤᠷᠠᠯᠳᠡ ᠦᠭᠡᠢ ᠳᠡᠭᠡᠭᠰᠢᠯᠡᠬᠦᠯᠵᠦ᠂ ᠤᠯᠠᠨ ᠳᠠᠪᠬᠤᠷᠭᠠᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠳᠡᠭᠦᠯᠳᠡᠷᠵᠢᠬᠦᠯᠵᠦ᠂ ᠡᠷᠡᠬᠦᠯ ᠬᠠᠮᠠᠭᠠᠯᠠᠯ ᠡᠷᠡᠭᠦᠯ ᠮᠡᠨᠳᠤ ᠶᠢᠨ ᠰᠢᠰᠲ᠋ᠧᠮ ᠢ ᠨᠡᠩ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠲᠤᠯᠬᠤ ᠲᠠᠶᠢᠯᠠᠯᠳᠤᠭᠠᠨ ᠤ ᠦᠷ᠎ᠠ ᠪᠦᠲᠦᠭᠡᠯ ᠢ ᠨᠡᠩ ᠦᠷᠭᠡᠳᠬᠡᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃    — ᠤᠯᠤᠰ ᠤᠨ ᠵᠠᠰᠠᠯᠲᠠ ᠶᠢᠨ ᠬᠦᠴᠦᠨ ᠴᠢᠳᠠᠪᠤᠷᠢ ᠶᠢ ᠰᠢᠨ᠎ᠠ ᠲᠡᠭᠡᠭᠰᠢᠯᠡᠯᠳᠡ ᠲᠠᠢ ᠪᠤᠯᠭᠠᠨ᠎ᠠ᠃ ᠨᠡᠶᠢᠭᠡᠮ ᠵᠢᠷᠤᠮᠳᠦ ᠨᠡᠶᠢᠭᠡᠮ ᠤᠨ ᠠᠷᠠᠳᠴᠢᠯᠠᠯ ᠬᠠᠤᠯᠢᠵᠢᠯ ᠤᠨ ᠵᠠᠰᠠᠯᠲᠠ ᠶᠢ ᠨᠡᠩ ᠪᠦᠷᠢᠨᠰᠢᠬᠦᠯᠵᠦ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠶᠢ ᠴᠢᠨᠠᠬᠰᠢᠳᠠ ᠢᠯᠡᠷᠡᠬᠦᠯᠵᠦ᠂ ᠤᠯᠤᠰ ᠤᠨ ᠵᠠᠰᠠᠬ ᠵᠠᠬᠢᠷᠭᠠᠨ ᠤ ᠰᠢᠰᠲ᠋ᠧᠮ ᠢ ᠨᠡᠩ ᠲᠡᠭᠦᠯᠳᠡᠷᠵᠢᠬᠦᠯᠵᠦ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠦ᠂ ᠵᠠᠰᠠᠬ ᠵᠠᠬᠢᠷᠭᠠᠨ ᠤ ᠦᠷ᠎ᠡ ᠪᠦᠲᠦᠮᠵᠢ ᠪᠤᠯᠤᠨ ᠤᠯᠠᠨ ᠨᠡᠶᠢᠲᠠ ᠶᠢᠨ ᠢᠲᠡᠭᠡᠬᠦᠯᠬᠦ ᠬᠦᠴᠤᠨ ᠢ ᠢᠯᠡᠷᠬᠡᠢ ᠳᠡᠭᠡᠭᠰᠢᠯᠡᠬᠦᠯᠵᠦ᠂ ᠨᠡᠶᠢᠭᠡᠮ ᠤᠨ ᠵᠠᠰᠠᠯᠲᠠ ᠤᠨᠴᠠᠭᠠᠢᠢᠯᠠᠨ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠮᠡᠳᠡᠭᠳᠡᠮ᠎ᠠ ᠳᠡᠭᠡᠭᠰᠢᠯᠡᠬᠦᠯᠵᠦ᠂ ᠬᠦᠨᠳᠦ ᠴᠢᠬᠤᠯᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠪᠠ ᠲᠤᠭᠲᠠᠴᠠ ᠶᠢ ᠲᠠᠰᠤᠷᠠᠯᠲᠠ ᠦᠭᠡᠢ ᠳᠡᠭᠦᠯᠳᠡᠷᠵᠢᠬᠦᠯᠵᠦ᠂ ᠬᠡᠨᠡᠳᠳᠡ ᠶᠢᠨ ᠤᠯᠠᠨ ᠨᠡᠶᠢᠲᠡ ᠶᠢᠨ ᠭᠡᠷᠡᠭ ᠢ ᠠᠷᠭᠠᠴᠠᠭᠠᠬᠤ ᠴᠢᠳᠠᠪᠤᠷᠢ ᠶᠢ ᠢᠯᠡᠷᠬᠡᠢ ᠳᠡᠭᠡᠭᠰᠢᠯᠡᠬᠦᠯᠵᠦ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠬᠢᠷᠢ ᠲᠦᠪᠰᠢᠨ ᠢ ᠢᠯᠡᠳᠳᠡ ᠳᠡᠭᠡᠭᠰᠢᠯᠡᠬᠦᠯᠵᠦ᠂ ᠠᠮᠤᠷ ᠲᠦᠪᠰᠢᠨ ᠤ ᠪᠠᠳᠤᠯᠠᠭ᠎ᠠ ᠶᠢ ᠨᠡᠩ ᠬᠦᠴᠦᠳᠠᠢ ᠪᠤᠯᠭᠠᠨ ᠬᠦᠭᠵᠢᠬᠦᠯᠵᠦ᠂ ᠤᠯᠤᠰ ᠤᠨ ᠬᠢᠯᠢ ᠶᠢᠨ ᠬᠠᠮᠠᠭᠠᠯᠠᠯᠲᠠ ᠪᠤᠯᠤᠨ ᠴᠡᠷᠢᠭ ᠠᠩᠬᠢ ᠶᠢᠨ ᠤᠳᠤᠬᠢᠴᠢᠯᠠᠯᠲᠠ ᠶᠢ ᠴᠢᠬᠤᠯᠠ ᠶᠡᠭᠡ ᠠᠯᠬᠤᠮ ᠠᠬᠢᠭᠤᠯᠤᠨ᠎ᠠ    ᠭᠤᠷᠪᠠ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠬᠦᠷ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠥᠬᠦ ᠲᠠᠯ᠎ᠠ ᠪᠠᠷ ᠴᠤᠭᠴᠠᠯᠠᠨ᠎ᠠ    ᠰᠢᠨ᠎ᠠ ᠶᠢ ᠡᠬᠦᠳᠬᠦ ᠶᠢᠨ ᠮᠠᠨ ᠤ ᠤᠯᠤᠰ ᠤᠨ ᠤᠳᠤᠬᠢᠴᠢᠯᠠᠯᠳᠡ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠴᠠ ᠪᠣᠯᠭᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠤᠨ᠎ᠠ ᠡᠩᠨᠡᠭᠡᠨ ᠳᠤ ᠬᠠᠨᠳᠤᠭᠤᠯᠵᠤ᠂ ᠠᠵᠤ ᠠᠬᠤᠶ ᠶᠢᠨ ᠭᠤᠤᠯ ᠲᠠᠶᠢᠨ ᠤ ᠲᠠᠯᠠᠪᠤᠷ ᠲᠤ ᠬᠠᠨᠳᠤᠭᠤᠯᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠳᠦᠭᠡᠨ ᠪᠠᠶᠢᠭᠤᠯᠤᠨ᠎ᠠ᠃    7. ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠠᠵᠢᠯᠯᠠᠭᠠᠨ ᠤ ᠬᠦᠳᠦᠯᠪᠤᠷᠢ ᠶᠢ ᠲᠣᠭᠲᠠᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠣᠤᠷᠠᠬᠢ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠭᠰᠠᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠢ ᠴᠢᠩᠭᠠᠳᠬᠠᠵᠤ᠂ ᠤᠤᠭᠠᠯ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠰᠢᠨᠵᠢᠯᠡᠭᠡᠨ ᠤ ᠪᠠᠶᠢᠷᠢᠰᠢᠭᠤᠯᠤᠯᠲᠠ ᠪᠣᠯᠤᠨ ᠰᠤᠳᠤᠯᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠤ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ ᠠᠭᠤᠰᠤᠯᠴᠠᠬᠤ ᠶᠢ ᠠᠬᠢᠭᠤᠯᠵᠤ᠂ ᠨᠡᠶᠢᠲᠡᠯᠢᠭ ᠴᠢᠨᠠᠷᠲᠠᠶ ᠰᠠᠭᠤᠷᠢ ᠮᠡᠷᠭᠡᠵᠢᠯ ᠤᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠮᠡᠳᠡᠭᠡ ᠵᠠᠩᠭᠢ᠂ ᠬᠤᠷᠠᠮᠠᠯ ᠴᠠᠬᠢᠯᠭᠠᠨ ᠬᠡᠯᠬᠢᠶ᠎ᠡ᠂ ᠠᠮᠢ ᠨᠠᠰᠤᠨ ᠤ ᠡᠷᠡᠭᠦᠯ ᠮᠡᠨᠳᠦ᠂ ᠲᠠᠷᠢᠬᠢᠨ ᠤ ᠰᠢᠨᠵᠢᠯᠡᠬᠦ ᠤᠬᠠᠭᠠᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠤᠯᠲᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠭᠠᠵᠠᠷ ᠤᠨ ᠬᠦᠨ ᠲᠡᠯᠡᠶ ᠶᠢᠨ ᠬᠦᠨ ᠵᠡᠷᠭᠡ ᠬᠤᠰᠢᠭᠤᠴᠢ ᠬᠦᠷᠢᠶ᠎ᠠ ᠴᠠᠷᠠᠭ᠎ᠠ ᠶᠢ ᠣᠨᠢᠯᠠᠵᠤ᠂ ᠪᠠᠷᠠᠯᠠᠯᠳᠤ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠬᠡᠷᠡᠭᠵᠢᠭᠦᠯᠦᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨᠵᠢᠯᠡᠬᠦ ᠤᠬᠠᠭᠠᠨ ᠤ ᠲᠥᠯᠥᠪᠯᠡᠭᠡ ᠪᠠ ᠰᠢᠨᠵᠢᠯᠡᠬᠦ ᠤᠬᠠᠭᠠᠨ ᠤ ᠢᠨᠵᠧᠨᠧᠷᠢᠩ‌ᠢ ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠬ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠤᠯᠤᠰ ᠤᠨ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠲᠠᠬᠢᠨ ᠪᠦᠲᠦᠬᠡᠨ ᠪᠠᠶᠢᠭᠤᠯᠤᠨ᠎ᠠ᠃ ᠶᠡᠷᠦᠩᠬᠡᠶᠢᠯᠡᠭᠰᠡᠨ ᠴᠢᠨᠠᠷᠲᠠᠶ ᠤᠯᠤᠰ ᠤᠨ ᠰᠢᠨᠵᠢᠯᠡᠬᠦ ᠤᠬᠠᠭᠠᠨ ᠤ ᠲᠥᠪ ᠪᠠ ᠣᠷᠣᠨ ᠪᠦᠰᠡ ᠶᠢᠨ ᠴᠢᠨᠠᠷᠲᠠᠶ ᠰᠢᠨ᠎ᠠ ᠶᠢ ᠡᠭᠦᠳᠬᠦ ᠳᠠᠪᠠᠭᠤᠯᠢᠭ ᠤᠷᠴᠢᠨ ᠢ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ ᠪᠡᠭᠡᠵᠢᠩ᠂ ᠱᠠᠩᠬᠠᠶ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠷᠤᠨ ᠢ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠤᠯᠭᠠᠨ ᠴᠤᠬᠴᠠᠯᠠᠬᠤ ᠶᠢ ᠳᠡᠮᠵᠢᠨ᠎ᠡ᠃ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠭᠦᠯᠡᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠳᠡᠭᠡᠳᠦ ᠲᠡᠰ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃    8. ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠤᠨ᠎ᠠ᠃ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ ᠭᠦᠨᠵᠡᠬᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠲᠦᠷᠦᠬᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ  ᠵᠦᠢᠯ ᠢ ᠡᠭᠦᠷᠭᠡᠯᠡᠬᠦ ᠶᠢ ᠳᠡᠮᠵᠢᠨ᠎ᠡ᠃ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠠᠵᠤ ᠠᠬᠤᠶᠢᠯᠠᠯᠲᠠᠨ ᠤ ᠴᠢᠬᠤᠯᠠ  ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠰᠤᠳᠤᠯᠭᠠᠨ ᠤ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠰᠠᠭᠤᠷᠢ ᠰᠤᠳᠤᠯᠭᠠᠨ ᠳᠤ ᠭᠠᠶᠢᠯᠢ ᠶᠢᠨ ᠬᠠᠷᠠᠭᠠᠯᠵᠠᠯ ᠦᠵᠡᠬᠦᠯᠬᠦ ᠶᠢ ᠬᠡᠷᠡᠭᠵᠢᠬᠦᠯᠦᠨ᠎ᠠ᠃ ᠲᠣᠮᠣ ᠠᠵᠤ ᠠᠬᠤᠶᠢᠯᠠᠯ ᠤᠨ ᠳᠠᠭᠠᠭᠤᠯᠬᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠬᠤᠯᠠ ᠡᠬᠢ ᠰᠤᠷᠪᠤᠯᠵᠢ ᠶᠢᠨ ᠭᠠᠵᠠᠷ ᠪᠣᠯᠬᠤ ᠶᠢ ᠳᠡᠮᠵᠢᠵᠦ᠂ ᠨᠡᠶᠢᠲᠡᠯᠢᠭ ᠴᠢᠨᠠᠷᠲᠠᠶ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠲᠡᠭᠡᠳᠤ ᠳᠤᠮᠳᠠ ᠳᠣᠣᠷᠠᠳᠤ ᠤᠷᠤᠰᠬᠠᠯ᠂ ᠲᠣᠮᠣ ᠳᠤᠮᠳᠠ ᠪᠠᠭ᠎ᠠ ᠠᠵᠤ ᠠᠬᠤᠶᠢᠯᠠᠯ ᠤᠨ ᠬᠠᠷᠢᠯᠴᠠᠨ ᠨᠡᠪᠳᠡᠷᠡᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃    9. ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠴᠢᠭᠯᠡᠯᠲᠡ ᠶᠢ ᠲᠤᠭᠤᠰᠢᠯᠠᠭᠤᠯᠤᠨ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠵᠦ᠂ ᠤᠯᠠᠨ ᠤᠯᠤᠰ ᠤᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠭᠠᠭᠤᠯᠤᠬᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠨᠡᠩ ᠤᠯᠠᠨ ᠬᠥᠮᠦᠵᠢᠭᠦᠯᠵᠦ᠂ ᠤᠯᠠᠡ ᠤᠯᠤᠰ ᠤᠨ ᠦᠷᠢᠰᠦᠯᠳᠦᠬᠦ ᠬᠦᠴᠦᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠪᠡᠯᠡᠳᠬᠡᠯ ᠬᠦᠴᠦᠨ ᠢ ᠬᠥᠮᠦᠵᠢᠭᠦᠯᠦᠨ᠎ᠡ᠃ ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢ ᠪᠠᠲᠤ ᠰᠠᠬᠢᠨ᠎ᠠ᠃ ᠠᠺᠠᠳᠧᠮᠢᠴᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ᠂ ᠮᠡᠷᠭᠡᠵᠢᠯ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠦᠷᠳᠡᠭ ᠢ ᠭᠦᠶ᠋ᠴᠡᠳ ᠢᠯᠡᠷᠡᠭᠦᠯᠦᠭᠰᠡᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠤᠰᠢᠶᠠᠯ ᠤᠨ ᠡᠭᠦᠳᠦᠯᠲᠡ ᠶᠢᠨ ᠦᠷ᠎ᠡ ᠪᠦᠲᠦᠭᠡᠯ ᠤᠨ ᠡᠷᠬᠡ ᠠᠰᠢᠭ ᠢ ᠬᠠᠮᠳᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠬᠦ ᠬᠡᠯᠪᠡᠷᠢ᠂ ᠬᠡᠷᠡᠭᠯᠡᠭᠡᠨ ᠤ ᠬᠡᠯᠪᠡᠷᠢ᠂ ᠮᠡᠷᠭᠡᠵᠢᠯ ᠤᠨ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠮᠡᠳᠡᠯᠭᠡ ᠶᠢ ᠰᠢᠨᠡᠳᠬᠡᠬᠦ ᠢᠨᠵᠧᠨᠧᠷᠢᠩ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠠᠪᠤᠭᠳᠠᠭᠤᠯᠤᠨ᠂ ᠥᠨᠳᠥᠷ ᠬᠢᠷᠢ ᠲᠦᠪᠰᠢᠨ ᠪᠥᠬᠦᠶ ᠢᠨᠵᠧᠨᠧᠷᠢᠩ ᠪᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠲᠤᠮᠤᠷᠠᠭᠤᠯᠤᠨ᠎ᠠ᠃ ᠥᠨᠳᠥᠷ ᠬᠢᠷᠢ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ ᠶᠢ ᠬᠥᠭᠵᠢᠭᠦᠯᠬᠦ ᠶᠢ ᠳᠡᠮᠵᠢᠵᠦ᠂ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃ ᠨᠡᠩ ᠨᠡᠭᠡᠭᠡᠯᠲᠡ ᠲᠠᠢ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠴᠢᠳᠠᠪᠤᠷᠢᠲᠠᠨ ᠴᠤᠭᠯᠠᠷᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠳᠠᠪᠠᠭᠤᠯᠢᠭ ᠤᠷᠴᠢᠨ ᠢ ᠪᠠᠶᠢᠭᠤᠯᠤᠨ᠎ᠠ᠃    10. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ ᠶᠢᠨ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠲᠦᠷᠦᠯ ᠵᠦᠢᠯ᠂ ᠰᠠᠭᠤᠷᠢᠨ᠂ ᠴᠢᠳᠠᠪᠤᠷᠢᠲᠠᠨ ᠂ ᠪᠡᠯᠡ ᠮᠥᠩᠭᠦ ᠶᠢ ᠨᠢᠭᠡ ᠴᠤᠭᠴᠠᠵᠢᠭᠤᠯᠤᠨ ᠲᠣᠬᠢᠷᠠᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠵᠣᠬᠢᠶᠠᠨ ᠪᠠᠶᠢᠭᠤᠯᠵᠦ ᠬᠠᠮᠢᠶᠠᠷᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ︽ᠳᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ︾ ᠵᠡᠷᠭᠡ ᠲᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠲᠥᠷᠥᠯ ᠵᠦᠢᠯ ᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠥᠭᠡᠷᠡᠴᠢᠯᠡᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ ᠮᠡᠳᠡᠬᠦ ᠡᠷᠬᠡ ᠶᠢ ᠥᠷᠭᠡᠳᠬᠡᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ ᠃ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠤᠯ ᠪᠣᠯᠭᠠᠬᠤ᠂ ᠨᠡᠶᠢᠭᠡᠮ ᠤᠨ ᠤᠯᠠᠨ ᠠᠷᠭ᠎ᠠ ᠵᠠᠮ ᠢᠶᠠᠷ ᠣᠷᠣᠭᠤᠯᠬᠤ ᠲᠣᠭᠲᠠᠴᠠ ᠶᠢ ᠪᠦᠷᠢᠨᠰᠢᠬᠦᠯᠵᠤ᠂ ᠰᠠᠭᠤᠷᠢ ᠬᠤᠰᠢᠭᠤᠴᠢ ᠰᠤᠳᠤᠯᠭᠠᠨ ᠤ ᠳᠡᠮᠵᠢᠯᠭᠡ ᠶᠢ ᠨᠡᠮᠡᠭᠳᠡᠭᠦᠯᠦᠨ᠎ᠡ᠃ ᠮᠥᠩᠭᠦᠨ ᠭᠦᠶ᠋ᠯᠭᠡᠭᠡᠨ ᠢᠶᠠᠷ ᠰᠢᠨ᠎ᠡ ᠶᠢ ᠡᠭᠦᠳᠬᠦ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠮᠡᠷᠭᠡᠵᠢᠯ ᠢ ᠠᠵᠤ ᠦᠢᠯᠡᠰᠵᠢᠭᠦᠯᠵᠦ ᠬᠡᠪᠴᠢᠶᠡᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠰᠢ ᠶᠣᠰᠣᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡᠳᠤ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠥᠩᠭᠦ ᠶᠢ ᠰᠤᠳᠤᠯᠤᠨ ᠲᠤᠬᠢᠷᠠᠭᠤᠯᠤᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号