ᠰᠦᠯᠳᠡ ᠰᠤᠮᠤᠨ ᠤ ᠡᠮᠡᠭᠳᠡᠶᠢᠴᠤᠳ ᠤᠯᠠᠮᠵᠢᠯᠠᠯᠳᠤ ᠭᠠᠷ ᠤᠷᠠᠯᠠᠯ ᠤᠨ ᠮᠡᠷᠭᠡᠵᠢᠯ ᠢᠶᠠᠨ ᠤᠯᠠᠮᠵᠢᠯᠠᠨ ᠬᠦᠭᠵᠢᠭᠦᠯᠵᠤ ᠪᠤᠢ
ᠨᠡᠶᠢᠲᠡᠯᠡᠭᠰᠡᠨ ᠴᠠᠭ᠄
2020/11/6
   ᠤᠯᠠᠮᠵᠢᠯᠠᠯᠳᠤ ᠤᠷᠠᠨ ᠬᠠᠤᠡᠬᠤᠮᠠᠯ᠂ ᠢᠰᠡᠭᠡᠢ ᠤᠷᠠᠯᠠᠯ᠂ ᠴᠠᠭᠠᠨ ᠢᠳᠡᠭᠡᠨ ᠪᠤᠯᠪᠠᠰᠤᠷᠠᠭᠤᠯᠬᠤ ᠤᠷᠠᠯᠠᠯ ᠵᠡᠷᠭᠡ ᠤᠯᠠᠮᠵᠢᠯᠠᠯᠳᠤ ᠰᠤᠶᠤᠯ ᠢᠶᠠᠨ ᠨᠠᠨᠳᠢᠩᠨᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠰᠤᠳᠤᠨ ᠡᠮᠡᠭᠳᠡᠶᠢᠴᠤᠳ ᠤᠨ ᠡᠩᠨᠡᠭᠡ ᠶᠢ ᠬᠦᠮᠤᠵᠢᠭᠦᠯᠤᠨ ᠪᠤᠵᠠᠭᠠᠶᠢᠷᠠᠭᠤᠯᠬᠤ ᠶᠢᠨ ᠲᠤᠰᠠᠳᠠ᠂ ᠥᠣᠰᠢᠨ ᠬᠤᠰᠢᠭᠤᠨ ᠤ ᠰᠦᠯᠳᠡ ᠰᠤᠮᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠭᠠᠵᠠᠷ ᠪᠤᠯᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠬᠢᠨ ︽ᠲᠤᠯᠠᠭᠠᠨ ᠪᠦ᠋ᠰᠡᠭᠦᠢ︾ ᠰᠠᠶᠢᠨ ᠲᠤᠷᠠᠴᠤᠤᠯ ᠤᠨ ᠡᠩᠨᠡᠭᠡ ᠶᠢ ᠵᠤᠬᠢᠶᠠᠨ ᠪᠠᠶᠢᠭᠤᠯᠤᠨ᠂ ᠰᠢᠨ᠎ᠡ ᠴᠠᠭ ‍ᠦᠶ᠎ᠡ ᠶᠢᠨ ᠪᠤᠯᠪᠠᠰᠤᠨ ᠢ ᠦᠨᠳᠤᠰᠤᠨ ᠱᠠᠳᠤᠨ ᠳᠤ ᠰᠤᠷᠳᠠᠯᠴᠢᠯᠠᠨ ᠦᠢᠯᠡᠳᠦᠯᠭᠡᠵᠢᠭᠦᠯᠵᠤ᠂ ᠶᠡᠷᠤᠩᠬᠡᠶᠢᠯᠡᠭᠰᠡᠨ ᠬᠡᠪ ᠰᠤᠷᠳᠠᠯ᠂ ᠠᠵᠢᠯ ᠮᠡᠷᠭᠡᠵᠢᠯ ᠤᠨ ᠲᠦ᠋ᠪᠰᠢᠨ ᠢᠶᠠᠨ ᠴᠢᠷᠮᠠᠶᠢᠨ ᠲᠡᠭᠡᠭᠰᠢᠯᠡᠭᠦᠯᠵᠤ ᠪᠤᠢ᠃    ᠤᠯᠠᠮᠵᠢᠯᠠᠯᠳᠤ ᠴᠠᠭᠠᠨ ᠢᠳᠡᠭᠡᠨ ᠤ ᠰᠤᠶᠤᠯ ᠢᠶᠠᠨ ᠲᠡᠭᠡᠳᠤᠯᠡᠨ ᠬᠦᠭᠵᠢᠭᠦᠯᠵᠤ᠂ ᠵᠠᠬ᠎ᠠ ᠲᠡᠯᠭᠡᠭᠦᠷ ᠤᠨ ᠤᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠯᠵᠢᠯ ᠤᠨ ᠤᠷᠤᠯᠭ᠎ᠠ ᠪᠠᠨ ᠨᠡᠮᠡᠭᠳᠡᠬᠦᠯᠬᠦ ᠶᠢᠨ ᠲᠤᠰᠠᠳᠠ᠂ ᠴᠠᠭᠠᠨ ᠢᠳᠡᠭᠡᠨ ᠤ ᠦᠢᠯᠡᠳᠬᠡᠯ ᠤᠨ ᠪᠤᠯᠪᠠᠰᠤᠷᠠᠯ ᠤᠨ ᠠᠩᠬᠢ ᠶᠢ ᠵᠤᠬᠢᠶᠠᠨ ᠪᠠᠶᠢᠭᠤᠯᠤᠭᠰᠠᠨ ᠪᠠᠶᠢᠨ᠎ᠠ᠃ ᠦᠩᠭᠡᠷᠡᠭᠰᠡᠨ ᠳᠤ ᠴᠦ᠋ᠷᠮ᠎ᠡ᠂ ᠲᠤᠰᠤ᠂ ᠦᠷᠤᠮ᠎ᠡ᠂ ᠵᠦᠭᠡᠬᠡᠢ ᠬᠡᠬᠦ ᠮᠡᠳᠤ ᠶᠢᠨ ᠴᠠᠭᠠᠨ ᠢᠳᠡᠭᠡᠨ ᠤ ᠲᠦᠷᠤᠯ ᠵᠦᠯ ᠴᠦᠭᠡᠨ ᠪᠠᠶᠢᠭᠰᠠᠨ ᠪᠠᠶᠢᠳᠠᠯ ᠳᠤ ᠴᠢᠭᠯᠡᠬᠦᠯᠦᠨ᠂ ᠮᠠᠯᠴᠢᠨ ᠪᠦᠰᠡᠬᠦ᠋ᠢᠴᠦᠳ ᠪᠤᠯᠪᠠᠰᠤᠷᠠᠯ ᠢᠶᠠᠷ ᠲᠠᠮᠵᠢᠭᠤᠯᠤᠨ ᠰᠦ ᠶᠢᠨ ᠰᠢᠬᠢᠷ᠂ ᠰᠢᠷ᠎ᠠ ᠤᠰᠤᠨ ᠰᠢᠬᠢᠷ᠂ ᠦᠷᠤᠮᠡᠨ ᠬᠠᠶᠢᠯᠤᠮᠠᠭ᠂ ᠰᠦ ᠪᠠᠷ ᠬᠢᠭᠰᠡᠨ ᠦᠨᠳᠡᠭᠡᠳᠤ ᠪᠤᠤᠪᠤ ᠬᠡᠬᠦ ᠮᠡᠳᠤ ᠶᠢᠨ ᠠᠷᠪᠢᠨ ᠵᠦᠢᠯ ᠤᠨ ᠰᠦ ᠴᠠᠭᠠᠨ ᠢᠳᠡᠭᠡᠨ ᠤ ᠪᠦᠳᠦᠭᠡᠭᠳᠡᠭᠦᠨ ᠢ ᠨᠠᠷᠢᠯᠢᠭ ᠪᠤᠯᠪᠠᠰᠤᠷᠠᠭᠤᠯᠬᠤ ᠤᠷ᠎ᠠ ᠮᠡᠷᠭᠡᠵᠢᠯ ᠢ ᠡᠵᠡᠮᠰᠢᠵᠡᠢ᠃     ᠰᠦᠯᠳᠡ ᠰᠤᠮᠤᠨ ᠤ ᠴᠤᠤᠳᠠᠢ ᠭᠠᠴᠠᠭᠠᠨ ᠤ ᠮᠠᠯᠴᠢᠨ ᠪᠦᠰᠡᠭᠦᠢ ᠤᠶᠤᠩᠭᠤᠸ᠎ᠠ ᠪᠤᠯ ᠶᠠᠭᠤ ᠨᠢᠭᠡ ᠶᠢ ᠰᠡᠳᠬᠢᠵᠤ ᠪᠦᠳᠦᠭᠡᠬᠦ ᠪᠠᠷ ᠤᠷᠤᠯᠳᠤᠵᠤ ᠶᠠᠪᠤᠳᠠᠭ ᠤᠷᠠᠨ ᠪᠦ᠋ᠰᠡᠭᠦᠢ ᠶᠢᠨ ᠨᠢᠭᠡ ᠪᠢᠯᠡ᠃ ᠤᠷᠴᠢᠮ ᠤᠨ ᠵᠢᠯ ᠠᠴᠠ ᠲᠡᠳᠡᠨ ᠤ ᠬᠢᠨ ᠭᠠᠴᠠᠭᠠᠨ ᠤ ᠮᠠᠯ ᠲᠠᠷᠢᠶᠠᠯᠠᠩ ᠤᠨ ᠲᠤᠰᠬᠠᠢ ᠬᠤᠷᠰᠢᠶᠠᠵᠢᠯ ᠳᠤ ᠨᠤᠳᠤᠭ ᠪᠡᠯᠴᠢᠭᠡᠷ ᠢᠶᠠᠨ ᠲᠠᠭᠠᠭᠠᠴᠢᠯᠠᠭᠤᠯᠤᠨ ᠡᠵᠡᠩᠨᠡᠭᠦᠯᠦᠭᠰᠡᠨ ᠠᠴᠠ ᠲᠡᠷᠡ ᠨᠦᠬᠦᠷ ᠲᠠᠢ ᠪᠠᠨ ᠬᠤᠶᠠᠭᠤᠯᠠ ᠪᠠᠨ ᠨᠤᠳᠤᠭ ᠢᠶᠠᠨ ᠰᠠᠬᠢᠨ ᠤᠶᠢᠵᠢᠭᠤᠯᠤᠯᠳᠡ ᠨᠤᠭᠤᠭᠠᠷᠠᠭᠤᠯᠤᠯᠳᠠ ᠬᠢᠵᠤ᠂ ᠵᠠᠪ ᠴᠢᠯᠦᠭᠡ ᠪᠠᠷ ᠢᠶᠠᠨ ᠲᠤᠷ᠎ᠠ ᠪᠠᠭ᠋ᠠᠳᠠᠢ ᠵᠦᠢᠯᠡᠰ ᠢᠶᠠᠨ ᠤᠷᠤᠯᠳᠤᠨ ᠠᠮᠢᠳᠤᠷᠠᠯ ᠢᠶᠠᠨ ᠤᠯᠠᠮ ᠤᠳᠬ᠎ᠠ ᠠᠭᠤᠯᠭ᠎ᠠ ᠲᠠᠢ ᠦᠡᠭᠭᠡᠷᠡᠭᠦᠯᠳᠡᠭ  ᠪᠤᠯᠵᠠᠢ᠃ ᠬᠠᠷᠠᠬᠠᠨ ᠪᠠᠭ᠎ᠠ ᠠᠴᠠ ᠪᠠᠨ ᠭᠠᠷ ᠤᠷᠠᠯᠠᠯ᠂ ᠬᠠᠳᠬᠤᠮᠠᠯ ᠤᠶᠤᠳᠡᠯ ᠳᠤ ᠪᠠᠭ᠋ᠠᠳᠠᠢ ᠤᠶᠤᠩᠭᠤᠸ᠎ᠠ ᠠᠵᠢᠯ ᠤᠨ ᠴᠢᠯᠤᠭᠡᠨ ᠳᠡᠭᠡᠨ ᠢᠰᠡᠭᠡᠢ ᠤᠷᠠᠯᠠᠯ ᠬᠢᠬᠦ ᠮᠡᠷᠭᠡᠵᠢᠯ ᠢ ᠰᠤᠷᠤᠯᠴᠠᠨ᠂ ᠤᠷᠢᠳ ᠬᠤᠵᠢᠳ ᠬᠤᠰᠢᠭᠤ᠂ ᠬᠤᠳᠠ᠂ ᠤᠷᠤᠨ ᠤ ᠬᠡᠪᠴᠢᠶᠡᠨ ᠳᠠᠬᠢ ᠶᠡᠭᠡ ᠪᠠᠭ᠎ᠠ ᠲᠤᠰᠬᠠᠢ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠵᠤ᠂ ᠴᠢᠯᠤᠭᠡ ᠯᠠ ᠤᠯᠳᠠᠪᠠᠯ ᠬᠢᠵᠤ ᠪᠤᠯᠪᠠᠰᠤᠷᠠᠭᠰᠠᠭᠠᠷ ᠪᠠᠶᠢᠭᠠᠳ ᠤᠷᠠᠯᠠᠯ ᠪᠦᠳᠤᠭᠡᠯ ᠨᠢ  ᠤᠯᠡᠮ ᠨᠠᠷᠢᠯᠢᠭ ᠭᠤᠶᠤ ᠪᠤᠯᠤᠭᠰᠠᠨ ᠪᠦᠭᠡᠳ ᠤᠷᠢᠳ ᠬᠤᠵᠢᠳ ᠢᠰᠡᠭᠡᠢ ᠤᠷᠠᠯᠠᠯ ᠤᠨ ᠤᠷᠤᠯᠳᠤᠭᠠᠨ ᠰᠤᠷᠢᠭᠠᠨ ᠳᠤ ᠴᠤ ᠰᠤᠳᠤᠨ ᠪᠦᠳᠤᠭᠡᠯ ᠢᠶᠠᠷ ᠢᠶᠠᠨ ᠴᠤᠯᠭᠤᠷᠠᠵᠤ ᠲᠦᠷᠦᠭᠦᠨ ᠳᠤᠨᠢ ᠲᠤᠳᠤᠷᠠᠵᠤ ᠶᠠᠪᠤᠭᠰᠠᠨ ᠤᠳᠠᠭ᠎ᠠ ᠲᠠᠢ᠃ ︽ᠲᠠᠪᠳᠠᠵᠤ ᠲᠠᠪᠳᠠᠵᠤ ᠲᠠᠷᠬᠠᠨ ᠪᠤᠯᠳᠠᠭ︾ ᠬᠡᠳᠡᠭᠴᠢᠯᠡᠨ ᠤᠶᠤᠩᠭᠤᠸ᠎ᠠ ᠡᠨᠡ ᠬᠦ ᠮᠡᠷᠭᠡᠵᠢᠯ ᠢᠶᠠᠨ ᠤᠯᠠᠮ ᠲᠡᠭᠡᠭᠰᠢᠯᠡᠬᠦᠯᠵᠤ᠂ ᠤᠯᠠᠨ ᠲᠦᠮᠡᠨ ᠳᠡᠭᠡᠨ ᠤᠯᠠᠮᠵᠢᠯᠠᠨ ᠵᠠᠯᠭᠠᠮᠵᠢᠯᠠᠭᠤᠯᠬᠤ ᠶᠢᠨ ᠲᠦᠯᠦᠭᠡ ᠰᠤᠮᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠲᠡᠮᠵᠢᠯᠭᠡ ᠲᠤᠤᠷ᠎ᠠ ᠠᠩᠬᠠᠳᠤᠭᠠᠷ ᠤᠳᠠᠭᠠᠨ ᠤ ᠢᠰᠡᠭᠡᠢ ᠤᠷᠠᠯᠠᠯ ᠤᠨ ᠪᠤᠯᠪᠠᠰᠤᠷᠠᠯ ᠤᠨ ᠠᠩᠬᠢ ᠪᠠᠨ ᠠᠮᠵᠢᠯᠳᠠ ᠲᠠᠢ ᠡᠷᠬᠢᠯᠡᠵᠤ᠂ ᠰᠤᠮᠤᠨ ᠤ ᠡᠯ᠎ᠡ ᠭᠠᠴᠠᠭ᠎ᠠ ᠲᠤᠰᠬᠤᠨ ᠤ ᠤᠷᠠᠯᠠᠯ ᠳᠤ ᠲᠤᠷ᠎ᠠ ᠪᠠᠭ᠋ᠠᠳᠠᠢ ᠬᠤᠷᠢᠭᠠᠳ ᠡᠮᠡᠭᠳᠡᠶᠢᠴᠤᠳ ᠲᠠᠪᠤᠨ ᠡᠳᠤᠷ ᠤᠨ ᠪᠤᠯᠪᠠᠰᠤᠷᠠᠯ ᠤᠨ ᠬᠤᠭᠤᠴᠠᠭᠠᠨ ᠳᠤ ᠤᠯᠡᠨ ᠠᠷᠪᠢᠨ ᠪᠦᠳᠤᠭᠡᠯ ᠤᠷᠠᠯᠠᠵᠤ ᠭᠠᠨᠵᠤᠭ᠎ᠠ ᠲᠦᠭᠦᠷᠡᠩ ᠪᠤᠴᠠᠵᠠᠭᠠᠭᠰᠠᠨ ᠪᠢᠯᠡ᠃     ᠤᠷᠠᠨ ᠬᠠᠤᠡᠬᠤᠮᠠᠯ ᠨᠢ ᠮᠦᠨ ᠴᠤ ᠮᠤᠩᠭᠤᠯ ᠬᠤᠪᠴᠠᠰᠤ ᠵᠠᠰᠠᠯ ᠤᠨ ᠰᠤᠶᠤᠯ ᠤᠨ ᠨᠢᠭᠡᠨ ᠭᠠᠶᠢᠬᠠᠮᠰᠢᠭ ᠪᠤᠯᠤᠨ᠎ᠠ᠃ ᠰᠦᠯᠳᠡ ᠰᠤᠮᠤ ᠤᠷᠴᠢᠮ ᠤᠨ ᠵᠢᠯ ᠠᠴᠠ ᠡᠨᠡ ᠬᠦ ᠰᠤᠶᠤᠯ ᠤᠷᠠᠯᠠᠯ ᠢᠶᠠᠨ ᠵᠠᠯᠭᠠᠮᠵᠢᠯᠠᠨ ᠤᠯᠠᠮᠵᠢᠯᠠᠵᠤ᠂ ︽ᠤᠷᠠᠨ ᠲᠠᠬᠢᠨᠢ︾ ᠨᠡᠶᠢᠬᠡᠮᠯᠢᠭ ᠬᠡᠬᠦ ᠮᠡᠳᠤ ᠶᠢᠨ ᠠᠷᠠᠳ ᠤᠨ ᠲᠤᠮᠳᠠᠬᠢ ᠬᠠᠤᠡᠬᠤᠮᠠᠯ  ᠤᠷᠡᠯᠡᠯ ᠤᠨ ᠵᠤᠬᠢᠶᠠᠨ ᠪᠠᠶᠢᠭᠤᠯᠤᠯᠳᠠ ᠲᠠᠰᠤᠷᠠᠯᠳᠠ ᠦᠭᠡᠢ ᠪᠠᠶᠢᠭᠤᠯᠤᠭᠳᠠᠵᠤ᠂ ᠦᠨᠳᠤᠰᠤᠳᠡᠨ ᠤ ᠰᠤᠶᠤᠯ ᠢᠶᠠᠨ ᠤᠯᠠᠮᠵᠢᠯᠠᠨ ᠲᠡᠯᠭᠡᠷᠡᠭᠦᠯᠬᠦ ᠪᠤᠯᠤᠭᠰᠠᠨ ᠪᠠᠶᠢᠨ᠎ᠠ᠃     ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠭᠠᠵᠠᠷ ᠤᠨ ᠲᠠᠶᠢᠴᠢᠯᠠᠯᠳᠠ ᠲᠤᠤᠷ᠎ᠠ ᠰᠦᠯᠳᠡ ᠰᠤᠮᠤᠨ ᠤ ︽ᠲᠤᠯᠠᠭᠠᠨ ᠪᠦᠰᠡᠭᠦᠢ︾ ᠰᠠᠶᠢᠨ ᠲᠤᠷᠠᠴᠤᠤᠯ ᠤᠨ ᠵᠤᠬᠢᠶᠠᠨ ᠪᠠᠶᠢᠭᠤᠯᠤᠯᠳᠠ ᠨᠢ ᠡᠮᠡᠭᠳᠡᠶᠢᠴᠤᠳ ᠢᠶᠠᠨ ᠢᠳᠡᠪᠬᠢᠳᠡᠢ ᠵᠤᠬᠢᠶᠠᠨ ᠪᠠᠶᠢᠭᠤᠯᠵᠤ᠂ ᠠᠭᠤᠯᠭ᠎ᠠ ᠬᠡᠯᠪᠡᠷᠢ ᠪᠠᠶᠠᠯᠢᠭ ᠰᠤᠶᠤᠯ ᠤᠷᠠᠯᠢᠭ ᠤᠨ ᠠᠵᠢᠯᠯᠠᠭ᠎ᠠ ᠶᠢ ᠦᠷᠨᠢᠭᠦᠯᠤᠨ᠂ ᠡᠮᠡᠭᠳᠡᠶᠢᠴᠤᠳ ᠤᠨ ᠬᠤᠭᠤᠷᠤᠨᠳᠤᠬᠢ ᠨᠠᠶᠢᠷᠰᠠᠭ ᠬᠠᠷᠢᠯᠴᠠᠭ᠎ᠠ᠂ ᠰᠢᠨ᠎ᠡ ᠮᠡᠷᠭᠡᠵᠢᠯ ᠢ ᠰᠤᠷᠴᠤ ᠡᠵᠡᠮᠰᠢᠬᠦ᠂ ᠶᠤᠰᠤ ᠰᠤᠷᠳᠠᠬᠤᠨ᠂ ᠰᠡᠤᠡᠬᠢᠴᠡ ᠵᠦᠢ ᠶᠢᠨ  ᠬᠦᠮᠤᠵᠢᠯ ᠵᠡᠷᠭᠡ ᠲᠠᠯ᠎ᠠ ᠳᠠᠬᠢ ᠬᠠᠮᠳᠤ ᠶᠢᠨ ᠦᠵᠡᠯᠳᠡ ᠲᠠᠨᠢᠯᠳᠠ ᠶᠢ ᠲᠡᠭᠡᠭᠰᠢᠯᠡᠭᠦᠯᠵᠤ᠂ ᠬᠦᠳᠡᠭᠡ ᠲᠤᠰᠬᠤᠨ‌ᠢ ᠬᠦᠭᠵᠢᠭᠦᠯᠭᠦ ᠳᠤ ᠭᠦᠴᠤᠨ ᠨᠡᠮᠡᠷᠢᠯᠡᠵᠥ ᠪᠤᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号