︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢᠨ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2020/11/5
   ᠰᠢ ᠶᠢᠨ ᠫᠢᠩ    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠶᠢᠳᠠᠯᠭ᠎ᠠ ᠪᠠᠷ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠪᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠶ᠎ᠡ᠃   ᠨᠢᠭᠡ᠂ ᠰᠠᠨᠠᠭᠤᠯᠭ᠎ᠠ ᠶᠢᠨ ᠨᠤᠤᠷᠠᠭ ᠢ ᠲᠤᠭᠤᠷᠪᠢᠭᠰᠠᠨ ᠶᠠᠪᠤᠴᠠ    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠃    ᠡᠨᠡ ᠵᠢᠯ ᠤᠨ 3 ᠰᠠᠷ᠎ᠠ ᠳᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠬᠢᠨᠡᠨ ᠵᠦᠪᠯᠡᠬᠦ ᠪᠠᠷ ᠳᠤᠭᠳᠠᠭᠠᠵᠤ᠂ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠪᠠᠶᠢᠭᠤᠯᠵᠦ᠂ ᠪᠢ ᠳᠤᠭᠤᠶᠢᠯᠠᠩ ᠤᠨ ᠳᠠᠷᠤᠭ᠎ᠠ ᠪᠤᠯᠵᠤ᠂ ᠯᠢ ᠺᠧ ᠴᠢᠶᠠᠩ ᠨᠥᠬᠦᠷ᠂ ᠸᠠᠩ ᠬᠤ᠋ ᠨᠢᠩ ᠨᠥᠬᠦᠷ᠂ ᠬᠠᠨ ᠵᠧᠩ ᠨᠥᠬᠦᠷ ᠳᠤᠭᠤᠶᠢᠯᠠᠩ ᠤᠨ ᠳᠡᠳ᠋ ᠳᠠᠷᠤᠭ᠎ᠠ ᠪᠣᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠬᠠᠷᠢᠭᠤᠴᠠᠯᠭᠠᠲᠠᠨ ᠨᠥᠬᠦᠳ ᠣᠷᠣᠯᠴᠠᠵᠦ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠤᠷ᠎ᠠ ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠠᠵᠢᠯ ᠢ ᠡᠭᠦᠷᠭᠡᠯᠡᠵᠠᠢ᠃    3 ᠰᠠᠷ᠎ᠠ ᠶᠢᠨ 30 ᠤ ᠡᠳᠦᠷ᠂ ᠨᠠᠮ ᠤᠨ ᠲᠥᠪ ᠬᠤᠷᠢᠶ᠎ᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠰᠤᠳᠤᠯᠵᠤ ᠰᠠᠨᠠᠯ ᠬᠤᠷᠢᠶᠠᠬᠤ ᠲᠤᠬᠠᠶ ᠮᠡᠳᠡᠭᠳᠡᠯ︾ ᠢ ᠲᠠᠷᠬᠠᠭᠠᠵᠤ᠂ ᠨᠠᠮ ᠤᠨ ᠲᠤᠳᠤᠨ᠎ᠠ ᠭᠠᠳᠠᠨ᠎ᠠ ᠵᠣᠬᠢᠬᠤ ᠬᠡᠪᠴᠢᠶᠡᠨ ᠳᠤ ᠰᠠᠨᠠᠯ ᠬᠤᠷᠢᠶᠠᠪᠠ᠃ 4 ᠰᠠᠷ᠎ᠠ ᠶᠢᠨ 13 ᠤ ᠡᠳᠦᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ᠂ ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠠᠵᠢᠯ ᠵᠢᠩᠬᠢᠨᠢ ᠪᠠᠷ ᠡᠬᠢᠯᠡᠪᠡ᠃    ᠡᠯ᠎ᠡ ᠲᠠᠯ᠎ᠠ ᠶᠢᠨ ᠬᠢᠨ ᠤ ᠬᠠᠷᠢᠭᠤ ᠲᠤᠰᠬᠠᠭᠰᠠᠨ ᠰᠠᠨᠠᠯ ᠠᠴᠠ ᠦᠵᠡᠪᠡᠯ᠂ ︽ᠬᠤᠣᠰ ᠵᠠᠭᠤᠨ ᠵᠢᠯ︾ ᠤᠨ ᠲᠡᠦᠬᠡᠨ ᠠᠭᠤᠯᠵᠠᠷ ᠳᠡᠭᠡᠷ᠎ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠶᠢᠨ ᠬᠠᠮᠲᠤ ᠰᠠᠨᠠᠭᠤᠯᠭ᠎ᠠ ᠳᠤᠷᠠᠳᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠵᠣᠷᠢᠭᠵᠢᠭᠤᠯᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠠᠶᠢᠨ ᠡᠬᠢᠯᠡᠯᠲᠡ ᠲᠠᠢ ᠪᠤᠯᠭᠠᠨ᠂ ᠰᠠᠶᠢᠨ ᠭᠠᠷᠤᠭ᠎ᠠ ᠠᠪᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠤᠯᠠᠨ ᠢᠶᠠᠷ ᠢᠶᠠᠨ ᠰᠠᠨᠠᠯ ᠨᠢᠭᠡᠳᠠᠢ ᠦᠵᠡᠵᠡᠭᠡᠵᠤ ᠪᠠᠶᠢᠨ᠎ᠠ᠃    ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠭᠡᠪᠡᠴᠦ ᠲᠤᠯᠭᠠᠷᠠᠵᠤ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠪᠠᠶᠢᠳᠠᠯ ᠳᠤ ᠶᠠᠭ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠭᠠᠷᠴᠤ ᠪᠠᠶᠢᠨ᠎ᠠ᠃ ᠮᠠᠨ ᠤ ᠤᠯᠤᠰ ᠥᠪᠡᠷᠮᠢᠴᠡ ᠤᠯᠤᠰ ᠲᠥᠷᠥ ᠶᠢᠨ ᠳᠠᠪᠠᠭᠤᠯᠢᠭ᠂ ᠪᠠᠶᠢᠭᠤᠯᠤᠯ ᠤᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠠ ᠠᠵᠠ ᠲᠣᠬᠢᠶᠠᠯ ᠤᠨ ᠳᠠᠪᠠᠭᠤᠯᠢᠭ ᠲᠠᠢ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠬᠦ ᠠᠯᠢ ᠤᠯᠠᠨ ᠠᠰᠢᠭᠲᠠᠶ ᠨᠥᠬᠦᠴᠡᠯ ᠪᠤᠢ᠂ ᠪᠢᠳᠡ ︽ᠬᠤᠶᠠᠷ ᠶᠡᠭᠡ ᠭᠠᠶᠢᠬᠠᠮᠰᠢᠭ︾ ᠤᠨ ᠰᠢᠨ᠎ᠡ ᠬᠠᠭᠤᠳᠠᠰᠤ ᠶᠢ ᠪᠢᠴᠢᠭᠯᠡᠬᠦ ᠢᠲᠡᠭᠡᠯ᠂ ᠡᠷᠴᠢ ᠵᠤᠷᠢᠭ ᠪᠠ ᠴᠢᠳᠠᠪᠤᠷᠢ ᠪᠦᠷᠢᠨ ᠪᠠᠶᠢᠨ᠎ᠠ ᠭᠡᠵᠦ ᠣᠯᠠᠨ ᠢᠶᠠᠷ ᠢᠶᠠᠨ ᠦᠵᠡᠵᠡᠭᠡᠪᠡ᠃ ᠰᠠᠨᠠᠭᠤᠯᠭ᠎ᠠ ᠲᠣᠭᠲᠠᠭᠠᠬᠤ ᠪᠠᠷ ᠳᠠᠮᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠨᠳᠦᠰᠦᠨ ᠰᠡᠳᠬᠢᠮᠵᠢ᠂ ᠭᠤᠤᠯ ᠬᠠᠷᠠᠯᠲᠠ ᠵᠢᠴᠢ 2035 ᠣᠨ ᠤ ᠠᠯᠤᠰ ᠤᠨ ᠬᠠᠷᠠᠯᠲᠠ ᠶᠢ ᠲᠣᠳᠣᠷᠬᠠᠶᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠬᠥᠲᠥᠯᠥᠨ ᠳᠠᠭᠠᠭᠤᠯᠬᠤ ᠦᠢᠯᠡᠳᠦᠯ ᠢ ᠳᠣᠪᠤᠶᠢᠯᠭᠠᠨ᠂ ᠨᠢᠭᠡ ᠪᠦᠯᠦᠭ ᠪᠡᠯᠬᠡ ᠳᠡᠮᠳᠡᠭ ᠤᠨ ᠴᠢᠨᠠᠷᠲᠠᠶ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠤᠷᠢᠳᠠᠴᠢ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠬᠠᠨᠳᠤᠯᠭᠠᠲᠤ ᠴᠢᠨᠠᠷᠲᠠᠶ ᠴᠢᠬᠤᠯᠠ ᠶᠡᠭᠡ ᠠᠷᠭ᠎ᠠ ᠬᠡᠮᠵᠢᠶ᠎ᠡ ᠶᠢ ᠬᠡᠷᠡᠭᠵᠢᠭᠦᠯᠤᠨ᠂ ᠴᠢᠬᠤᠯᠠ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠶᠠᠪᠤᠭᠳᠠᠭᠤᠯᠬᠤ ᠲᠤᠬᠠᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠲᠥᠰᠦᠪᠯᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠪᠠᠲᠤ ᠰᠠᠭᠤᠷᠢ ᠲᠠᠯᠪᠢᠬᠤ ᠶᠢ ᠣᠯᠠᠨ ᠢᠶᠠᠷ ᠢᠶᠠᠨ ᠨᠡᠶᠢᠳᠡᠮ ᠬᠦᠰᠡᠵᠦ ᠪᠠᠶᠢᠯ᠎ᠠ᠃    ᠡᠨᠡ ᠤᠳᠠᠭᠠᠨ ᠤ ᠰᠠᠨᠠᠭᠤᠯᠭ᠎ᠠ ᠶᠢᠨ ᠨᠤᠤᠷᠠᠭ ᠢ ᠲᠤᠭᠤᠷᠪᠢᠭᠰᠠᠨ ᠤ ᠨᠢᠭᠡ ᠴᠢᠬᠤᠯᠠ ᠣᠨᠴᠠᠯᠢᠭ ᠪᠣᠯ ᠠᠷᠠᠳᠴᠢᠯᠠᠯ ᠢ ᠪᠠᠳᠠᠷᠠᠭᠤᠯᠬᠤ᠂ ᠡᠭᠦᠳᠡ ᠪᠠᠨ ᠨᠡᠭᠡᠭᠡᠵᠦ ᠠᠷᠭ᠎ᠠ ᠪᠤᠳᠤᠯᠭ᠎ᠠ ᠠᠰᠠᠭᠤᠬᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠬᠰᠠᠨ ᠶᠠᠪᠤᠳᠠᠯ ᠪᠣᠯᠤᠨ᠎ᠠ᠃ ᠪᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠤᠭᠳᠠᠭᠠᠬᠤ ᠲᠤᠬᠠᠶ ᠠᠯᠢ ᠣᠯᠠᠨ ᠱᠠᠭᠠᠷᠳᠠᠯᠭ᠎ᠠ ᠳᠤᠷᠠᠳᠴᠤ᠂ ᠦᠵᠦ ᠲᠥᠯᠥᠪᠯᠡᠭᠡ ᠶᠢ ᠴᠢᠩᠭᠠᠳᠬᠠᠬᠤ ᠪᠠ ᠠᠷᠠᠳ ᠠᠴᠠ ᠠᠷᠭ᠎ᠠ ᠪᠤᠳᠤᠯᠭ᠎ᠠ ᠠᠰᠠᠭᠤᠬᠤ ᠶᠢ ᠨᠢᠭᠡᠳᠬᠡᠵᠦ᠂ ᠥᠷᠭᠡᠨ ᠤᠯᠠᠨ ᠠᠷᠠᠳ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠡᠯ᠎ᠡ ᠵᠦᠢᠯ ᠤᠨ ᠠᠷᠭ᠎ᠠ ᠭᠡᠯᠪᠡᠷᠢ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 7 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠰᠡᠭᠦᠯᠴᠢ ᠪᠣᠯᠲᠠᠯ᠎ᠠ᠂ ᠪᠢ ᠤᠷᠢᠳ ᠬᠤᠵᠢᠳ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠬᠰᠠᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠠᠷᠢᠯᠴᠠᠬᠤ ᠬᠤᠷᠠᠯ᠂ ᠠᠵᠤ ᠠᠬᠤᠶ ᠨᠡᠶᠢᠭᠡᠮ ᠤᠨ ᠬᠦᠷᠢᠶᠡᠨ ᠤ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ᠂ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ᠂ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠲᠤᠰᠬᠠᠶ ᠮᠡᠷᠭᠡᠵᠢᠯᠲᠡᠨ ᠪᠠ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠣᠭᠲᠠᠭᠠᠬᠤ ᠲᠤᠬᠠᠶ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠪᠠ᠃ 8 ᠰᠠᠷ᠎ᠠ ᠶᠢᠨ 16 ᠤ ᠡᠳᠦᠷ ᠠᠴᠠ 29 ᠤ ᠡᠳᠦᠷ ᠪᠣᠯᠲᠠᠯ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠤᠭᠳᠠᠭᠠᠬᠤ ᠠᠵᠢᠯ ᠤᠨ ᠲᠤᠬᠠᠢ ᠰᠦᠯᠵᠢᠶᠡᠨ ᠳᠡᠭᠡᠷ᠎ᠡ ᠰᠠᠨᠠᠯ ᠬᠤᠷᠢᠶᠠᠪᠠ᠃ ᠥᠷᠭᠡᠨ ᠤᠯᠠᠨ ᠠᠷᠠᠳ ᠲᠦᠮᠡᠨ ᠢᠳᠡᠪᠬᠢᠲᠡᠶ ᠣᠷᠣᠯᠴᠠᠵᠤ᠂ 100 ᠭᠠᠷᠤᠶ ᠲᠦᠮᠡᠨ ᠵᠤᠷᠪᠤᠰ ᠦᠭᠡ ᠦᠯᠡᠳᠡᠭᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠡᠭᠦᠨ ᠤ ᠳᠣᠲᠣᠷ᠎ᠠ ᠠᠴᠠ 1000 ᠭᠠᠷᠤᠶ ᠵᠤᠷᠪᠤᠰ ᠰᠠᠨᠠᠭᠤᠯᠭ᠎ᠠ ᠶᠢ ᠡᠮᠬᠢᠳᠬᠡᠨ ᠭᠠᠷᠭᠠᠪᠠ᠃    ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠠᠬᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠤᠨ᠂ ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠪᠡ᠃    ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠲᠣᠭᠲᠠᠭᠠᠯ ᠢ ᠦᠨᠳᠦᠰᠦᠯᠡᠨ᠂ 8 ᠰᠠᠷ᠎ᠠ ᠶᠢᠨ 10 ᠤ ᠡᠳᠦᠷ᠂ ᠰᠠᠨᠠᠭᠤᠯᠭ᠎ᠠ ᠶᠢᠨ ᠨᠣᠣᠷᠠᠭ ᠢ ᠨᠠᠮ ᠤᠨ ᠳᠣᠲᠣᠭᠠᠳᠤ ᠶᠢᠨ ᠬᠡᠰᠡᠭ ᠠᠬᠠᠮᠠᠳ ᠨᠥᠬᠦᠳ ᠢ ᠪᠠᠭᠲᠠᠭᠠᠭᠰᠠᠨ ᠵᠣᠬᠢᠬᠤ ᠬᠡᠪᠴᠢᠶᠡᠨ ᠳᠤ ᠳᠣᠷᠣᠭᠰᠢ ᠪᠠᠭᠤᠯᠭᠠᠵᠤ ᠰᠠᠨᠠᠯ ᠬᠤᠷᠢᠶᠠᠪᠠ᠂ ᠪᠠᠰᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢᠳ ᠤᠨ ᠰᠠᠨᠠᠯ ᠢ ᠲᠤᠰᠬᠠᠶᠢᠯᠠᠨ ᠰᠣᠨᠣᠰᠪᠠ᠃    ᠰᠠᠨᠠᠯ ᠬᠤᠷᠢᠶᠠᠭᠰᠠᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠤᠯᠭ᠎ᠠ ᠶᠢᠨ ᠨᠤᠤᠷᠠᠭ ᠢ ᠭᠦᠢᠴᠡᠳ ᠨᠤᠲᠠᠯᠠᠪᠠ᠃ ᠰᠠᠨᠠᠭᠤᠯᠭ᠎ᠠ ᠶᠢᠨ ᠨᠣᠣᠷᠠᠭ ᠨᠢ ᠴᠠᠭ ᠤᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠪᠥᠭᠡᠳ ᠰᠡᠷᠭᠡᠭ ᠮᠠᠭᠠᠳᠯᠠᠵᠤ᠂ ᠠᠯᠤᠰ ᠬᠡᠲᠦ ᠶᠢ ᠪᠤᠳᠤᠯᠬᠢᠯᠠᠨ ᠪᠣᠳᠠᠳᠠᠢ ᠶᠢ ᠡᠷᠬᠢᠮᠯᠡᠭᠰᠡᠨ ᠬᠠᠷᠠᠯᠲᠠ ᠱᠠᠭᠠᠷᠳᠠᠯᠭ᠎ᠠ ᠳᠤᠷᠠᠳᠴᠤ᠂ ᠵᠢᠯᠣᠭᠤᠳᠬᠤ ᠴᠢᠭᠯᠡᠯᠲᠡ ᠨᠢ ᠲᠤᠭ ᠲᠡᠮᠳᠡᠭ ᠲᠣᠳᠣᠷᠬᠠᠶ᠂ ᠡᠭᠦᠷᠭᠡ ᠶᠢᠨ ᠪᠠᠶᠢᠷᠢᠯᠠᠭᠤᠯᠤᠯᠳᠠ ᠶᠢᠨ ᠴᠢᠭᠯᠡᠯ ᠨᠢ ᠳᠤᠳᠤᠷᠬᠠᠢ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠶᠢ ᠨᠠᠶᠢᠷᠠᠭᠤᠯᠤᠨ ᠲᠤᠭᠳᠠᠭᠠᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠥᠭᠴᠦ᠂ ᠴᠢᠬᠤᠯᠠ ᠵᠢᠷᠤᠮᠯᠠᠯ ᠬᠠᠩᠭᠠᠪᠠ᠃ ᠰᠠᠨᠠᠭᠤᠯᠭ᠎ᠠ ᠶᠢᠨ ᠨᠣᠣᠷᠠᠭ ᠨᠢ ᠤᠯᠤᠰ ᠤᠨ ᠳᠣᠲᠣᠭᠠᠳᠤ ᠳᠤ ᠰᠠᠭᠤᠷᠢᠯᠠᠬᠤ ᠪᠠ ᠪᠦᠬᠦ ᠪᠥᠮᠪᠥᠷᠴᠡᠭ ᠲᠤ ᠠᠩᠬᠠᠷᠤᠯ ᠲᠠᠯᠪᠢᠬᠤ ᠶᠢ ᠨᠢᠭᠡᠳᠦᠯᠳᠠᠢ ᠲᠦᠯᠦᠪᠵᠢᠭᠦᠯᠬᠦ ᠶᠢ ᠪᠠᠷᠢᠮᠳᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠳᠤᠮᠳᠠ ᠤᠷᠲᠤ ᠬᠤᠭᠤᠴᠠᠭᠠᠨ ᠤ ᠬᠠᠷᠠᠯᠲᠠ ᠪᠠ ᠣᠬᠤᠷ ᠬᠤᠭᠤᠴᠠᠭᠠᠨ ᠤ ᠬᠠᠷᠠᠯᠲᠠ ᠶᠢ ᠵᠤᠯᠭᠠᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠲᠥᠯᠥᠪᠵᠢᠭᠦᠯᠬᠦ ᠪᠠ ᠭᠤᠣᠯᠳᠠᠯᠭ᠎ᠠ ᠶᠢ ᠳᠣᠪᠤᠶᠢᠯᠭᠠᠬᠤ ᠶᠢ ᠵᠣᠬᠢᠴᠠᠭᠤᠯᠬᠤ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠪᠠ ᠢᠯᠡᠷᠬᠡᠢ ᠳᠤᠲᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠲᠤᠭᠳᠠᠭᠠᠬᠤ᠂ ᠰᠠᠶᠢᠲᠤᠷ ᠬᠡᠷᠡᠭᠵᠢᠭᠦᠯᠬᠦ ᠳᠤ ᠠᠰᠢᠭᠲᠠᠶ ᠶᠤᠮ ᠭᠡᠵᠤ ᠤᠯᠠᠨ ᠢᠶᠠᠷ ᠢᠶᠠᠨ ᠰᠠᠨᠠᠯ ᠨᠢᠭᠡᠳᠠᠢ ᠦᠵᠡᠵᠡᠭᠡᠵᠠᠢ᠃    ᠰᠠᠨᠠᠯ ᠬᠤᠷᠢᠶᠠᠬᠤ ᠶᠠᠪᠤᠴᠠ ᠳᠤ᠂ ᠡᠯ᠎ᠡ ᠲᠠᠯ᠎ᠠ ᠶᠢᠨ ᠬᠢᠨ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠪᠠ ᠂ ᠡᠭᠦᠨ ᠳᠤ ᠭᠤᠤᠯᠳᠠᠭᠤ ᠳᠣᠤᠷᠠᠬᠢ ᠬᠡᠳᠦᠨ ᠲᠠᠯ᠎ᠠ ᠪᠤᠢ᠃ ᠨᠢᠭᠡ ᠳᠤ ᠲᠤᠷᠰᠢᠯᠭ᠎ᠠ ᠪᠠᠨ ᠭᠦᠢᠴᠡᠳ ᠳ᠋ᠦᠩᠨᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠦᠳᠡᠭᠡ ᠠᠵᠤ ᠠᠬᠤᠢ ᠶᠢᠨ ᠬᠥᠭᠵᠢᠯᠲᠡ᠂ ᠰᠣᠶᠣᠯ ᠤᠨ ᠪᠠᠶᠢᠭᠤᠯᠤᠯᠲᠠ᠂ ᠤᠯᠤᠰ ᠤᠨ ᠠᠮᠤᠷ ᠲᠦᠪᠰᠢᠨ ᠵᠡᠷᠭᠡ ᠲᠠᠯ᠎ᠠ ᠶᠢᠨ ᠠᠭᠤᠯᠭ᠎ᠠ ᠶᠢ ᠨᠥᠬᠦᠪᠥᠷᠢᠯᠡᠪᠡ᠃ ᠬᠤᠶᠠᠷ ᠲᠤ ᠪᠠᠶᠢᠳᠠᠯ ᠣᠷᠴᠢᠨ ᠤ ᠲᠤᠬᠠᠢ ᠵᠠᠳᠠᠯᠤᠯᠲᠠ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠡᠭᠦᠷᠭᠡ ᠮᠥᠨ ᠬᠠᠲᠠᠭᠤ ᠪᠡᠷᠬᠡ ᠪᠠᠶᠢᠬᠤ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ᠂ ᠬᠤᠷᠢᠭ᠎ᠠ ᠱᠤᠭᠤᠮ ᠤᠨ ᠰᠡᠳᠬᠢᠬᠦᠶ ᠶᠢ ᠪᠣᠶ ᠪᠣᠯᠭᠠᠬᠤ ᠵᠡᠷᠭᠡ ᠲᠠᠯ᠎ᠠ ᠶᠢᠨ ᠠᠭᠤᠯᠭ᠎ᠠ ᠶᠢ ᠨᠥᠬᠦᠪᠥᠷᠢᠯᠡᠪᠡ᠃ ᠭᠤᠷᠪᠠ ᠳᠤ ᠵᠢᠯᠣᠭᠤᠳᠬᠤ ᠦᠵᠡᠯ ᠰᠠᠨᠠᠭ᠎ᠠ ᠪᠠ ᠵᠠᠷᠴᠢᠮ ᠢ ᠪᠠᠶᠠᠯᠢᠭᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠬᠥᠭᠵᠢᠯᠳᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢ ᠴᠢᠩᠭᠠᠳᠬᠠᠪᠠ᠃ ᠳᠥᠷᠪᠡ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠪᠣᠯᠤᠨ 2035 ᠣᠨ ᠤ ᠠᠯᠤᠰ ᠤᠨ ᠬᠠᠷᠠᠯᠲᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠵᠥᠷᠢᠶ᠎ᠡ ᠶᠢ ᠪᠠᠭᠠᠰᠬᠠᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠨᠦᠬᠦᠪᠦᠷᠢᠯᠡᠪᠡ᠃ ᠲᠠᠪᠤ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠶᠢ ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠬᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠬᠤ᠂ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠳᠤ ᠦᠭᠡᠷᠡᠴᠢᠯᠡᠯᠳᠡ ᠬᠢᠬᠦ ᠵᠡᠷᠭᠡ ᠲᠠᠯ᠎ᠠ ᠶᠢᠨ ᠠᠭᠤᠯᠭ᠎ᠠ ᠶᠢ ᠨᠦᠬᠦᠪᠦᠷᠢᠯᠡᠪᠡ᠃ ᠵᠢᠷᠭᠤᠭ᠎ᠠ ᠳᠤ ᠤᠯᠤᠰ ᠠᠷᠠᠳ ᠤᠨ ᠠᠵᠤ ᠠᠬᠤᠢ ᠳᠠᠬᠢ ᠪᠣᠳᠠᠲᠤ ᠴᠣᠭᠴᠠ ᠶᠢᠨ ᠠᠵᠤ ᠠᠬᠤᠢ ᠶᠢᠨ ᠴᠢᠬᠤᠯᠠ ᠪᠠᠶᠢᠷᠢ ᠰᠠᠭᠤᠷᠢ ᠶᠢ ᠨᠡᠩ ᠲᠤᠪᠤᠶᠢᠯᠭᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠱᠠᠯᠠᠪᠳᠠᠨ ᠪᠠᠶᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠨᠦᠬᠦᠪᠦᠷᠢᠯᠡᠪᠡ᠃ ᠲᠤᠯᠤᠭ᠎ᠠ ᠳᠤ ᠨᠡᠶᠢᠭᠡᠮ ᠵᠢᠷᠤᠮ ᠤᠨ ᠦᠨᠳᠦᠰᠦᠨ ᠠᠵᠤ ᠠᠬᠤᠶ ᠶᠢᠨ ᠪᠠᠶᠢᠭᠤᠯᠤᠯ ᠢ ᠨᠡᠩ ᠰᠠᠶᠢᠲᠤᠷ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠥᠮᠴᠢᠯᠡᠯᠳᠤ ᠠᠵᠤ ᠠᠬᠤᠶ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ᠂ ᠴᠢᠬᠤᠯᠠ ᠡᠳ᠋ ᠤᠨ ᠵᠠᠰᠠᠭ ᠭᠠᠶᠢᠯᠢ ᠮᠥᠩᠭᠦᠨ ᠭᠦᠶ᠋ᠯᠭᠡᠭᠡᠨ ᠤ ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢ ᠨᠦᠬᠦᠪᠦᠷᠢᠯᠡᠪᠡ᠃ ᠨᠠᠢᠮᠠ ᠳᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠵᠦ᠂ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠨᠦᠬᠦᠪᠦᠷᠢᠯᠡᠪᠡ᠃ ᠶᠢᠰᠦ ᠳᠤ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠣᠯᠤᠨ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠬᠦ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠴᠢᠩᠭᠠᠳᠬᠠᠪᠠ᠃ ᠠᠷᠪᠠ ᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠵᠤ᠂ ᠤᠯᠤᠰ ᠤᠨ ᠠᠵᠤ ᠠᠬᠤᠶ ᠶᠢᠨ ᠠᠮᠤᠷ ᠲᠦᠪᠰᠢᠨ ᠢ ᠪᠠᠲᠤᠯᠠᠬᠤ ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠶᠢᠨ ᠠᠭᠤᠯᠭ᠎ᠠ ᠶᠢ ᠨᠦᠬᠦᠪᠦᠷᠢᠯᠡᠪᠡ    ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠵᠤᠷᠪᠤᠰ ᠳᠠᠷᠠᠭᠠᠯᠠᠨ ᠵᠠᠳᠠᠯᠵᠤ᠂ ᠰᠢᠩᠭᠡᠭᠡᠨ ᠠᠪᠴᠤ ᠳᠡᠶᠢᠯᠬᠦ ᠶᠢ ᠨᠢ ᠴᠢᠳᠠᠬᠤ ᠶᠢᠨ ᠬᠢᠷᠢ ᠪᠠᠷ ᠰᠢᠩᠭᠡᠭᠡᠨ ᠠᠪᠴᠤ᠂ ᠰᠠᠨᠠᠭᠤᠯᠭ᠎ᠠ ᠶᠢᠨ ᠨᠤᠤᠷᠠᠭ ᠤᠨ 366 ᠬᠡᠰᠡᠭ ᠲᠤ ᠦᠰᠦᠭ ᠨᠡᠮᠡᠵᠦ᠂ ᠵᠠᠰᠠᠪᠤᠷᠢ ᠤᠷᠤᠭᠤᠯᠵᠤ ᠴᠣᠮᠬᠠᠳᠬᠠᠨ᠂ ᠡᠯ᠎ᠡ ᠲᠠᠯ᠎ᠠ ᠶᠢᠨ 546 ᠵᠤᠷᠪᠤᠰ ᠰᠠᠨᠠᠯ ᠰᠠᠨᠠᠭᠤᠯᠭ᠎ᠠ ᠶᠢ ᠬᠠᠮᠤᠷᠪᠠ᠃ ᠡᠨᠡ ᠪᠣᠯ ᠮᠠᠨ ᠤ ᠤᠯᠤᠰ ᠤᠨ ᠨᠠᠮ ᠤᠨ ᠳᠣᠲᠣᠭᠠᠳᠤ ᠶᠢᠨ ᠠᠷᠠᠳᠴᠢᠯᠠᠯ ᠪᠠ ᠨᠡᠶᠢᠭᠡᠮ ᠵᠢᠷᠤᠮᠳᠤ ᠠᠷᠠᠳᠴᠢᠯᠠᠯ ᠤᠨ ᠠᠮᠢᠳᠤᠯᠢᠭ ᠦᠢᠯᠡᠳᠦᠯᠭᠡ ᠮᠥᠨ᠃    ᠰᠠᠨᠠᠭᠤᠯᠭ᠎ᠠ ᠶᠢᠨ ᠨᠣᠣᠷᠠᠭ ᠢ ᠲᠤᠭᠤᠷᠪᠢᠬᠤ ᠬᠤᠭᠤᠴᠠᠭᠠᠨ ᠳᠤ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠤᠨ ᠤᠯᠤᠰ ᠲᠦᠷᠦ ᠶᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠤᠨ ᠲᠤᠰ ᠲᠤᠰ ᠬᠢᠨᠠᠨ ᠵᠦᠪᠯᠡᠵᠦ᠂ ᠡᠨᠡ ᠤᠳᠠᠭ᠎ᠠ ᠶᠢᠨ ᠪᠥᠬᠦᠳᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠬᠦᠯᠬᠦ ᠰᠠᠨᠠᠭᠤᠯᠭ᠎ᠠ ᠶᠢᠨ ᠨᠤᠤᠷᠠᠭ ᠢ ᠪᠦᠷᠢᠯᠳᠦᠭᠦᠯᠵᠠᠢ᠃   ᠬᠤᠶᠠᠷ᠂ ᠰᠠᠨᠠᠭᠤᠯᠭ᠎ᠠ ᠶᠢᠨ ᠨᠤᠤᠷᠠᠭ ᠤᠨ ᠭᠤᠤᠯ ᠪᠣᠳᠣᠯᠬᠢᠯᠠᠯ ᠪᠠ ᠦᠨᠳᠦᠰᠦᠨ ᠪᠦᠲᠦᠴᠡ    ᠰᠠᠨᠠᠭᠤᠯᠭ᠎ᠠ ᠶᠢᠨ ᠨᠣᠣᠷᠠᠭ ᠢ ᠲᠤᠭᠤᠷᠪᠢᠭᠰᠠᠨ ᠶᠡᠷᠦᠩᠬᠡᠶ ᠪᠣᠳᠣᠯᠬᠢᠯᠠᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠬᠤᠶᠠᠷ ᠱᠠᠲᠤ ᠦᠶ᠎ᠡ ᠬᠤᠪᠢᠶᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠣᠰᠣᠭᠠᠷ᠂ ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠬᠠᠨᠳᠤᠰᠢ ᠪᠤᠯᠤᠨ ᠮᠠᠨ ᠤ ᠤᠯᠤᠰ ᠤᠨ ᠬᠥᠭᠵᠢᠯᠲᠡ ᠶᠢᠨ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠠᠨ ᠤ ᠤᠯᠤᠰ ᠤᠨ ᠬᠥᠭᠵᠢᠯᠳᠡ ᠳᠤ ᠰᠢᠰᠲ᠋ᠧᠮ ᠲᠠᠢ ᠲᠦᠯᠦᠪᠵᠢᠭᠦᠯᠭᠡ ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠨ᠎ᠡ᠃    ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠶᠠᠪᠤᠴᠠ ᠳᠤ ᠳᠣᠤᠷᠠᠬᠢ ᠵᠠᠷᠴᠢᠮ ᠢ ᠠᠩᠬᠠᠷᠤᠨ ᠡᠵᠡᠮᠳᠡᠵᠠᠢ᠃ ᠨᠢᠭᠡ ᠳᠤ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠣᠷᠭᠠᠨᠢᠭ ᠢᠶᠠᠷ ᠵᠣᠯᠭᠠᠭᠤᠯᠬᠤ ᠠᠵᠢᠯ ᠢ ᠰᠠᠶᠢᠲᠤᠷ ᠬᠢᠪᠡ᠃ ᠬᠤᠶᠠᠷ ᠲᠤ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠪᠠ᠃ ᠭᠤᠷᠪᠠ ᠳᠤ ᠨᠡᠭᠡᠭᠡᠯᠲᠡ ᠬᠢᠬᠦ ᠪᠠ ᠪᠡᠶ᠎ᠠ ᠪᠠᠨ ᠳᠠᠭᠠᠭᠠᠨ ᠡᠵᠡᠨ ᠮᠡᠳᠡᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠳᠦᠷ ᠨᠢᠭᠡᠳᠦᠯᠲᠡᠶ ᠲᠥᠯᠥᠪᠵᠢᠭᠦᠯᠪᠡ᠃ ᠲᠦᠷᠪᠡ ᠳᠤ ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠣᠳᠣᠬᠢᠴᠢᠯᠠᠯᠳᠠ ᠶᠢᠨ ᠠᠬᠢᠴᠠ ᠶᠢ ᠨᠥᠯᠥᠭᠡᠯᠡᠵᠦ ᠮᠡᠳᠡᠬᠦ ᠰᠢᠰᠲ᠋ᠧᠮᠲᠦ ᠴᠢᠨᠠᠷᠲᠠᠶ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠭᠠᠴᠠᠭᠠᠪᠠ᠃ ᠲᠠᠪᠤ ᠳᠤ ᠪᠠᠶᠢᠯᠳᠤᠬᠤ ᠪᠤᠳᠤᠯᠭ᠎ᠠ ᠪᠠ ᠪᠠᠶᠢᠯᠳᠤᠬᠤ ᠠᠷᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ᠂ ᠪᠣᠳᠠᠲᠠᠶ ᠶᠢ ᠡᠷᠬᠢᠮᠯᠡᠭᠰᠡᠨ ᠲᠤᠰᠠᠳᠠᠢ ᠲᠥᠯᠥᠪᠵᠢᠭᠦᠯᠭᠡ ᠶᠢᠨ ᠰᠠᠨᠠᠭᠤᠯᠭ᠎ᠠ ᠶᠢ ᠲᠣᠭᠲᠠᠭᠠᠪᠠ᠃    ᠰᠠᠨᠠᠭᠤᠯᠭ᠎ᠠ ᠶᠢᠨ ᠨᠤᠤᠷᠠᠭ 15 ᠬᠡᠰᠡᠭ ᠢᠶᠠᠷ ᠪᠦᠷᠢᠯᠳᠦᠵᠦ᠂ ᠭᠤᠷᠪᠠᠨ ᠶᠡᠭᠡ ᠬᠡᠰᠡᠭ ᠲᠤ ᠬᠤᠪᠢᠶᠠᠵᠠᠢ᠃ ᠨᠢᠭᠡᠳᠦᠭᠡᠷ ᠶᠡᠭᠡ ᠬᠡᠰᠡᠭ ᠨᠢ ᠶᠡᠷᠦᠩᠬᠡᠶ ᠤᠨᠤᠯ ᠪᠠᠶᠢᠵᠤ᠂ ᠨᠢᠭᠡᠳᠦᠭᠡᠷ᠂ ᠬᠤᠶᠠᠳᠤᠭᠠᠷ ᠬᠤᠶᠠᠷ ᠬᠡᠰᠡᠭ ᠢ ᠪᠠᠭᠲᠠᠭᠠᠨ᠎ᠠ ᠂ ᠭᠤᠤᠯᠳᠠᠭᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠲᠠ ᠶᠢ ᠤᠯᠬᠤ ᠠᠵᠢᠯ ᠰᠢᠢᠳᠪᠦᠷᠢᠯᠡᠭᠴᠢ ᠴᠢᠨᠠᠷᠲᠠᠶ ᠠᠮᠵᠢᠯᠲᠠ ᠤᠯᠤᠭᠰᠠᠨ᠂ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠨᠥᠬᠦᠴᠡᠯ ᠳᠤ ᠭᠦᠨᠵᠡᠭᠡᠶ ᠪᠥᠭᠡᠳ ᠨᠠᠷᠢᠨ ᠪᠤᠳᠤᠯᠢᠶᠠᠨᠲᠠᠶ ᠬᠤᠪᠢᠷᠠᠯᠲᠠ ᠲᠤᠯᠭᠠᠷᠠᠭᠰᠠᠨ᠂ 2035 ᠣᠨ ᠪᠣᠯᠬᠤ ᠳᠤ ᠨᠡᠶᠢᠭᠡᠮ ᠵᠢᠷᠤᠮᠳᠤ ᠣᠳᠣᠬᠢᠴᠢᠯᠠᠯᠲᠠ ᠶᠢᠨ ᠠᠯᠤᠰ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠡᠷᠬᠡᠪᠰᠢ ᠵᠢᠷᠤᠮᠯᠠᠬᠤ ᠵᠠᠷᠴᠢᠮ ᠪᠠ ᠭᠤᠤᠯ ᠬᠠᠷᠠᠯᠲᠠ ᠶᠢ ᠲᠣᠳᠣᠷᠬᠠᠶᠢᠯᠠᠨ ᠥᠭᠦᠯᠡᠵᠡᠶ᠃ ᠬᠤᠶᠠᠳᠤᠭᠠᠷ ᠶᠡᠭᠡ ᠬᠡᠰᠡᠭ ᠨᠢ ᠰᠠᠯᠪᠤᠷᠢ ᠤᠨᠤᠯ ᠪᠠᠶᠢᠵᠦ᠂ ᠶᠡᠷᠦᠩᠬᠡᠶ ᠳᠡᠭᠡᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠠᠭᠤᠯᠤᠭᠳᠠᠬᠤᠨ ᠢᠶᠠᠷ ᠵᠣᠬᠢᠶᠠᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠥᠭᠡᠷᠡᠴᠢᠯᠡᠯᠲᠡ ᠨᠡᠭᠡᠭᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠬᠦᠷᠢᠶ᠎ᠡ ᠴᠠᠷᠠᠭ᠎ᠠ ᠬᠤᠪᠢᠶᠠᠨ ᠲᠣᠳᠣᠷᠬᠠᠶᠢᠯᠠᠵᠤ᠂ 12 ᠬᠡᠰᠡᠭ ᠲᠣᠬᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠬᠥᠭᠵᠢᠯᠲᠡ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠣᠨ ᠪᠦᠰᠡ ᠶᠢᠨ ᠬᠥᠭᠵᠢᠯᠲᠡ ᠠᠴᠠ ᠰᠣᠶᠣᠯ ᠤᠨ ᠪᠠᠶᠢᠭᠤᠯᠤᠯᠲᠠ᠂ ᠪᠣᠬᠢᠷᠲᠤᠯ ᠦᠭᠡᠢ ᠬᠥᠭᠵᠢᠯᠲᠡ᠂ ᠭᠠᠳᠠᠭᠠᠳᠤ ᠨᠡᠭᠡᠭᠡᠯᠲᠡ᠂ ᠨᠡᠶᠢᠭᠡᠮ ᠤᠨ ᠪᠠᠶᠢᠭᠤᠯᠤᠯᠲᠠ᠂ ᠠᠮᠤᠷ ᠲᠦᠪᠰᠢᠨ ᠬᠥᠭᠵᠢᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠰᠡᠳᠬᠢᠮᠵᠢ ᠪᠣᠯᠤᠨ ᠭᠤᠤᠯᠳᠠᠯᠭ᠎ᠠ ᠲᠠᠢ ᠠᠵᠢᠯ ᠢ ᠲᠣᠳᠣᠷᠬᠠᠶᠢᠯᠠᠵᠤ᠂ ᠠᠵᠢᠯ ᠤᠨ ᠪᠠᠶᠢᠷᠢᠯᠠᠭᠤᠯᠤᠯᠲᠠ ᠬᠢᠪᠡ᠃ ᠭᠤᠷᠪᠠᠳᠤᠭᠠᠷ ᠶᠡᠭᠡ ᠬᠡᠰᠡᠭ ᠨᠢ ᠲᠡᠭᠦᠰᠬᠡᠯ ᠪᠠᠶᠢᠵᠦ᠂ ᠠᠷᠪᠠᠨ ᠲᠠᠪᠤᠳᠤᠭᠠᠷ ᠬᠡᠰᠡᠭ ᠪᠠ ᠲᠡᠭᠦᠰᠬᠡᠯ ᠤᠨ ᠦᠭᠡ ᠪᠠᠭᠲᠠᠵᠤ᠂ ᠭᠤᠤᠯᠳᠠᠭᠤ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠬᠤ᠂ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠬᠤ᠂ ᠲᠥᠯᠥᠪᠵᠢᠭᠦᠯᠭᠡ ᠲᠣᠭᠲᠠᠭᠠᠬᠤ ᠪᠠ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠵᠡᠶ᠃   ᠭᠤᠷᠪᠠ᠂ ᠲᠣᠳᠣᠷᠬᠠᠶᠢᠯᠠᠬᠤ ᠴᠢᠬᠤᠯᠠᠲᠠᠶ ᠬᠡᠳᠦᠨ ᠭᠤᠤᠯᠳᠠᠯᠭ᠎ᠠ ᠲᠠᠢ ᠠᠰᠠᠭᠤᠳᠠᠯ    ᠰᠠᠨᠠᠭᠤᠯᠭ᠎ᠠ ᠶᠢᠨ ᠨᠤᠤᠷᠠᠭ ᠲᠤ ᠵᠠᠷᠢᠮ ᠴᠢᠬᠤᠯᠠ ᠦᠵᠡᠯᠲᠡ ᠪᠠ ᠥᠭᠦᠯᠡᠯᠲᠡ ᠳᠤᠷᠠᠳᠤᠬᠰᠠᠨ ᠪᠠᠶᠢᠨ᠎ᠠ᠃ ᠡ᠊ᠨᠳᠡ ᠲᠡᠭᠦᠨ ᠤ ᠳᠣᠲᠣᠷᠠᠬᠢ ᠬᠡᠳᠦᠨ ᠲᠠᠯ᠎ᠠ ᠶᠢᠨ ᠲᠤᠬᠠᠢ ᠲᠣᠪᠴᠢᠬᠠᠨ ᠲᠣᠳᠣᠷᠬᠠᠶᠢᠯᠠᠯᠲᠠ ᠬᠢᠶ᠎ᠡ᠃    ᠨᠢᠭᠡᠳᠦᠭᠡᠷ ᠲᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠬᠤ ᠲᠤᠬᠠᠢ᠃ ᠰᠠᠨᠠᠭᠤᠯᠭ᠎ᠠ ᠶᠢᠨ ᠨᠣᠣᠷᠠᠭ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠬᠤ ᠬᠡᠷᠡᠭᠲᠡᠶ ᠭᠡᠵᠤ ᠲᠤᠷᠠᠳᠴᠠᠢ᠂ ᠡᠨᠡ ᠪᠣᠯ ᠮᠠᠨ ᠤ ᠤᠯᠤᠰ ᠤᠨ ᠬᠥᠭᠵᠢᠯᠲᠡ ᠶᠢᠨ ᠱᠠᠳᠤ᠂ ᠬᠥᠭᠵᠢᠯᠲᠡ ᠶᠢᠨ ᠣᠷᠴᠢᠨ᠂ ᠬᠥᠭᠵᠢᠯᠲᠡ ᠶᠢᠨ ᠨᠥᠬᠦᠴᠡᠯ ᠤᠨ ᠬᠤᠪᠢᠷᠠᠯᠲᠠ ᠶᠢ ᠦᠨᠳᠦᠰᠦᠯᠡᠨ ᠭᠠᠷᠭᠠᠭᠰᠠᠨ ᠰᠢᠨᠵᠢᠯᠡᠬᠦ ᠤᠬᠠᠭᠠᠨᠴᠢ ᠮᠠᠭᠠᠳᠯᠠᠯᠲᠠ ᠮᠥᠨ᠃ ᠮᠠᠨ ᠤ ᠤᠯᠤᠰ ᠮᠥᠨ ᠬᠦ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ ᠪᠠᠶᠢᠭ᠎ᠠ ᠪᠥᠭᠡᠳ ᠤᠷᠲᠤ ᠬᠤᠭᠤᠴᠠᠭ᠎ᠠ ᠪᠠᠷ ᠣᠷᠣᠰᠢᠬᠤ ᠪᠣᠯᠤᠨ᠎ᠠ᠂ ᠮᠠᠨ ᠤ ᠤᠯᠤᠰ ᠮᠥᠨ ᠬᠦ ᠳᠡᠯᠡᠬᠡᠶ ᠳᠡᠭᠡᠷᠡᠬᠢ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠮᠥᠨ᠂ ᠬᠥᠭᠵᠢᠯᠲᠡ ᠮᠥᠨ ᠬᠦ ᠮᠠᠨ ᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠴᠢᠬᠤᠯᠠᠴᠢᠯᠠᠬᠤ ᠬᠡᠷᠡᠭᠲᠡᠶ ᠵᠦᠢᠯ ᠭᠡᠪᠡᠯ᠂ ᠰᠢᠨ᠎ᠡ ᠴᠠᠭ ᠦᠶ᠎ᠡ ᠰᠢᠨ᠎ᠡ ᠱᠠᠳᠤ ᠦᠶ᠎ᠡ ᠶᠢᠨ ᠬᠥᠭᠵᠢᠯᠲᠡ ᠨᠢ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠᠶᠢᠬᠤ ᠬᠡᠷᠡᠭᠲᠡᠢ᠃ ᠣᠳᠣᠬᠠᠨ ᠳᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠬᠦᠢᠴᠡᠳ ᠪᠤᠰᠦ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠤᠨ ᠬᠤᠪᠢᠷᠠᠵᠤ᠂ ᠬᠥᠭᠵᠢᠯᠲᠡ ᠶᠢᠨ ᠳᠤᠮᠳᠠᠬᠢ ᠵᠥᠷᠢᠴᠡᠯ ᠪᠠ ᠠᠰᠠᠭᠤᠳᠠᠯ ᠨᠢ ᠬᠥᠭᠵᠢᠯᠲᠡ ᠶᠢᠨ ᠶᠠᠰᠤ ᠴᠢᠨᠠᠷ ᠳᠡᠭᠡᠷ᠎ᠡ ᠲᠥᠪᠯᠡᠷᠡᠩᠭᠦᠶ ᠢᠯᠡᠷᠡᠵᠦ ᠪᠠᠶᠢᠨ᠎ᠠ᠃ ᠡᠨᠡ ᠨᠢ ᠪᠢᠳᠡᠨ ᠢ ᠡᠷᠬᠡᠪᠰᠢ ᠬᠥᠭᠵᠢᠯᠲᠡ ᠶᠢᠨ ᠶᠠᠰᠤ ᠴᠢᠨᠠᠷ ᠤᠨ ᠠᠰᠠᠭᠤᠳᠠᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠶᠢ ᠱᠠᠭᠠᠷᠳᠠᠵᠤ ᠪᠠᠶᠢᠨ᠎ᠠ᠃    ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ ᠣᠷᠴᠢᠨ ᠨᠥᠬᠦᠴᠡᠯ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠤ ᠪᠠᠶᠢᠨ᠎ᠠ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠵᠤ᠂ ᠭᠠᠳᠠᠭᠠᠳᠤ ᠣᠷᠴᠢᠨ ᠲᠣᠭᠤᠷᠢᠨ ᠤ ᠬᠤᠪᠢᠷᠠᠯᠲᠠ ᠠᠴᠠ ᠪᠣᠯᠤᠭᠰᠠᠨ ᠳᠠᠭᠠᠷᠢᠯᠲᠠ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠬᠤ ᠶᠢᠨ ᠵᠠᠩᠭᠢᠯᠠᠭ᠎ᠠ ᠨᠢ ᠥᠪᠡᠷ ᠤᠨ ᠶᠠᠪᠤᠳᠠᠯ ᠢᠶᠠᠨ ᠰᠠᠶᠢᠲᠤᠷ ᠬᠢᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠳᠡᠯᠡᠬᠡᠶ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠡᠭᠡᠭᠰᠢᠯᠡᠬᠦᠯᠵᠤ᠂ ᠤᠯᠤᠰ ᠤᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ᠂ ᠠᠵᠤ ᠠᠬᠤᠶ ᠤᠷᠲᠦ ᠬᠤᠭᠤᠴᠠᠭ᠎ᠠ ᠪᠠᠷ ᠲᠣᠭᠲᠠᠭᠤᠨ ᠢᠶᠠᠨ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠪᠡᠶᠡᠯᠡᠭᠦᠯᠬᠦ ᠳᠤ ᠪᠠᠶᠢᠨ᠎ᠠ᠃ ᠠᠵᠤ ᠠᠬᠤᠶ᠂ ᠨᠡᠶᠢᠭᠡᠮ᠂ ᠰᠣᠶᠣᠯ᠂ ᠠᠮᠢ ᠠᠬᠤᠶ ᠵᠡᠷᠭᠡ ᠡᠯ᠎ᠡ ᠬᠦᠷᠢᠶᠡᠨ ᠳᠤ ᠴᠥᠮ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠬᠦ ᠭᠡᠷᠡᠭᠳᠠᠢ᠃    ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠬᠤ ᠳᠤ᠂ ᠡᠷᠬᠡᠪᠰᠢ ᠰᠢᠨ᠎ᠡ ᠬᠥᠭᠵᠢᠯᠲᠡ ᠶᠢᠨ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ ᠪᠣᠯᠭᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠦᠨᠡᠨ ᠬᠦ ᠬᠤᠪᠢᠷᠠᠭᠤᠯᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠠᠩ ᠰᠠᠶᠢᠨ ᠬᠦᠷᠲᠡᠭᠡᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠭᠡᠷᠡᠭᠳᠠᠢ᠃    ᠬᠤᠶᠠᠳᠤᠭᠠᠷ ᠲᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠤᠬᠠᠶ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠤᠯ ᠴᠠᠭ ᠦᠶ᠎ᠡ ᠲᠠᠢ ᠵᠡᠷᠬᠡ ᠪᠠᠷ ᠤᠷᠤᠭᠰᠢᠯᠠᠨ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠮᠥᠨ᠂ ᠪᠠᠰᠠ ᠴᠤ ᠮᠠᠨ ᠤ ᠤᠯᠤᠰ ᠤᠨ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠢᠯᠠᠩᠭᠤᠶ᠎ᠠ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠤ ᠳᠠᠷᠠᠭ᠎ᠠ᠂ ᠮᠠᠨ ᠤ ᠤᠯᠤᠰ ᠳᠡᠯᠡᠬᠡᠶ ᠶᠢᠨ ᠶᠡᠭᠡ ᠣᠷᠴᠢᠯ ᠳᠤ ᠣᠷᠣᠵᠤ᠂ ᠵᠠᠬ᠎ᠠ ᠳᠡᠯᠭᠡᠭᠦᠷ ᠪᠠ ᠡᠬᠢ ᠪᠠᠶᠠᠯᠢᠭ ︽ᠬᠤᠶᠠᠷ ᠲᠠᠯ ᠎ᠠ ᠪᠠᠷ ᠭᠠᠳᠠᠨ᠎ᠠ ᠪᠠᠶᠢᠵᠤ︾᠂ ︽ᠳᠡᠯᠡᠬᠡᠶ ᠶᠢᠨ ᠦᠢᠯᠡᠳᠪᠦᠷᠢ︾ ᠪᠤᠯᠤᠭᠰᠠᠠ ᠬᠥᠭᠵᠢᠯᠲᠡ ᠶᠢᠨ ᠵᠠᠭᠪᠤᠷ ᠢ ᠪᠦᠷᠢᠯᠳᠦᠬᠦᠯᠦᠭᠰᠡᠡ ᠨᠢ ᠮᠠᠨ ᠤ ᠤᠯᠤᠰ ᠤᠨ ᠠᠵᠤ ᠠᠬᠤᠶ ᠶᠢᠨ ᠪᠣᠳᠠᠲᠤ ᠬᠦᠴᠦᠨ ᠢ ᠦᠳᠲᠡᠷ ᠲᠦᠷᠭᠡᠨ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠪᠠ᠃ ᠦᠢᠷ᠎ᠡ ᠶᠢᠨ ᠬᠡᠳᠦᠨ ᠵᠢᠯ ᠳᠤ᠂ ᠪᠦᠬᠦ ᠪᠥᠮᠪᠥᠷᠴᠡᠭ ᠤᠨ ᠤᠯᠤᠰ ᠲᠥᠷᠥ ᠠᠵᠤ ᠠᠬᠤᠢ ᠶᠢᠨ ᠣᠷᠴᠢᠨ ᠤ ᠬᠤᠪᠢᠷᠠᠯᠲᠠ ᠶᠢ ᠳᠠᠭᠠᠯᠳᠤᠨ᠂ ᠳᠡᠯᠡᠬᠡᠶᠢᠵᠢᠯᠲᠡ ᠶᠢ ᠰᠥᠷᠬᠦ ᠬᠠᠨᠳᠤᠰᠢ ᠰᠢᠷᠦᠭᠦᠰᠴᠦ᠂ ᠵᠠᠷᠢᠮ ᠤᠯᠤᠰ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠶᠡᠭᠡ ᠪᠠᠷ ᠶᠠᠪᠤᠭᠤᠯᠵᠤ᠂ ᠤᠯᠠᠨ ᠤᠯᠤᠰ ᠤᠨ ᠤᠯᠠᠮᠵᠢᠯᠠᠯᠲᠤ ᠣᠷᠴᠢᠯ ᠢᠯᠡᠳᠲᠡ ᠰᠤᠯᠠᠷᠠᠵᠤ ᠪᠠᠶᠢᠨ᠎ᠠ᠃ ᠡᠶᠢᠮᠦ ᠪᠠᠶᠢᠳᠠᠯ ᠤᠨ ᠳᠣᠤᠷ᠎ᠠ᠂ ᠡᠷᠬᠡᠪᠰᠢ ᠬᠥᠭᠵᠢᠯᠲᠡ ᠶᠢᠨ ᠵᠣᠭᠰᠣᠴᠠ ᠪᠠᠨ ᠤᠯᠤᠰ ᠤᠨ ᠳᠣᠲᠣᠭᠠᠳᠤ ᠳᠤ ᠲᠠᠯᠪᠢᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠨᠡᠩ ᠢᠯᠡᠭᠦᠤ ᠲᠦᠰᠢᠭᠯᠡᠨ ᠠᠵᠤ ᠠᠬᠤᠶ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠮᠠᠨ ᠤ ᠤᠯᠤᠰ 14 ᠳ᠋ᠦᠩᠰᠢᠭᠤᠷ ᠬᠥᠮᠦᠨ ᠠᠮᠠ ᠲᠠᠢ᠂ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢᠭᠡᠨᠲᠡ 1 ᠲᠦᠮᠡᠨ ᠳ᠋ᠣᠯᠯᠠᠷ ᠢ ᠳᠠᠪᠠᠵᠤ᠂ ᠪᠦᠬᠦ ᠪᠥᠮᠪᠥᠷᠴᠡᠭ ᠤᠨ ᠬᠠᠮᠤᠭ ᠤᠨ ᠶᠡᠭᠡ ᠪᠥᠭᠡᠳ ᠬᠠᠮᠤᠭ ᠤᠨ ᠳᠠᠯᠳᠠ ᠬᠦᠴᠦᠨ ᠲᠠᠢ ᠬᠡᠷᠡᠭᠯᠡᠭᠡᠨ ᠤ ᠵᠠᠬ᠎ᠠ ᠳᠡᠯᠭᠡᠭᠦᠷ ᠪᠠᠶᠢᠵᠤ᠂ ᠯᠤᠲᠤ ᠶᠡᠭᠡ ᠨᠡᠮᠡᠭᠳᠡᠯ ᠤᠨ ᠣᠷᠣᠨ ᠵᠠᠢ ᠲᠠᠢ ᠶᠤᠮ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠭᠠᠳᠠᠭᠠᠳᠤ ᠶᠢᠨ ᠮᠠᠰᠢ ᠣᠯᠠᠨ ᠠᠶᠤᠯ ᠲᠦᠭᠰᠢᠭᠦᠷᠢ ᠶᠢᠨ ᠳᠠᠭᠠᠷᠢᠯᠲᠠ ᠳᠤ ᠤᠴᠠᠷᠠᠵᠤ ᠥᠩᠭᠡᠷᠡᠭᠰᠡᠨ ᠶᠤᠮ᠂ ᠡᠴᠦᠰ ᠲᠡᠭᠡᠨ ᠠᠶᠤᠯ ᠲᠦᠭᠰᠢᠭᠦᠷᠢ ᠶᠢ ᠪᠦᠷ ᠠᠮᠤᠷ ᠲᠦᠪᠰᠢᠨ ᠳᠤᠭᠤᠯᠵᠤ ᠴᠢᠳᠠᠭᠰᠠᠨ ᠨᠢ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠬᠥᠭᠵᠢᠯᠲᠡ ᠶᠢᠨ ᠵᠣᠭᠰᠣᠴᠠ ᠪᠠᠨ ᠤᠯᠤᠰ ᠤᠨ ᠳᠣᠲᠣᠭᠠᠳᠤ ᠳᠤ ᠲᠠᠯᠪᠢᠬᠰᠡᠨ ᠤ ᠬᠢ ᠶᠤᠮ᠃    ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠡᠨᠡ ᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠬᠦᠢᠯᠭᠡᠭᠡ ᠂ ᠬᠡᠷᠡᠭᠯᠡᠭᠡ ᠶᠢ ᠤᠯᠤᠰ ᠤᠨ ᠳᠣᠲᠣᠭᠠᠳᠤ ᠶᠢᠨ ᠵᠠᠬ᠎ᠠ ᠲᠡᠯᠭᠡᠭᠦᠷ ᠲᠤ ᠨᠡᠩ ᠲᠦᠰᠢᠭᠯᠡᠬᠦ ᠪᠤᠯᠭᠠᠵᠦ᠂ ᠤᠯᠤᠰ ᠠᠷᠠᠳ ᠤᠨ ᠠᠵᠤ ᠠᠬᠤᠶ ᠶᠢᠨ ᠰᠠᠶᠢᠨ ᠣᠷᠴᠢᠯ ᠢ ᠪᠤᠢ ᠪᠣᠯᠭᠠᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠴᠢᠭᠯᠡᠯ ᠢ ᠪᠠᠷᠢᠮᠲᠠᠯᠠᠵᠤ᠂ ᠬᠠᠩᠭᠠᠯᠭ᠎ᠠ ᠶᠢᠨ ᠰᠢᠰᠲ᠋ᠧᠮ ᠤᠨ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠶᠢᠨ ᠡᠷᠭᠢᠯᠲᠡ ᠶᠢᠨ ᠲᠦᠭᠵᠢᠷᠡᠯ ᠢ ᠨᠡᠪᠲᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠬᠠᠮᠤᠭ ᠡᠴᠦᠰ ᠤᠨ ᠬᠡᠷᠡᠭᠴᠡᠭᠡ ᠶᠢᠨ ᠭᠤᠤᠯ ᠢᠷᠡᠯᠲᠡ ᠪᠣᠯᠭᠠᠵᠤ᠂ ᠬᠡᠷᠡᠭᠴᠡᠭᠡ ᠪᠠᠷ ᠬᠠᠩᠭᠠᠯᠭ᠎ᠠ ᠶᠢ ᠲᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠶ ᠲᠡᠩᠴᠡᠭᠦᠷᠢ ᠶᠢ ᠪᠦᠷᠢᠯᠳᠦᠬᠦᠯᠬᠦ ᠬᠡᠷᠡᠭᠲᠡᠶ᠃ ᠰᠢᠨ᠎ᠡ ᠬᠥᠭᠵᠢᠯᠲᠡ ᠶᠢᠨ ᠪᠠᠶᠢᠷᠢᠰᠢᠯ ᠨᠢ ᠲᠦᠭᠵᠢᠮᠡᠯ ᠤᠯᠤᠰ ᠤᠨ ᠳᠣᠲᠣᠭᠠᠳᠤ ᠶᠢᠨ ᠣᠷᠴᠢᠯ ᠤᠬᠳᠤ ᠪᠢᠰᠢ᠂ ᠬᠠᠷᠢᠨ ᠨᠡᠭᠡᠭᠡᠯᠲᠡ ᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠪᠣᠯᠤᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠯᠤᠳᠦ ᠶᠡᠭᠡ ᠪᠦᠭᠡᠳ ᠰᠢᠭᠤᠳ ᠰᠢᠯᠤᠭᠤᠨ ᠣᠷᠴᠢᠯ ᠪᠦᠷᠢᠯᠳᠦᠬᠦ ᠶᠢ ᠠᠬᠢᠭᠤᠯᠪᠠᠯ ᠳᠠᠷᠤᠶ ᠪᠦᠬᠦ ᠪᠥᠮᠪᠥᠷᠴᠡᠭ ᠤᠨ ᠡᠬᠢ ᠪᠠᠶᠠᠯᠢᠭ ᠤᠨ ᠴᠢᠬᠤᠯᠠ ᠡᠯᠧᠮᠧᠨ᠋ᠲ ᠢ ᠨᠠᠩ ᠰᠠᠶᠢᠨ ᠲᠠᠲᠠᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠠᠩᠭᠠᠬᠤ ᠪᠦᠬᠡᠳ ᠮᠠᠨ ᠤ ᠤᠯᠤᠰ ᠤᠨ ᠠᠵᠤ ᠦᠢᠯᠡᠰ ᠤᠨ ᠮᠡᠷᠭᠡᠵᠢᠯ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠣᠯᠠᠨ ᠤᠯᠤᠰ ᠤᠨ ᠠᠵᠤ ᠠᠬᠤᠶ ᠶᠢᠨ ᠬᠠᠮᠵᠢᠯᠴᠠᠭ᠎ᠠ ᠪᠣᠯᠤᠨ ᠥᠷᠢᠰᠥᠯᠳᠦᠭᠡᠨ ᠳᠤ ᠣᠷᠣᠯᠴᠠᠬᠤ ᠰᠢᠨ᠎ᠡ ᠳᠠᠪᠠᠭᠤᠯᠢᠭ ᠢ ᠪᠦᠷᠢᠯᠳᠦᠭᠦᠯᠵᠦ ᠴᠢᠲᠠᠨ᠎ᠠ᠃    ᠭᠤᠷᠪᠠᠳᠤᠭᠠᠷ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠪᠣᠯᠲᠠᠯᠠᠬᠢ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠶᠢᠨ ᠲᠤᠬᠠᠶ᠃ ᠰᠠᠨᠠᠯ ᠬᠤᠷᠢᠶᠠᠬᠤ ᠶᠠᠪᠤᠴᠠ ᠳᠤ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠬᠠᠷᠠᠯᠲᠠ ᠶᠢ ᠲᠣᠳᠣᠷᠬᠠᠢ ᠳᠤᠷᠠᠳᠴᠤ᠂ 2035 ᠣᠨ ᠪᠣᠯᠬᠤ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠤᠶᠤ ᠬᠥᠮᠦᠨ ᠳᠤᠮᠳᠠᠴᠢ ᠶᠢᠨ ᠣᠷᠣᠯᠭ᠎ᠠ ᠶᠢ ᠬᠤᠶᠠᠷ ᠳᠠᠬᠢᠨ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠦᠨ᠎ᠡ ᠭᠡᠵᠦ ᠲᠣᠳᠣᠷᠬᠠᠢ ᠳᠤᠷᠠᠳᠬᠤ ᠰᠠᠨᠠᠭᠤᠯᠭ᠎ᠠ ᠭᠠᠷᠭᠠᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠶ ᠰᠤᠳᠤᠯᠵᠤ ᠵᠢᠱᠢᠨ ᠪᠣᠳᠣᠬᠤ ᠪᠠᠷ ᠲᠠᠮᠵᠢᠭᠠᠳ᠂ ᠠᠵᠤ ᠠᠬᠤᠶ ᠶᠢᠨ ᠬᠥᠭᠵᠢᠯᠲᠡ ᠶᠢᠨ ᠴᠢᠳᠠᠪᠤᠷᠢ ᠪᠣᠯᠤᠨ ᠨᠥᠬᠦᠴᠡᠯ ᠠᠴᠠ ᠦᠵᠡᠬᠦ ᠳᠤ᠂ ᠮᠠᠨ ᠤ ᠤᠯᠤᠰ ᠤᠨ ᠠᠵᠤ ᠠᠬᠤᠶ ᠤᠷᠲᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠪᠠᠲᠤᠯᠠᠬᠤ ᠡᠷᠡᠮᠡᠯᠵᠡᠯ ᠪᠠ ᠲᠠᠯᠲᠠ ᠬᠦᠴᠤᠨ ᠲᠠᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ ᠣᠳᠣ ᠶᠢᠨ ᠬᠡᠷᠡᠭᠵᠢᠭᠦᠯᠵᠦ ᠪᠠᠢᠶ᠋ᠭ᠎ᠠ ᠥᠨᠳᠥᠷ ᠣᠷᠣᠯᠭ᠎ᠠ ᠲᠠᠢ ᠤᠯᠤᠰ ᠤᠨ ᠪᠠᠷᠢᠮᠵᠢᠶ᠎ᠠ ᠳᠤ ᠬᠦᠷᠴᠦ᠂ 2035 ᠣᠨ ᠪᠣᠯᠬᠤ ᠳᠤ ᠠᠵᠤ ᠠᠬᠤᠢ ᠶᠢᠨ ᠶᠡᠷᠦᠩᠬᠡᠢ ᠬᠡᠮᠵᠢᠶ ᠎ᠡ ᠪᠤᠶᠤ ᠬᠥᠮᠦᠨ ᠳᠤᠮᠳᠠᠴᠢ ᠶᠢᠨ ᠣᠷᠣᠯᠭ᠎ᠠ ᠶᠢ ᠬᠤᠶᠠᠷ ᠳᠠᠬᠢᠨ ᠢᠶᠠᠷ ᠨᠡᠮᠡᠭᠳᠡᠭᠦᠯᠬᠦ ᠪᠣᠯᠤᠯᠴᠠᠭ᠎ᠠ ᠪᠦ᠋ᠷᠢᠨ ᠪᠠᠶᠢᠨ᠎ᠠ ᠭᠡᠵᠤ ᠦᠵᠡᠪᠡ᠃ ᠡᠭᠦᠨ ᠤ ᠬᠠᠮᠲᠤ᠂ ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠳᠤ ᠭᠠᠳᠠᠭᠠᠳᠤ ᠣᠷᠴᠢᠨ ᠳᠤ ᠲᠣᠭᠲᠠᠪᠤᠷᠢ ᠦᠬᠡᠢ ᠳᠤᠳᠤᠷᠬᠠᠢ ᠦᠬᠡᠢ ᠬᠦᠴᠦᠨ ᠵᠦᠢᠯ ᠨᠡᠯᠢᠶᠡᠳ ᠣᠯᠠᠨ ᠪᠠᠶᠢᠬᠤ ᠶᠢ ᠪᠣᠳᠣᠯᠬᠢᠯᠠᠭᠠᠳ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠬᠥᠭᠵᠢᠯᠲᠡ ᠶᠢ ᠨᠥᠯᠥᠭᠡᠯᠡᠵᠦ ᠮᠡᠳᠡᠬᠦ ᠲᠦᠭᠰᠢᠭᠦᠷᠢ ᠶᠢᠨ ᠳᠠᠯᠳᠠ ᠭᠡᠮ ᠪᠠᠭ᠎ᠠ ᠪᠤᠰᠤ ᠣᠷᠣᠰᠢᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠢᠳᠠᠯ ᠪᠦᠬᠦ ᠪᠥᠮᠪᠥᠷᠴᠡᠭ ᠲᠤ ᠶᠡᠭᠡ ᠪᠠᠷ ᠳᠡᠯᠭᠡᠷᠡᠭᠰᠡᠡ ᠤ ᠨᠦᠯᠦᠭᠡ ᠨᠢ ᠬᠦᠨ ᠬᠦᠨᠵᠡᠬᠡᠢ ᠪᠦᠭᠡᠳ ᠠᠯᠤᠰ ᠬᠡᠳᠦ ᠶᠢᠨ ᠪᠠᠶᠢᠵᠤ᠂ ᠳᠡᠯᠡᠬᠡᠶ ᠶᠢᠨ ᠠᠵᠤ ᠠᠬᠤᠶ ᠦᠷᠭᠦᠯᠵᠢᠯᠡᠨ ᠮᠠᠭᠤᠳᠠᠵᠤ ᠮᠡᠳᠡᠨ᠎ᠡ᠂ ᠡᠶᠢᠨ ᠬᠦ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠬᠠᠷᠠᠯᠲᠠ ᠳᠤ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠶᠢ ᠨᠡᠩ ᠴᠢᠬᠤᠯᠠᠴᠢᠯᠠᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠭᠤᠤᠯᠳᠠᠯᠭ᠎ᠠ ᠪᠠᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠲᠠᠯᠪᠢᠪᠠᠯ ᠵᠤᠬᠢᠨ᠎ᠠ ᠭᠡᠵᠦ ᠦᠵᠡᠵᠦ ᠪᠠᠶᠢᠨ᠎ᠠ᠃    ᠨᠠᠮ ᠤᠨ ᠲᠥᠪ ᠬᠤᠷᠢᠶᠠᠨ ᠤ ᠰᠠᠨᠠᠭᠤᠯᠭ᠎ᠠ ᠪᠣᠯ ᠭᠤᠤᠯᠳᠠᠭᠤ ᠶᠡᠭᠡ ᠴᠢᠭᠯᠡᠯ ᠢ ᠬᠠᠮᠢᠶᠠᠷᠴᠤ᠂ ᠶᠡᠭᠡ ᠪᠠᠶᠢᠯᠳᠤᠬᠤ ᠪᠤᠳᠤᠯᠭ᠎ᠠ ᠶᠢ ᠲᠣᠭᠲᠠᠭᠠᠨ᠎ᠠ᠃ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠠᠳ᠂ ᠰᠠᠨᠠᠭᠤᠯᠭ᠎ᠠ ᠶᠢᠨ ᠨᠤᠤᠷᠠᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠭᠡ ᠪᠠ 2035 ᠣᠨ ᠪᠣᠯᠲᠠᠯᠠᠬᠢ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠳᠤ ᠴᠢᠨᠠᠷ ᠢ ᠲᠣᠭᠲᠠᠭᠠᠬᠤ ᠦᠭᠦᠯᠡᠯᠲᠡ ᠪᠠᠷ ᠭᠤᠤᠯ ᠪᠣᠯᠭᠠᠵᠤ᠂ ᠬᠡᠮᠵᠢᠶ᠎ᠡ ᠶᠢ ᠲᠣᠭᠲᠠᠭᠠᠬᠤ ᠠᠷᠭ᠎ᠠ ᠬᠡᠯᠪᠡᠷᠢ ᠶᠢ ᠪᠠᠭᠳᠠᠭᠠᠵᠠᠢ᠃ ᠲᠥᠯᠥᠪᠵᠢᠭᠦᠯᠭᠡ ᠶᠢᠨ ︽ᠬᠦᠳᠦᠯᠪᠦᠷᠢ︾ ᠶᠢ ᠨᠠᠶᠢᠷᠠᠭᠤᠯᠤᠨ ᠳᠤᠬᠳᠠᠭᠠᠬᠤ ᠳᠠᠭᠠᠨ ᠨᠠᠷᠢᠨ ᠬᠢᠨᠠᠮᠠᠭᠠᠶ ᠵᠢᠱᠢᠨ ᠪᠣᠳᠣᠭᠰᠠᠨ ᠰᠠᠭᠤᠷᠢᠨ ᠳᠡᠭᠡᠷ᠎ᠡ ᠵᠣᠬᠢᠬᠤ ᠬᠡᠮᠵᠢᠶᠡᠨ ᠤ ᠬᠠᠷᠠᠯᠲᠠ ᠳᠤᠷᠠᠳᠴᠤ ᠪᠣᠯᠤᠨ᠎ᠠ᠃    ᠳᠥᠷᠪᠡᠳᠦᠭᠡᠷ ᠲᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠠ ᠴᠢᠨᠡᠭᠡᠯᠢᠭᠵᠢᠬᠦ ᠶᠢ ᠠᠬᠢᠭᠤᠯᠬᠤ ᠲᠤᠬᠠᠶ᠃ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢᠳᠡ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ᠂ ᠡᠴᠦᠰ ᠤᠨ ᠡᠴᠦᠰ ᠲᠡᠭᠡᠨ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠠ ᠴᠢᠨᠡᠭᠡᠯᠢᠭᠵᠢᠬᠦ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠬᠠᠷᠠᠯᠲᠠ ᠵᠦᠭ ᠴᠥᠬᠦᠷᠡᠰᠢ ᠦᠭᠡᠢ ᠴᠢᠷᠮᠠᠶᠢᠵᠤ ᠂ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠪᠤᠳᠠᠯ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠪᠠᠷ ᠪᠠᠶᠢᠭ᠎ᠠ ᠨᠢ ᠳᠠᠷᠤᠢ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠠ ᠴᠢᠨᠡᠭᠡᠯᠢᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠣᠳᠣᠬᠠᠨ ᠳᠤ᠂ ᠮᠠᠨ ᠤ ᠤᠯᠤᠰ ᠤᠨ ᠬᠥᠭᠵᠢᠯᠲᠡ ᠲᠡᠩᠴᠡᠭᠦᠷᠢ ᠦᠭᠡᠢ  ᠬᠦᠢᠴᠡᠳ ᠪᠤᠰᠦ ᠪᠠᠢᠶ᠋ᠬᠤ ᠠᠰᠠᠭᠤᠳᠠᠯ ᠮᠥᠨ ᠬᠦ ᠲᠣᠪᠤᠶᠢᠮ᠎ᠠ ᠪᠠᠶᠢᠭᠰᠠᠭᠠᠷ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠨᠡᠯᠢᠶᠡᠳ ᠶᠡᠭᠡ ᠪᠠᠶᠢᠭ᠎ᠠ ᠪᠣᠯᠬᠤᠷ ᠪᠦᠬᠦ ᠠᠷᠠᠳ ᠤᠨ ᠬᠠᠮᠲᠤ ᠪᠠᠷ ᠪᠠᠶᠠᠵᠢᠠ ᠴᠢᠨᠡᠭᠡᠯᠢᠭᠵᠢᠬᠦ ᠶᠢ ᠠᠬᠢᠭᠤᠯᠬᠤ ᠪᠣᠯ ᠨᠢᠭᠡᠨ ᠤᠷᠲᠤ ᠬᠤᠭᠤᠴᠠᠭᠠᠨ ᠤ ᠡᠭᠦᠷᠭᠡ ᠪᠣᠯᠤᠨ᠎ᠠ᠂ ᠬᠡᠪᠡᠴᠦ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠶᠢ ᠳᠠᠭᠠᠯᠳᠤᠨ᠂ ᠪᠢᠳᠡ ᠡᠷᠬᠡᠪᠰᠢ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠠ ᠴᠢᠨᠡᠭᠡᠯᠢᠭᠵᠢᠬᠦ ᠶᠢ ᠠᠬᠢᠭᠤᠯᠬᠤ ᠶᠠᠪᠤᠳᠠᠯ ᠢ ᠨᠠᠩ ᠴᠢᠬᠤᠯᠠ ᠪᠠᠶᠢᠷᠢᠨ ᠳᠤ ᠲᠠᠯᠪᠢᠵᠤ᠂ ᠯᠠᠪᠳᠠᠭᠤᠨ ᠪᠠᠲᠤᠲᠠᠢ ᠪᠠᠷ ᠤᠳᠠᠭᠠᠨ ᠳᠠᠭᠠᠭᠠᠮᠠᠭᠠᠢ ᠪᠠᠷ ᠬᠦᠴᠦᠯᠡᠵᠤ᠂ ᠡᠨᠡ ᠬᠦ ᠬᠠᠷᠠᠯᠲᠠ ᠪᠠᠨ ᠪᠡᠶᠡᠯᠡᠬᠦᠯᠬᠦ ᠪᠠᠷ ᠨᠡᠩ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠶᠢᠮᠦ ᠠᠴᠠ ᠰᠠᠨᠠᠭᠤᠯᠭ᠎ᠠ ᠶᠢᠨ ᠨᠤᠤᠷᠠᠭ ᠲᠤ 2035 ᠣᠨ ᠪᠣᠯᠬᠤ ᠳᠤ ᠨᠡᠶᠢᠭᠡᠮ ᠵᠢᠷᠤᠮᠲᠦ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠳᠤ ︽ᠪᠦᠬᠦ ᠠᠷᠠᠳ ᠲᠦᠮᠡᠨ ᠬᠠᠮᠲᠤ  ᠪᠠᠷ ᠪᠠᠶᠠᠵᠢᠨ ᠴᠢᠨᠡᠭᠡᠯᠢᠭᠵᠢᠬᠦ ᠳᠤ ᠨᠡᠩ ᠢᠯᠡᠷᠬᠡᠢ ᠪᠦᠬᠡᠳ ᠪᠤᠲᠠᠲᠦ ᠴᠢᠨᠠᠷᠳᠠᠢ ᠠᠬᠢᠴᠠ ᠲᠠᠢ ᠪᠣᠯᠭᠠᠨ᠎ᠠ︾ ᠭᠡᠵᠦ ᠳᠤᠷᠠᠳᠴᠤ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠬᠡᠰᠡᠭ ᠲᠤ ︽ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ︾ ᠶᠢ ᠲᠤᠪᠤᠶᠢᠯᠭᠠᠨ ᠴᠢᠬᠤᠯᠠᠴᠢᠯᠠᠵᠦ᠂ ᠵᠠᠷᠢᠮ ᠴᠢᠬᠤᠯᠠ ᠱᠠᠭᠠᠷᠳᠠᠯᠭ᠎ᠠ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠡᠶᠢᠮᠦ ᠦᠭᠦᠯᠡᠯᠲᠡ ᠨᠢ ᠨᠠᠮ ᠤᠨ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ ᠳᠤ ᠠᠩᠬ᠎ᠠ ᠤᠳᠠᠭ᠎ᠠ ᠬᠠᠷᠠᠭᠲᠠᠵᠦ ᠪᠠᠶᠢᠨ᠎ᠠ᠃ ᠡᠨᠡ ᠨᠢ ᠤᠷᠤᠭᠰᠢᠯᠠᠬᠤ ᠴᠢᠭᠯᠡᠯ ᠪᠠ ᠲᠡᠮᠡᠴᠡᠬᠦ ᠬᠠᠷᠠᠯᠲᠠ ᠶᠢ ᠲᠣᠳᠣᠷᠬᠠᠶ ᠵᠢᠭᠠᠭᠰᠠᠨ ᠮᠥᠷᠲᠡᠭᠡᠨ ᠪᠠᠰᠠ ᠦᠨᠡᠨ ᠠᠴᠠ ᠵᠥᠪ ᠢ ᠡᠷᠢᠵᠦ᠂ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠵᠦ᠂ ᠬᠡᠷᠡᠭᠴᠡᠭᠡ ᠪᠠ ᠪᠣᠯᠤᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠪᠤᠯᠬᠤᠷ ᠠᠵᠢᠯ ᠤᠨ ᠳᠤᠮᠳᠠ ᠢᠳᠡᠪᠬᠢᠲᠡᠶ ᠪᠦᠭᠡᠳ ᠯᠠᠪᠳᠠᠭᠤᠨ ᠪᠠᠲᠤᠲᠠᠶ ᠡᠵᠡᠮᠳᠡᠵᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ ᠵᠠᠮ ᠢᠶᠠᠷ ᠲᠠᠰᠤᠷᠠᠯᠲᠠ ᠦᠭᠡᠢ ᠤᠷᠤᠭᠰᠢᠯᠠᠬᠤ ᠳᠤ ᠠᠰᠢᠭᠲᠠᠶ ᠶᠤᠮ᠃    ᠲᠠᠪᠤᠳᠤᠭᠠᠷ ᠲᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠬᠦ ᠲᠤᠬᠠᠶ᠃ ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ ᠭᠡᠳᠡᠭ ᠢ ᠪᠢᠳᠡ ᠤᠯᠠᠮ ᠠᠴᠠ ᠤᠯᠠᠮ ᠭᠦᠨᠵᠡᠭᠡᠶ ᠲᠠᠨᠢᠵᠤ ᠣᠯᠪᠠ᠃ ᠣᠳᠣᠬᠠᠨ ᠳᠤ ᠪᠠ ᠬᠤᠶᠢᠰᠢᠳᠠ ᠶᠢᠨ ᠨᠢᠬᠡ ᠭᠡᠰᠡᠭ ᠬᠤᠭᠤᠴᠠᠭ᠎ᠠ ᠪᠣᠯ ᠮᠠᠨ ᠤ ᠤᠯᠤᠰ ᠤᠨ ᠡᠯ᠎ᠡ ᠲᠦᠷᠦᠯ ᠤᠨ ᠵᠥᠷᠢᠴᠡᠯ ᠪᠠ ᠠᠶᠤᠯ ᠲᠦᠭᠰᠢᠭᠦᠷᠢ ᠠᠮᠠᠷᠬᠠᠨ ᠡᠭᠦᠰᠬᠦ ᠬᠤᠭᠤᠴᠠᠭ᠎ᠠ ᠮᠥᠨ᠂ ᠲᠦᠰᠦᠭᠡᠯᠡᠨ ᠮᠡᠳᠡᠵᠤ ᠪᠣᠯᠬᠤ ᠪᠠ ᠲᠦᠰᠦᠭᠡᠯᠡᠨ ᠮᠡᠳᠡᠬᠦ ᠳᠤ ᠪᠡᠷᠬᠡ ᠡᠯ᠎ᠡ ᠵᠦᠢᠯ ᠤᠨ ᠠᠶᠤᠯ ᠲᠦᠭᠰᠢᠭᠦᠷᠢᠳᠦ ᠬᠦᠴᠦᠨ ᠵᠦᠢᠯ ᠢᠯᠡᠳᠲᠡ ᠨᠡᠮᠡᠭᠳᠡᠵᠦ ᠪᠠᠶᠢᠨ᠎ᠠ᠃ ᠪᠢᠳᠡ ᠡᠷᠬᠡᠪᠰᠢ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠬᠦ ᠶᠢ ᠪᠠᠷᠢᠮᠲᠠᠯᠠᠵᠤ᠂ ᠠᠵᠠ ᠲᠣᠬᠢᠶᠠᠯ ᠤᠨ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠤᠢ ᠪᠣᠯᠭᠠᠵᠤ᠂ ᠬᠦᠴᠢᠷ ᠪᠡᠷᠬᠡᠰᠢᠶᠡᠯ ᠢ ᠨᠠᠩ ᠬᠦᠢᠴᠡᠳ ᠵᠢᠱᠢᠵᠦ᠂ ᠠᠶᠤᠯ ᠲᠦᠭᠰᠢᠭᠦᠷᠢ ᠶᠢ ᠨᠠᠩ ᠭᠦᠨᠵᠡᠭᠡᠶ ᠪᠣᠳᠣᠯᠬᠢᠯᠠᠵᠤ᠂ ᠠᠯᠳᠠᠰᠢ ᠭᠠᠷᠬᠤ ᠶᠢ ᠬᠤᠷᠢᠬᠯᠠᠵᠤ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠶᠢ ᠴᠢᠬᠤᠯᠠᠴᠢᠯᠠᠵᠤ᠂ ᠤᠷᠢᠳᠠᠴᠢ ᠰᠢᠲᠠᠷ᠎ᠠ ᠲᠠᠯᠪᠢᠵᠤ᠂ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢᠨ ᠦᠢᠯᠡᠰ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠭᠡᠷᠡᠭᠳᠠᠢ᠃    ᠳᠡᠭᠡᠷ᠎ᠡ ᠳᠤᠷᠠᠳᠤᠭᠰᠠᠨ ᠲᠠᠨᠢᠯᠲᠠ ᠳᠤ ᠰᠠᠭᠤᠷᠢᠯᠠᠨ᠂ ᠰᠠᠨᠠᠭᠤᠯᠭ᠎ᠠ ᠶᠢᠨ ᠨᠣᠣᠷᠠᠭ ᠲᠤ ᠲᠤᠰᠬᠠᠢ ᠬᠡᠰᠡᠭ ᠲᠤᠬᠢᠷᠠᠭᠤᠯᠤᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠵᠡᠷᠭᠡ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃    ᠵᠢᠷᠭᠤᠳᠤᠭᠠᠷ ᠲᠤ᠂ ᠰᠢᠰᠲ᠋ᠧᠮ ᠤᠨ ᠤᠢᠢᠯᠠᠭᠠᠬᠳᠠᠬᠤᠨ ᠢ ᠪᠠᠷᠢᠮᠲᠠᠯᠠᠬᠤ ᠲᠤᠬᠠᠶ᠃ ᠰᠠᠨᠠᠭᠤᠯᠭ᠎ᠠ ᠶᠢᠨ ᠨᠤᠤᠷᠠᠭ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠡᠷᠬᠡᠪᠰᠢ ᠰᠢᠰᠲ᠋ᠧᠮ ᠤᠨ ᠤᠢᠢᠯᠠᠭᠠᠬᠳᠠᠬᠤᠨ ᠢ ᠪᠠᠷᠢᠮᠲᠠᠯᠠᠬᠤ ᠵᠠᠷᠴᠢᠮ ᠢ ᠵᠢᠷᠤᠮᠯᠠᠬᠤ ᠬᠡᠷᠡᠭᠲᠡᠶ ᠭᠡᠵᠤ ᠲᠤᠷᠠᠳᠴᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠰᠢᠰᠲ᠋ᠧᠮ ᠲᠠᠢ ᠪᠠᠷ ᠲᠥᠯᠥᠪᠵᠢᠬᠦᠯᠵᠤ ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ᠂ ᠠᠯᠢ ᠤᠯᠠᠨ ᠰᠢᠨ᠎ᠡ ᠪᠠᠶᠢᠷᠢᠰᠢᠭᠤᠯᠤᠯᠳᠠ ᠪᠠ ᠰᠢᠨ᠎ᠡ ᠠᠷᠭ᠎ᠠ ᠪᠤᠳᠤᠯᠭ᠎ᠠ ᠶᠢ ᠪᠦᠷᠢᠯᠳᠦᠬᠦᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠲᠡᠤᠬᠡᠲᠦ ᠴᠢᠨᠠᠷᠲᠠᠶ ᠠᠮᠵᠢᠯᠲᠠ ᠤᠯᠪᠠ᠃ ᠡᠨᠡ ᠬᠦ ᠶᠠᠪᠤᠴᠠ ᠳᠤ᠂ ᠰᠢᠰᠲ᠋ᠧᠮ ᠤᠨ ᠤᠢᠢᠯᠠᠭᠠᠬᠳᠠᠬᠤᠨ ᠪᠣᠯ ᠰᠠᠭᠤᠷᠢ ᠴᠢᠨᠠᠷᠲᠠᠶ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠪᠤᠯᠤᠭᠰᠠᠠ ᠶᠤᠮ᠃    ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠦᠭᠰᠡᠨ ᠤ ᠳᠠᠷᠠᠭ᠎ᠠ᠂ ᠪᠢᠳᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠳᠤ ᠭᠦᠨᠵᠡᠭᠡᠶ ᠪᠤᠳᠤᠯᠢᠶᠠᠨᠲᠠᠶ ᠬᠤᠪᠢᠷᠠᠯᠲᠠ ᠲᠤᠯᠭᠠᠷᠠᠵᠤ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠦ ᠪᠠᠶᠢᠬᠤ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠵᠥᠷᠢᠴᠡᠯ ᠡᠭᠡᠳᠡᠷᠡᠭᠡᠨ ᠪᠤᠳᠤᠯᠢᠶᠠᠨᠲᠠᠶ ᠪᠤᠯᠬᠤ ᠪᠣᠯᠬᠤᠷ ᠡᠷᠬᠡᠪᠰᠢ ᠰᠢᠰᠲ᠋ᠧᠮ ᠤᠨ ᠣᠶᠢᠯᠠᠭᠠᠭᠳᠠᠬᠤᠨ ᠠᠴᠠ ᠡᠭᠦᠰᠦᠨ ᠲᠥᠰᠦᠪᠯᠡᠨ ᠰᠢᠶ᠋ᠳᠪᠦᠷᠢᠯᠡᠵᠦ᠂ ᠡᠯ᠎ᠡ ᠬᠦᠷᠢᠶᠡᠨ ᠤ ᠠᠵᠢᠯ ᠪᠣᠯᠤᠨ ᠨᠡᠶᠢᠭᠡᠮ ᠵᠢᠷᠤᠮᠳᠤ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠵᠣᠬᠢᠴᠠᠭᠤᠯᠤᠨ ᠠᠬᠢᠭᠤᠯᠬᠤ ᠭᠡᠷᠡᠭᠳᠠᠢ᠃    ᠳᠣᠯᠣᠳᠤᠭᠠᠷ ᠲᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠦᠭᠰᠡᠨ ᠪᠠᠶᠢᠳᠠᠯ ᠪᠠ ᠵᠠᠷᠯᠠᠬᠤ ᠲᠤᠬᠢᠷᠠᠮᠵᠢᠲᠠᠢ ᠴᠠᠭ ᠤᠨ ᠲᠤᠬᠠᠶ᠃ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠬᠤ ᠳᠤ᠂ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠳᠤ ᠠᠰᠢᠭ ᠬᠦᠷᠲᠡᠭᠡᠬᠦ ᠨᠡᠩ ᠥᠨᠳᠥᠷ ᠲᠦᠪᠰᠢᠨ ᠪᠦᠬᠦᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠣᠯ ᠮᠠᠨ ᠤ ᠨᠠᠮ ᠰᠢᠨ᠎ᠡ ᠵᠠᠭᠤᠨ ᠳᠤ ᠤᠷᠤᠭᠰᠠᠨ ᠤ ᠳᠠᠷᠠᠭ᠎ᠠ᠂ ᠴᠢᠨᠡᠭᠡᠯᠢᠭ ᠨᠡᠶᠢᠭᠡᠮ ᠢ ᠦᠨᠳᠦᠰᠦᠨ ᠳᠡᠭᠡᠨ ᠪᠠᠶᠠᠯᠡᠬᠦᠯᠦᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠲᠡᠮᠡᠴᠡᠯ ᠤᠨ ᠬᠠᠷᠠᠯᠲᠠ ᠪᠠᠶᠢᠵᠤ᠂ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠥᠭᠡᠷᠡᠴᠢᠯᠡᠯᠲᠡ ᠨᠡᠭᠡᠭᠡᠯᠲᠡ ᠶᠢᠨ ᠡᠬᠢᠨ ᠤ ᠣᠶᠢᠶ᠎ᠠ ᠳᠤ ᠨᠠᠮ ᠤᠨ ᠲᠥᠪ ᠬᠤᠷᠢᠶ᠎ᠠ ᠠᠴᠠ ᠴᠢᠨᠡᠭᠡᠯᠢᠭ ᠨᠡᠶᠢᠭᠡᠮ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠳᠤᠷᠠᠳᠤᠭᠰᠠᠨ ᠠᠴᠠ ᠨᠠᠭᠠᠰᠢ᠂ ᠪᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠬᠡᠳᠦᠨ ᠦᠶ᠎ᠡ ᠶᠢᠨ ᠬᠥᠮᠦᠰ ᠲᠤᠭᠤᠰᠢᠳᠠᠢ ᠪᠠᠷᠢᠮᠳᠠᠯᠠᠵᠤ᠂ ᠦᠷᠭᠦᠯᠵᠢᠯᠡᠨ ᠲᠡᠮᠡᠴᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠰᠢᠢᠳᠪᠦᠷᠢᠳᠦ ᠢᠯᠠᠯᠳᠠ ᠤᠯᠬᠤ ᠱᠠᠲᠤ ᠦᠶ᠎ᠡ ᠪᠣᠯᠤᠨ᠎ᠠ᠂ ᠪᠢᠳᠡ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠲᠤᠪᠤᠶᠢᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠯᠢ ᠣᠯᠠᠨ ᠴᠢᠬᠤᠯᠠ ᠶᠡᠭᠡ ᠰᠢᠨ᠎ᠡ ᠠᠮᠵᠢᠯᠲᠠ ᠣᠯᠪᠠ᠃ ᠭᠡᠨᠡᠳᠲᠡ ᠲᠠᠭᠠᠷᠢᠨ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠨᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠠᠰᠢ ᠶᠡᠭᠡ ᠠᠰᠢᠭ ᠦᠭᠡᠶ ᠨᠥᠯᠥᠭᠡ ᠠᠪᠴᠢᠷᠠᠪᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠰᠡᠷᠬᠦᠯᠳᠠ ᠪᠦᠬᠦ ᠪᠥᠮᠪᠥᠷᠴᠡᠭ ᠤᠨ ᠡᠮᠦᠨ᠎ᠡ ᠡᠩᠨᠡᠭᠡᠨ ᠳᠤ ᠣᠷᠤᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠰᠠᠶᠢᠵᠢᠷᠠᠬᠤ ᠬᠠᠨᠳᠤᠰᠢ ᠲᠠᠢ ᠪᠣᠯᠵᠤ᠂ ᠨᠡᠶᠢᠭᠡᠮ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠪᠠ᠃ ᠵᠢᠱᠢᠯᠲᠡ ᠪᠠᠷ ᠡᠨᠡ ᠵᠢᠯ ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠤᠩᠭᠡᠢ ᠥᠷᠲᠡᠭ 100 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠷᠠᠳ ᠤᠨ ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠤᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠢ ᠲᠤᠬᠳᠠᠬᠰᠡᠨ ᠬᠤᠭᠤᠴᠠᠭᠠᠨ ᠳᠤ ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠬᠠᠷᠠᠯᠲᠠ ᠶᠢ ᠲᠤᠬᠳᠠᠬᠰᠡᠨ ᠬᠤᠭᠤᠴᠠᠭᠠᠨ ᠳᠤ ᠪᠡᠶᠡᠯᠡᠭᠦᠯᠬᠦ ᠪᠣᠯᠤᠨ᠎ᠠ᠃    ᠣᠳᠣᠬᠠᠨ ᠳᠤ ᠮᠥᠨ ᠬᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠬᠤᠭᠤᠴᠠᠭᠠᠨ ᠳᠤ ᠪᠠᠶᠢᠬᠤ ᠶᠢ ᠪᠣᠳᠣᠯᠬᠢᠯᠠᠵᠤ᠂ ᠰᠠᠨᠠᠭᠤᠯᠭ᠎ᠠ ᠶᠢᠨ ᠨᠤᠤᠷᠠᠭ ᠲᠤ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠰᠢᠢᠳᠪᠦᠷᠢᠳᠦ ᠢᠯᠠᠯᠲᠠ ᠶᠢ ᠤᠯᠬᠤ ᠳᠤ ᠰᠢᠢᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠤᠯᠪᠠ︾ ᠭᠡᠵᠦ ᠥᠭᠦᠯᠡᠵᠡᠶ᠃ ᠢᠷᠡᠬᠦ ᠵᠢᠯ ᠤᠨ ᠳᠡᠭᠡᠷ᠎ᠡ ᠬᠠᠭᠠᠰ ᠵᠢᠯ ᠳᠤ ᠨᠠᠮ ᠤᠨ ᠲᠥᠪ ᠬᠤᠷᠢᠶ᠎ᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠬᠦᠯᠬᠦ ᠠᠵᠢᠯ ᠳᠤ ᠰᠢᠰᠲ᠋ᠧᠮ ᠲᠠᠢ ᠦᠨᠡᠯᠡᠯᠲᠡ ᠪᠠ ᠳ᠋ᠦᠩᠨᠡᠯᠲᠡ ᠬᠢᠭᠰᠡᠨ ᠤ ᠳᠠᠷᠠᠭ᠎ᠠ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠦᠭᠰᠡᠨ ᠢ ᠵᠠᠷᠯᠠᠨ ᠨᠠᠶᠢᠳᠡᠯᠡᠨ᠎ᠡ᠃    ᠨᠥᠬᠦᠳ ᠡ︕ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠰᠠᠨᠠᠭᠤᠯᠭ᠎ᠠ ᠶᠢ ᠬᠢᠨᠠᠨ ᠵᠦᠪᠯᠡᠵᠤ ᠪᠠᠲᠤᠯᠠᠬᠤ ᠪᠤᠯ ᠡᠨᠡ ᠤᠳᠠᠭ᠎ᠠ ᠶᠢᠨ ᠪᠥᠬᠦᠳᠡ ᠬᠤᠷᠠᠯ ᠤᠨ ᠭᠤᠤᠯ ᠡᠭᠦᠷᠭᠡ ᠮᠥᠨ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠶᠠᠷᠢᠯᠴᠠᠨ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠨᠢᠭᠡ ᠬᠤᠪᠢ ᠥᠨᠳᠥᠷ ᠬᠢᠷᠢ ᠲᠦᠪᠰᠢᠨ ᠪᠦᠬᠦᠢ ᠲᠥᠯᠥᠪᠵᠢᠭᠦᠯᠭᠡ ᠶᠢᠨ ᠰᠠᠨᠠᠭᠤᠯᠭ᠎ᠠ ᠲᠣᠭᠲᠠᠭᠠᠶ᠎ᠡ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠡᠨᠡ ᠤᠳᠠᠭ᠎ᠠ ᠶᠢᠨ ᠪᠥᠬᠦᠳᠡ ᠬᠤᠷᠠᠯ ᠢ ᠬᠠᠮᠲᠤ ᠪᠠᠷ ᠰᠠᠶᠢᠲᠤᠷ ᠬᠤᠷᠠᠯᠳᠤᠭᠤᠯᠤᠶ᠎ᠠ︕    ︵ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 3 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号