ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ︵ᠭᠤᠷᠪᠠ︶
ᠨᠡᠶᠢᠲᠡᠯᠡᠭᠰᠡᠨ ᠴᠠᠭ᠄
2020/11/6
   ᠨᠠᠢᠮᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ    ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠦᠭᠵᠢᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠪᠠ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ᠃    29. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠳᠤ ᠰᠠᠭᠤᠷᠢᠯᠠᠨ᠂ ᠡᠯ᠎ᠡ ᠭᠠᠵᠠᠷ ᠤᠨ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠵᠤ᠂ ᠬᠤᠲᠠᠴᠢᠯᠠᠭᠰᠠᠨ ᠭᠠᠵᠠᠷ ᠣᠷᠣᠨ᠂ ᠲᠠᠷᠢᠶᠠᠯᠠᠩ ᠤᠨ ᠪᠦᠲᠦᠭᠡᠭᠳᠡᠬᠦᠨ ᠤ ᠭᠤᠤᠯ ᠭᠠᠷᠤᠯᠲᠠ ᠶᠢᠨ ᠣᠷᠣᠨ᠂ ᠠᠮᠢ ᠠᠬᠤᠶ ᠶᠢᠨ ᠴᠢᠳᠠᠮᠵᠢᠲᠤ ᠣᠷᠣᠨ ᠵᠡᠷᠭᠡ ᠭᠤᠷᠪᠠᠨ ᠶᠡᠭᠡ ᠣᠷᠣᠨ ᠵᠠᠶ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠵᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠪᠠ ᠤᠯᠠᠨ ᠨᠡᠶᠢᠲᠡ ᠶᠢᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠬᠤᠲᠠᠴᠢᠯᠠᠭᠰᠠᠨ ᠭᠠᠵᠠᠷ ᠣᠷᠣᠨ ᠤ ᠠᠵᠤ ᠠᠬᠤᠶ ᠪᠠ ᠬᠥᠮᠦᠨ ᠠᠮᠠ ᠶᠢ ᠥᠨᠳᠥᠷ ᠪᠦᠲᠦᠮᠵᠢᠲᠡᠶ ᠪᠠᠷ ᠲᠥᠪᠯᠡᠷᠡᠭᠦᠯᠬᠦ᠂ ᠦᠨᠳᠦᠰᠦᠨ ᠲᠠᠷᠢᠶᠠᠨ ᠭᠠᠵᠠᠷ ᠪᠠ ᠠᠮᠢ ᠠᠬᠤᠢ ᠶᠢᠨ ᠣᠷᠣᠨ ᠵᠠᠶ ᠶᠢ ᠬᠠᠮᠠᠭᠠᠯᠠᠬᠤ ᠶᠢ ᠳᠠᠮᠵᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠤ ᠲᠠᠷᠢᠶᠠᠯᠠᠩ ᠦᠢᠯᠡᠳᠪᠦᠷᠢᠯᠡᠯ ᠤᠨ ᠴᠢᠳᠠᠪᠤᠷᠢ ᠪᠠᠨ ᠨᠡᠮᠡᠭᠳᠡᠭᠦᠯᠬᠦ ᠶᠢ ᠳᠠᠮᠵᠢᠵᠤ᠂ ᠠᠮᠢ ᠠᠬᠤᠶ ᠶᠢᠨ ᠴᠢᠳᠠᠮᠵᠢᠲᠤ ᠣᠷᠣᠨ ᠤ ᠬᠥᠭᠵᠢᠯᠲᠡ ᠶᠢᠨ ᠭᠤᠤᠯᠳᠠᠯᠭ᠎ᠠ ᠪᠠᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠠᠮᠢ ᠠᠬᠤᠶ ᠶᠢᠨ ᠪᠦᠲᠦᠭᠡᠭᠳᠡᠭᠦᠨ ᠬᠠᠩᠭᠠᠬᠤ ᠳᠡᠭᠡᠷ᠎ᠡ ᠲᠠᠯᠪᠢᠬᠤ ᠶᠢ ᠳᠡᠮᠵᠢᠵᠦ᠂ ᠠᠮᠢ ᠠᠬᠤᠶ ᠶᠢᠨ ᠴᠢᠳᠠᠮᠵᠢᠲᠤ ᠣᠷᠣᠨ ᠤ ᠬᠥᠮᠦᠨ ᠠᠮᠠ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ ᠰᠢᠯᠵᠢᠭᠦᠯᠬᠦ ᠶᠢ ᠳᠡᠮᠵᠢᠵᠦ᠂ ᠭᠤᠤᠯ ᠴᠣᠭᠴᠠ ᠶᠢᠨ ᠴᠢᠳᠠᠮᠵᠢ ᠨᠢ ᠢᠯᠡᠷᠬᠡᠶ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠭᠰᠡᠨ᠂ ᠴᠢᠨᠠᠷ ᠰᠠᠶᠢᠲᠠᠶ ᠬᠥᠭᠵᠢᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃    30. ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ ᠳᠤ ᠪᠦᠷᠢᠯᠳᠦᠭᠰᠡᠨ ᠰᠢᠨ᠎ᠡ ᠪᠠᠶᠢᠷᠢᠰᠢᠯ ᠢ ᠠᠬᠢᠭᠤᠯᠵᠦ᠂ ᠵᠡᠬᠦᠨ ᠬᠤᠶᠢᠲᠦ ᠶᠢ ᠬᠦᠭᠵᠢᠬᠦᠯᠦᠨ ᠮᠠᠨᠲᠤᠭᠤᠯᠬᠤ ᠳᠤ ᠤᠯᠤᠬᠰᠠᠨ ᠶᠡᠭᠡ ᠰᠢᠪᠲᠤᠯᠤᠯᠲᠠ ᠶᠢ ᠠᠬᠢᠭᠤᠯᠵᠦ᠂ ᠲᠤᠮᠲᠠ ᠭᠡᠰᠡᠭ ᠤᠨ ᠭᠠᠵᠠᠷ ᠤᠷᠤᠨ ᠤ ᠲᠦᠷᠭᠡᠨ ᠮᠠᠨᠲᠤᠯᠲᠠ ᠶᠢ ᠠᠬᠢᠭᠤᠯᠵᠦ᠂ ᠵᠡᠬᠦᠨ ᠭᠡᠰᠡᠭ ᠤᠨ ᠭᠠᠵᠠᠷ ᠤᠷᠤᠨ ᠤ ᠤᠲᠤᠬᠢᠴᠢᠯᠠᠯᠲᠠ ᠶᠢ ᠲᠦᠷᠭᠡᠨ ᠠᠬᠢᠭᠤᠯᠬᠤ ᠶᠢ ᠵᠤᠷᠢᠬᠵᠢᠭᠤᠯᠤᠨ᠎ᠠ᠃ ᠬᠤᠪᠢᠰᠬᠠᠯ ᠤᠨ ᠡᠷᠳᠡ ᠴᠢᠯᠦᠬᠡᠯᠡᠭᠳᠡᠭᠰᠡᠨ ᠤᠷᠤᠨ᠂ ᠦᠨᠲᠦᠰᠦᠳᠡᠨ ᠤ ᠭᠠᠵᠠᠷ ᠤᠷᠤᠨ ᠤ ᠲᠦᠷᠭᠡᠨ ᠬᠦᠭᠵᠢᠯᠳᠡ ᠶᠢ ᠲᠡᠮᠵᠢᠵᠦ᠂ ᠬᠢᠯᠢ ᠬᠢᠵᠠᠭᠠᠷ ᠭᠠᠵᠠᠷ ᠤᠷᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠬᠢᠯᠢ ᠪᠠᠨ ᠬᠦᠭᠵᠢᠬᠦᠯᠵᠦ ᠠᠷᠠᠳ ᠢᠶᠠᠨ ᠴᠢᠨᠡᠭᠡᠯᠢᠭᠵᠢᠬᠦᠯᠦᠨ᠂ ᠬᠢᠯᠢ ᠬᠢᠵᠠᠭᠠᠷ ᠢ ᠪᠠᠳᠤᠳᠬᠠᠬᠤ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠯ ᠬᠦᠭᠵᠢᠯᠳᠡ᠂ ᠬᠦᠬᠡᠮᠦ᠋ᠷᠡᠨ ᠤ ᠠᠵᠦ ᠠᠬᠤᠢ ᠶᠢᠨ ᠪᠦᠰᠡ ᠶᠢᠨ ᠬᠦᠭᠵᠢᠯᠳᠡ᠂ ᠭᠤᠸᠠᠩᠳᠦ᠋ᠩ ᠰᠢᠶᠠᠩᠭᠠᠩ ᠤᠤᠮᠧᠨ ᠤ ᠶᠡᠭᠡ ᠲᠤᠬᠤᠢ ᠶᠢᠨ ᠤᠷᠤᠨ ᠤ ᠪᠦᠲᠦᠭᠡᠨ ᠪᠠᠶᠢᠭᠤᠯᠤᠯᠲᠠ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠨᠢᠬᠡ ᠴᠤᠭᠴᠠᠵᠢᠬᠰᠠᠨ ᠬᠦᠭᠵᠢᠯᠳᠡ ᠶᠢ ᠠᠬᠢᠭᠤᠯᠵᠦ᠂ ᠰᠢᠨ᠎ᠡ ᠲᠠᠪᠴᠠᠩ ᠪᠠ ᠰᠢᠨ᠎ᠡ ᠨᠡᠮᠡᠭᠳᠡᠯ ᠤᠨ ᠲᠦᠢᠯ ᠢ ᠪᠤᠢ ᠪᠤᠯᠭᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠤᠨ᠎ᠠ᠃ ᠰᠢᠶᠦ᠋ᠩ ᠠᠨ ᠰᠢᠨ᠎ᠡ ᠲᠤᠭᠤᠷᠢᠭ ᠢ ᠦᠨᠲᠦᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠠᠷ ᠪᠦᠲᠦᠭᠡᠨ ᠪᠠᠶᠢᠭᠤᠯᠤᠨ᠎ᠠ᠃ ᠡᠬᠡ ᠬᠠᠭᠤᠷᠠᠢ ᠪᠠ ᠲᠠᠯᠠᠢ ᠲᠠᠩᠬᠢᠰ ᠤᠨ ᠨᠢᠬᠡᠲᠦᠯᠳᠡᠢ ᠲᠦᠯᠦᠪᠵᠢᠭᠦᠯᠭᠡ ᠶᠢ ᠪᠠᠷᠢᠮᠲᠠᠯᠠᠵᠦ᠂ ᠲᠠᠯᠠᠢ ᠲᠠᠩᠬᠢᠰ ᠤᠨ ᠠᠵᠦ ᠠᠬᠤᠢ ᠶᠢ ᠬᠦᠭᠵᠢᠬᠦᠯᠵᠦ᠂ ᠲᠠᠯᠠᠢ ᠲᠠᠩᠬᠢᠰ ᠤᠨ ᠬᠦᠴᠦᠷᠭᠡᠭ ᠤᠯᠤᠰ ᠢ ᠪᠠᠶᠢᠭᠤᠯᠤᠨ᠎ᠠ᠃ ᠤᠷᠤᠨ ᠪᠦᠰᠡ ᠶᠢᠨ ᠪᠠᠶᠢᠯᠲᠤᠬᠤ ᠪᠤᠲᠤᠯᠭ᠎ᠠ ᠶᠢ ᠨᠢᠬᠡᠲᠦᠯᠳᠡᠢ ᠲᠦᠯᠦᠪᠵᠢᠬᠦᠯᠬᠦ᠂ ᠵᠠᠬ᠎ᠠ ᠲᠡᠯᠭᠡᠬᠦᠷ ᠢ ᠨᠢᠬᠡ ᠴᠤᠭᠴᠠᠵᠢᠭᠤᠯᠤᠨ ᠬᠦᠭᠵᠢᠬᠦᠯᠬᠦ᠂ ᠤᠷᠤᠨ ᠪᠦᠰᠡ ᠶᠢᠨ ᠬᠠᠮᠲᠤᠷᠠᠯᠴᠠᠭ᠎ᠠ ᠬᠠᠷᠢᠯᠴᠠᠨ ᠬᠠᠪᠰᠤᠷᠤᠯᠴᠠᠬᠤ᠂ ᠤᠷᠤᠨ ᠪᠦᠰᠡ ᠶᠢᠨ ᠬᠤᠭᠤᠷᠤᠨᠲᠦᠬᠢ ᠠᠰᠢᠭ ᠲᠤᠰᠠ ᠶᠢᠨ ᠨᠦᠬᠦᠪᠦᠷᠢᠯᠡᠯ ᠵᠡᠷᠭᠡ ᠲᠤᠭᠲᠠᠯᠴᠠᠭ᠎ᠠ ᠶᠢ ᠪᠦᠷᠢᠨᠰᠢᠬᠦᠯᠵᠦ᠂ ᠬᠦᠭᠵᠢᠭᠰᠡᠨ ᠭᠠᠵᠠᠷ ᠤᠷᠤᠨ ᠪᠠ ᠬᠠᠷᠠᠬᠠᠨ ᠬᠦᠭᠵᠢᠬᠡᠲᠦᠢ ᠭᠠᠵᠠᠷ ᠤᠷᠤᠨ᠂ ᠵᠡᠬᠦᠨ ᠲᠤᠮᠲᠠ ᠪᠠᠷᠠᠭᠤᠨ ᠭᠡᠰᠡᠭ ᠪᠠ ᠵᠡᠬᠦᠨ ᠬᠤᠶᠢᠲᠦ ᠶᠢᠨ ᠭᠠᠵᠠᠷ ᠤᠷᠤᠨ ᠤ ᠬᠠᠮᠲᠦ ᠶᠢᠨ ᠬᠦᠭᠵᠢᠯᠳᠡ ᠶᠢ ᠨᠡᠩ ᠰᠠᠶᠢᠲᠦᠷ ᠠᠬᠢᠭᠤᠯᠤᠨ᠎ᠠ᠃ ᠰᠢᠯᠵᠢᠬᠦᠯᠦᠨ ᠲᠦᠯᠦᠪᠦᠷᠢᠯᠡᠬᠦ ᠲᠦᠷᠢᠮ ᠢ ᠲᠡᠬᠦᠯᠳᠡᠷᠵᠢᠬᠦᠯᠵᠦ᠂ ᠬᠠᠷᠠᠬᠠᠨ ᠬᠦᠭᠵᠢᠭᠡᠲᠦᠢ ᠭᠠᠵᠠᠷ ᠤᠷᠤᠨ ᠤ ᠡᠳ᠋ ᠤᠨ ᠵᠠᠰᠠᠭ ᠤᠨ ᠲᠡᠮᠵᠢᠯᠬᠡ ᠶᠢ ᠨᠡᠮᠡᠭᠳᠡᠬᠦᠯᠵᠦ ᠂ ᠤᠯᠠᠨ ᠨᠡᠶᠢᠳᠡ ᠶᠢᠨ ᠦᠨᠲᠦᠰᠦᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ᠃    31. ᠬᠦᠮᠦᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ᠃ ᠬᠤᠲᠠ ᠶᠢ ᠰᠢᠨᠡᠴᠢᠯᠡᠬᠦ ᠠᠵᠢᠯᠯᠠᠭ᠎ᠠ ᠶᠢ ᠭᠡᠷᠡᠭᠵᠢᠬᠦᠯᠵᠦ᠂ ᠬᠤᠲᠠ ᠶᠢᠨ ᠠᠮᠢ ᠠᠬᠤᠢ ᠶᠢ ᠰᠡᠷᠬᠦᠭᠡᠨ ᠵᠠᠰᠠᠬᠤ᠂ ᠴᠢᠲᠠᠪᠬᠢ ᠶᠢ ᠲᠡᠬᠦᠯᠳᠡᠷᠵᠢᠬᠦᠯᠬᠦ ᠢᠨᠵᠧᠨᠧᠷᠢᠩ ᠢ ᠠᠬᠢᠭᠤᠯᠵᠦ᠂ ᠬᠤᠲᠠ ᠶᠢᠨ ᠲᠦᠯᠦᠪᠵᠢᠬᠦᠯᠬᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠬᠡᠲᠦᠯᠳᠡᠢ ᠲᠦᠯᠦᠪᠵᠢᠬᠦᠯᠵᠦ᠂ ᠬᠤᠲᠠ ᠶᠢᠨ ᠬᠦᠷᠢᠶ᠎ᠡ ᠬᠡᠪᠴᠢᠶ᠎ᠡ᠂ ᠬᠦᠮᠦᠨ ᠠᠮᠠ ᠶᠢᠨ ᠨᠢᠬᠲᠠᠴᠠ᠂ ᠤᠷᠤᠨ ᠵᠠᠢ ᠶᠢᠨ ᠪᠦᠲᠦᠴᠡ ᠶᠢ ᠵᠤᠬᠢᠰᠲᠠᠢ ᠲᠤᠭᠲᠠᠭᠠᠵᠦ᠂ ᠲᠤᠮᠤ ᠲᠤᠮᠲᠠ ᠪᠠᠭ᠎ᠠ ᠬᠤᠲᠠ ᠪᠠ ᠵᠢᠵᠢᠭ ᠬᠤᠲᠠ ᠪᠠᠯᠭᠠᠰᠦ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃ ᠲᠡᠦᠭᠡ ᠰᠤᠶᠤᠯ ᠤᠨ ᠬᠠᠮᠠᠭᠠᠯᠠᠯᠲᠠ ᠶᠢ ᠴᠢᠩᠭᠠᠳᠬᠠᠵᠦ᠂ ᠬᠤᠲᠠ ᠶᠢᠨ ᠲᠦᠷᠢ ᠲᠦᠷᠬᠦ ᠶᠢ ᠱᠤᠭᠤᠵᠦ᠂ ᠬᠤᠲᠠ ᠪᠠᠯᠭᠠᠰᠦ ᠶᠢᠨ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠬᠡᠷᠡᠴᠢᠯᠡᠨ ᠵᠠᠰᠠᠬᠤ ᠪᠠ ᠨᠡᠶᠢᠬᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠬᠤᠲᠠ ᠶᠢᠨ ᠦᠶᠡᠷ ᠤᠰᠤᠲᠤᠯ ᠠᠴᠠ ᠰᠡᠷᠭᠡᠶᠢᠯᠡᠬᠦ ᠴᠢᠲᠠᠪᠦᠷᠢ ᠶᠢ ᠴᠢᠩᠭᠠᠳᠬᠠᠵᠦ᠂ ᠬᠠᠶᠢᠮᠢᠶᠠᠨ ᠬᠡᠯᠪᠡᠷᠢ ᠶᠢᠨ ᠬᠤᠲᠠ᠂ ᠬᠠᠷᠢᠮᠠᠬᠠᠢ ᠴᠢᠨᠠᠷ ᠲᠠᠢ ᠬᠤᠲᠠ ᠶᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠵᠠᠰᠠᠯᠲᠠ ᠶᠢᠨ ᠲᠦᠪᠰᠢᠨ ᠢ ᠲᠡᠭᠡᠭᠰᠢᠯᠡᠬᠦᠯᠵᠦ᠂ ᠤᠨᠴᠠ ᠲᠤᠮᠤ ᠬᠤᠲᠠ ᠶᠢᠨ ᠵᠠᠰᠠᠯᠲᠠ ᠲᠤᠮᠲᠠᠬᠢ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠴᠢᠲᠠᠪᠦᠷᠢ ᠶᠢ ᠴᠢᠩᠭᠠᠳᠬᠠᠨ᠎ᠠ᠃ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠬᠰᠠᠨ ᠠᠴᠠ ᠪᠢᠰᠢ ᠰᠠᠷᠢᠭᠠᠯᠠᠬᠤ ᠳᠤ ᠵᠤᠷᠢᠭᠤᠯᠤᠬᠰᠠᠨ ᠪᠢᠰᠢ ᠭᠡᠮᠡᠬᠦ ᠪᠠᠶᠢᠷᠢ ᠲᠤᠭᠲᠠᠭᠠᠯᠲᠠ ᠶᠢ ᠪᠠᠷᠢᠮᠲᠠᠯᠠᠵᠦ᠂ ᠲᠦᠷᠢᠶᠡᠰᠦᠯᠡᠬᠦ ᠪᠠ ᠬᠤᠲᠠᠯᠲᠤᠨ ᠠᠪᠬᠤ ᠶᠢ ᠬᠠᠮᠲᠦ ᠪᠠᠷ ᠭᠡᠷᠡᠭᠵᠢᠬᠦᠯᠵᠦ᠂ ᠬᠤᠲᠠ ᠶᠢᠨ ᠦᠨᠲᠦᠰᠦᠨ ᠪᠠᠶᠢᠲᠠᠯ ᠳᠤ ᠵᠤᠬᠢᠴᠠᠭᠤᠯᠤᠨ ᠠᠷᠭ᠎ᠠ ᠪᠤᠲᠤᠯᠭ᠎ᠠ ᠭᠡᠷᠡᠭᠵᠢᠬᠦᠯᠵᠦ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠲᠡᠯᠭᠡᠬᠦᠷ ᠤᠨ ᠲᠤᠭᠲᠠᠭᠤᠨ ᠪᠦᠬᠡᠳ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠪᠠᠲᠤᠯᠠᠭ᠎ᠠ ᠶᠢᠨ ᠴᠢᠨᠠᠷ ᠲᠠᠢ ᠤᠷᠤᠨ ᠰᠠᠭᠤᠴᠠ ᠶᠢᠨ ᠬᠠᠨᠭ᠍ᠭᠠᠯᠭ᠎ᠠ ᠶᠢ ᠪᠦᠲᠦᠮᠵᠢᠳᠡᠢ ᠨᠡᠮᠡᠭᠳᠡᠬᠦᠯᠵᠦ᠂ ᠭᠠᠵᠠᠷ ᠰᠢᠷᠤᠢ ᠶᠢᠨ ᠡᠵᠡᠩᠨᠡᠬᠦ ᠡᠷᠭᠡ ᠶᠢ ᠰᠢᠯᠵᠢᠬᠦᠯᠦᠭᠰᠡᠨ ᠤᠷᠤᠯᠭ᠎ᠠ ᠶᠢ ᠬᠤᠪᠢᠶᠠᠷᠢᠯᠠᠬᠤ ᠲᠤᠭᠲᠠᠴᠠ ᠶᠢ ᠲᠡᠬᠦᠯᠳᠡᠷᠵᠢᠬᠦᠯᠵᠦ᠂ ᠬᠠᠮᠲᠦ ᠨᠡᠶᠢᠳᠡ ᠶᠢᠨ ᠪᠦᠲᠦᠭᠡᠨ ᠪᠠᠶᠢᠭᠤᠯᠤᠯᠲᠠ ᠳᠤ ᠭᠡᠷᠡᠭᠯᠡᠬᠦ ᠭᠠᠵᠠᠷ ᠰᠢᠷᠤᠢ ᠶᠢ ᠠᠰᠢᠬᠯᠠᠵᠤ ᠲᠦᠯᠦᠪᠵᠢᠬᠦᠯᠬᠡ ᠶᠤᠰᠤᠭᠠᠷ ᠲᠦᠷᠢᠶᠡᠰᠦᠨ ᠤᠷᠤᠨ ᠰᠠᠭᠤᠴᠠ ᠪᠦᠲᠦᠭᠡᠨ ᠪᠠᠶᠢᠭᠤᠯᠬᠤ ᠶᠢ ᠬᠠᠶᠢᠨ ᠰᠦᠪᠡᠭᠴᠢᠯᠡᠵᠦ ᠲᠡᠮᠵᠢᠨ᠎ᠡ᠃ ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠤᠷᠤᠨ ᠰᠠᠭᠤᠴᠠ ᠶᠢᠨ ᠲᠦᠷᠦ ᠶᠢᠨ ᠪᠤᠲᠤᠯᠭ᠎ᠠ ᠶᠢ ᠲᠡᠬᠦᠯᠳᠡᠷᠵᠢᠬᠦᠯᠵᠦ᠂ ᠪᠠᠲᠤᠯᠠᠭ᠎ᠠ ᠶᠢᠨ ᠴᠢᠨᠠᠷ ᠲᠠᠢ ᠲᠦᠷᠢᠶᠡᠰᠦᠨ ᠤᠷᠤᠨ ᠰᠠᠭᠤᠴᠠ ᠶᠢᠨ ᠬᠠᠨᠭ᠍ᠭᠠᠯᠭ᠎ᠠ ᠶᠢ ᠨᠡᠮᠡᠭᠳᠡᠬᠦᠯᠦᠨ᠎ᠡ᠃ ᠡᠷᠦᠭᠡ ᠠᠮᠠ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠳ᠋ ᠤᠨ ᠵᠠᠰᠠᠭ ᠤᠨ ᠰᠢᠯᠵᠢᠬᠦᠯᠦᠨ ᠦᠭᠬᠦ ᠶᠢ ᠲᠡᠬᠦᠯᠳᠡᠷᠵᠢᠬᠦᠯᠵᠦ᠂ ᠬᠤᠲᠠ ᠪᠠᠯᠭᠠᠰᠦ ᠶᠢᠨ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠭᠡᠷᠡᠭᠯᠡᠬᠦ ᠭᠠᠵᠠᠷ ᠰᠢᠷᠤᠢ ᠶᠢᠨ ᠬᠦᠷᠢᠶ᠎ᠡ ᠬᠡᠪᠴᠢᠶ᠎ᠡ ᠪᠠ ᠬᠦᠳᠡᠭᠡ ᠠᠴᠠ ᠰᠢᠯᠵᠢᠭᠰᠡᠳ ᠢ ᠬᠤᠲᠠ ᠶᠢᠨ ᠠᠷᠠᠳ ᠪᠤᠯᠭᠠᠨ ᠬᠤᠪᠢᠷᠠᠭᠤᠯᠬᠤ ᠶᠢ ᠬᠤᠯᠪᠤᠬᠳᠠᠭᠤᠯᠬᠤ ᠲᠦᠷᠦ ᠶᠢᠨ ᠪᠤᠲᠤᠯᠭ᠎ᠠ ᠶᠢ ᠲᠡᠬᠦᠯᠳᠡᠷᠵᠢᠬᠦᠯᠵᠤ᠂ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢᠨ ᠪᠠᠳᠤᠯᠠᠭ᠎ᠠ ᠶᠢ ᠴᠢᠩᠭᠠᠳᠬᠠᠵᠤ᠂ ᠬᠦᠳᠡᠭᠡ ᠠᠴᠠ ᠰᠢᠯᠵᠢᠭᠰᠡᠳ ᠢ ᠬᠤᠳᠠ ᠶᠢᠨ ᠠᠷᠠᠳ ᠪᠤᠯᠭᠠᠬᠤ ᠶᠢ ᠲᠦᠷᠭᠡᠳᠭᠡᠨ᠎ᠡ᠃ ᠵᠠᠰᠠᠭ ᠵᠠᠬᠢᠷᠭᠠᠨ ᠤ ᠬᠤᠪᠢᠶᠠᠷᠢᠯᠠᠯ ᠲᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠭᠤᠤᠯ ᠬᠤᠲᠠ ᠪᠠ ᠬᠤᠲᠠ ᠶᠢᠨ ᠰᠦᠷᠦᠭᠵᠢᠯ ᠤᠨ ᠲᠠᠶᠢᠴᠢᠯᠠᠬᠤ ᠦᠢᠯᠡᠲᠦᠯ ᠢ ᠪᠠᠲᠠᠷᠠᠭᠤᠯᠵᠦ᠂ ᠤᠲᠤᠬᠢᠴᠢᠯᠠᠬᠰᠠᠨ ᠬᠤᠲᠠ ᠶᠢᠨ ᠲᠤᠭᠤᠷᠢᠭ ᠢ ᠪᠠᠶᠢᠭᠤᠯᠤᠨ᠎ᠠ᠃ ᠴᠸᠡᠭᠳᠦ᠋ ᠪᠠ ᠴᠦᠡᠭᠴᠢᠩ ᠭᠠᠵᠠᠷ ᠤᠷᠤᠨ ᠤ ᠬᠤᠤᠰ ᠬᠤᠲᠠ ᠶᠢᠨ ᠠᠵᠦ ᠠᠬᠤᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠬᠴᠢ ᠪᠤᠯᠭᠠᠭᠰᠠᠨ ᠬᠤᠲᠠ ᠪᠠᠯᠭᠠᠰᠦᠵᠢᠯᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ᠶᠢᠰᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠤᠨ᠎ᠠ    ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠭ ᠢ ᠦᠨᠳᠦᠷ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠬᠦᠭᠵᠢᠬᠦᠯᠬᠦ᠂ ᠳᠦᠷᠢ ᠲᠥᠷᠬᠦ ᠶᠢ ᠦᠵᠡᠬᠦᠯᠬᠦ ᠡᠭᠦᠷᠭᠡ ᠶᠢᠨ ᠲᠣᠭᠤᠷᠢᠨ ᠳᠤ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠴᠢᠩᠭᠠᠷᠠᠭᠤᠯᠬᠤ ᠬᠠᠷᠢᠯᠴᠡᠨ ᠨᠢᠭᠡᠳᠦᠯ ᠲᠠᠢ ᠪᠠᠶᠢᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦ᠋ᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃    32. ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠤᠨ᠎ᠠ᠃ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠯᠪᠠᠰᠤᠨ ᠬᠡᠪ ᠰᠤᠷᠲᠠᠯ᠂ ᠦᠢᠯᠡ ᠠᠵᠢᠯᠯᠠᠭ᠎ᠠ ᠶᠢᠨ ᠵᠢᠷᠤᠮᠵᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠴᠢᠩᠭᠠᠳᠬᠠᠵᠤ᠂ ᠨᠠᠮ ᠪᠣᠯᠤᠨ ᠠᠷᠠᠳ ᠲᠦᠮᠡᠨ ᠤ ᠡᠯ᠎ᠡ ᠲᠡᠦᠬᠡᠨ ᠴᠠᠭ ᠦᠶ᠎ᠡ ᠶᠢᠨ ᠲᠡᠮᠡᠴᠡᠯ ᠤᠨ ᠳᠤᠮᠳᠠ ᠪᠦᠷᠢᠯᠳᠦᠬᠦᠯᠦᠭᠰᠡᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠢᠷᠭᠡᠳ ᠤᠨ ᠶᠣᠰᠣ ᠰᠤᠷᠳᠠᠬᠤᠨ ᠤ ᠪᠠᠶᠢᠭᠤᠯᠤᠯᠲᠠ ᠶᠢ ᠠᠬᠢᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠤᠨ᠎ᠠ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠡᠰᠪᠦᠷᠢ ᠬᠠᠲᠠᠭᠤᠵᠢᠯᠲᠠᠶ ᠲᠡᠮᠡᠴᠡᠬᠦ᠂ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠰᠠᠨᠠᠭᠠᠴᠢᠯᠠᠵᠤ᠂ ᠬᠥᠳᠡᠯᠮᠦᠷᠢ ᠪᠠᠷ ᠵᠣᠯ ᠵᠢᠷᠭᠠᠯ ᠢ ᠡᠭᠦᠳᠦᠨ ᠪᠦᠲᠦᠭᠡᠬᠦ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠢ ᠥᠷᠨᠢᠭᠦᠯᠤᠨ᠎ᠠ᠃ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠢᠳᠡᠪᠬᠢᠲᠡᠶ ᠪᠥᠭᠡᠳ ᠡᠷᠡᠭᠦᠯ ᠰᠦᠯᠵᠢᠶᠡᠨ ᠤ ᠰᠣᠶᠣᠯ ᠢ ᠬᠥᠭᠵᠢᠭᠦᠯᠤᠨ᠎ᠠ᠃    33. ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠤᠨ᠎ᠠ᠃ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠦᠢᠯᠡᠰ ᠢ ᠪᠦᠬᠦ ᠲᠠᠯ᠎ᠠ ᠪᠠᠷ ᠴᠡᠴᠡᠭᠯᠡᠭᠦᠯᠦᠨ ᠬᠥᠭᠵᠢᠭᠦᠯᠤᠨ᠎ᠠ᠃ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠬᠤᠶ ᠰᠡᠳᠦᠪᠲᠦ ᠵᠣᠬᠢᠶᠠᠨ ᠪᠦᠲᠦᠭᠡᠯᠬᠡ ᠶᠢᠨ ᠦᠢᠯᠡᠳᠪᠦᠷᠢᠯᠡᠯ ᠢ ᠴᠢᠩᠭᠠᠳᠬᠠᠵᠤ᠂ ᠴᠠᠭ ᠦᠶ᠎ᠡ ᠶᠢᠨ ᠰᠢᠨ᠎ᠡ ᠳᠦᠷᠰᠦ ᠪᠠᠶᠢᠳᠠᠯ ᠢ ᠲᠤᠰᠬᠠᠬᠰᠠᠨ᠂ ᠠᠷᠠᠳ ᠲᠦᠮᠡᠨ ᠤ ᠰᠢᠨ᠎ᠡ ᠡᠭᠦᠳᠦᠨ ᠪᠦᠲᠦᠭᠡᠯᠲᠡ ᠶᠢ ᠮᠠᠭᠲᠠᠨ ᠳᠠᠭᠤᠯᠠᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠠᠰᠤᠷᠠᠯᠲᠠ ᠦᠭᠡᠢ ᠵᠤᠬᠢᠶᠠᠨ ᠪᠦᠳᠦᠬᠡᠨ᠎ᠠ᠃ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠭᠤᠤᠯ ᠵᠠᠭᠤᠴᠢᠯᠠᠭᠤᠷ ᠢ ᠬᠦᠴᠦᠷᠬᠡᠭᠵᠢᠭᠦᠯᠵᠦ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠨ ᠬᠦᠴᠦᠷᠭᠡᠭᠵᠢᠬᠦᠯᠵᠤ ᠰᠠᠶᠢᠲᠤᠷ ᠬᠡᠷᠡᠭᠯᠡᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠨᠢᠭᠡ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠰᠢᠨ᠎ᠡ ᠶᠢ ᠡᠭᠦᠳᠴᠦ ᠬᠡᠷᠡᠭᠵᠢᠬᠦᠯᠦᠨ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠣᠭᠠᠴᠢᠯᠠᠯᠳᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠴᠢᠬᠤᠯᠠ ᠶᠡᠭᠡ ᠰᠣᠶᠣᠯ ᠤᠨ ᠲᠤᠨᠤᠭ ᠲᠥᠬᠦᠭᠡᠷᠦᠮᠵᠢ ᠪᠠ ᠰᠣᠶᠣᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠷ ᠬᠡᠪᠯᠡᠯ ᠤᠨ ᠣᠷᠳᠣᠨ᠂ ᠤᠯᠤᠰ ᠤᠨ ᠰᠤᠷᠪᠤᠯᠵᠢ ᠪᠢᠴᠢᠭ ᠤᠨ ᠬᠠᠳᠠᠭᠠᠯᠠᠮᠵᠢ ᠶᠢᠨ ᠬᠥᠮᠥᠷᠭᠡ᠂ ᠤᠶᠤᠨᠲᠤ ᠷᠠᠳᠢᠣ᠋ ᠲᠧᠯᠸᠢᠰ ᠵᠡᠷᠭᠡ ᠢᠨᠵᠧᠨᠧᠷᠢᠩ ᠢ ᠠᠬᠢᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ ᠬᠠᠮᠠᠭᠠᠯᠠᠬᠤ᠂ ᠰᠤᠳᠤᠯᠬᠤ᠂ ᠠᠰᠢᠬᠯᠠᠬᠤ ᠶᠢ ᠴᠢᠩᠭᠠᠳᠬᠠᠵᠤ᠂ ᠴᠢᠬᠤᠯᠠ ᠪᠤᠯᠬᠤ ᠰᠣᠶᠣᠯ ᠬᠢᠬᠡᠳ ᠪᠠᠶᠢᠭᠠᠯᠢ ᠶᠢᠨ ᠥᠪ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠷᠲᠤ ᠴᠠᠭᠠᠨ ᠬᠡᠷᠡᠮ᠂ ᠶᠡᠭᠡ ᠲᠠᠲᠠᠮᠠᠯ ᠭᠤᠤᠯ᠂ ᠤᠷᠲᠤ ᠵᠠᠮ ᠤᠨ ᠠᠶᠠᠨ ᠳᠠᠶᠢᠨ᠂ ᠬᠠᠳᠤᠨ ᠭᠤᠤᠯ ᠵᠡᠷᠭᠡ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷ ᠥᠷᠨᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠤᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃    34. ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠭᠦ ᠶᠢ ᠪᠠᠷᠢᠮᠳᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ ᠠᠵᠤ ᠦᠢᠯᠡᠰ ᠤᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠣᠶᠣᠯ ᠤᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠰᠣᠶᠣᠯ ᠤᠨ ᠦᠢᠯᠡᠳᠭᠦᠨ ᠤ ᠬᠠᠩᠭᠠᠯᠭ᠎ᠠ ᠶᠢ ᠥᠷᠭᠡᠳᠬᠡᠨ᠎ᠡ᠃ ᠰᠣᠶᠣᠯ ᠤᠨ ᠠᠵᠤ ᠦᠢᠯᠡᠰ ᠤᠨ ᠲᠣᠭᠠᠴᠢᠯᠠᠬᠰᠡᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠰᠣᠶᠣᠯ ᠤᠨ ᠠᠵᠤ ᠠᠬᠤᠶᠢᠯᠠᠯ᠂ ᠰᠣᠶᠣᠯ ᠤᠨ ᠡᠵᠡᠩᠨᠡᠯᠲᠡ ᠶᠢᠨ ᠬᠡᠯᠪᠡᠷᠢ᠂ ᠰᠣᠶᠣᠯ ᠤᠨ ᠬᠡᠷᠡᠭᠯᠡᠭᠡ ᠶᠢᠨ ᠬᠡᠪ ᠵᠠᠭᠪᠤᠷ ᠢ ᠲᠦᠷᠭᠡᠳᠬᠡᠨ ᠬᠥᠭᠵᠢᠭᠦᠯᠦᠨ᠎ᠡ᠃ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠵᠢᠷᠤᠮᠵᠢᠭᠤᠯᠤᠨ ᠬᠥᠭᠵᠢᠭᠦᠯᠵᠦ᠂ ᠣᠷᠣᠨ ᠪᠦᠰᠡ ᠶᠢᠨ ᠰᠣᠶᠣᠯ ᠤᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠢᠭᠡ ᠪᠦᠯᠦᠭ ᠰᠣᠶᠣᠯ ᠤᠨ ᠠᠭᠤᠯᠬᠤᠨ ᠢᠶᠠᠷ ᠪᠠᠶᠠᠯᠢᠭ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ ᠠᠮᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠰᠣᠶᠣᠯ ᠤᠨ ᠣᠨᠴᠠᠯᠢᠭ ᠢᠶᠠᠷ ᠢᠯᠡ ᠲᠣᠳᠣ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠪᠣᠯᠤᠨ ᠵᠡᠭᠡᠯᠢ ᠭᠤᠳᠤᠮᠵᠢ ᠶᠢ ᠴᠣᠭᠴᠠᠯᠠᠨ ᠪᠠᠶᠢᠭᠤᠯᠵᠤ᠂ ᠬᠤᠪᠢᠰᠬᠠᠯᠳᠤ ᠵᠢᠭᠤᠯᠴᠢᠯᠠᠯ ᠪᠠ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠦᠨ᠎ᠡ ᠃ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠪᠠᠷ ᠬᠦᠴᠦᠯᠡᠬᠦ ᠴᠡᠭ ᠪᠣᠯᠭᠠᠵᠤ᠂ ᠤᠯᠠᠨ ᠤᠯᠤᠰ ᠤᠨ ᠳᠠᠮᠵᠢᠭᠤᠯᠭ᠎ᠠ ᠶᠢ ᠠᠬᠢᠭᠤᠯᠬᠤ ᠲᠠᠯ᠎ᠠ ᠪᠠᠷ ᠰᠢᠨ᠎ᠠ ᠶᠢ ᠡᠭᠦᠳᠴᠤ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ ᠤᠯᠠᠨ ᠲᠡᠰ ᠳᠠᠪᠬᠤᠷᠭ᠎ᠠ ᠶᠢᠨ ᠪᠣᠯᠪᠠᠰᠤᠨ ᠤ ᠶᠠᠷᠢᠯᠴᠠᠭ᠎ᠠ ᠶᠢ ᠴᠢᠩᠭᠠᠳᠬᠠᠨ᠎ᠠ᠃    ᠠᠷᠪᠠ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠣᠷᠣᠰᠢᠬᠤ ᠶᠢ ᠠᠬᠢᠭᠤᠯᠤᠨ᠎ᠠ    ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠯᠳᠤᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠪᠠᠲᠤ ᠰᠠᠬᠢᠨ᠎ᠠ᠃ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠨᠢᠭᠡᠳᠦᠯᠲᠡᠶ ᠲᠥᠯᠥᠪᠵᠢᠭᠦᠯᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠰᠢᠰᠲ᠋ᠧᠮ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠠᠶᠢᠰᠢ ᠰᠢᠯᠵᠢᠬᠦ ᠶᠢ ᠠᠬᠢᠭᠤᠯᠵᠤ ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠣᠷᠣᠰᠢᠬᠤ ᠣᠳᠣᠬᠢᠴᠢᠯᠠᠯᠲᠠ ᠶᠢ ᠪᠠᠶᠢᠭᠤᠯᠤᠨ᠎ᠠ᠃    35. ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠬᠡ ᠪᠠ ᠬᠡᠷᠡᠭᠴᠡᠭᠡᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠶ ᠶᠢ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠨᠠᠶᠢᠳᠠᠪᠤᠷᠢᠵᠢᠭᠤᠯᠵᠤ᠂ ᠬᠥᠮᠦᠨ ᠲᠥᠷᠥᠯᠬᠢᠲᠡᠨ ᠤ ᠠᠵᠢᠯᠯᠠᠭ᠎ᠠ ᠶᠢᠨ ᠪᠠᠶᠢᠭᠠᠯᠢ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠶᠢ ᠪᠠᠭᠠᠰᠬᠠᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠢ ᠬᠥᠭᠵᠢᠭᠦᠯᠵᠦ᠂ ᠪᠣᠬᠢᠷᠲᠤᠯ ᠥᠬᠡᠶ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠢ ᠬᠥᠭᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠪᠠ ᠴᠢᠬᠤᠯᠠ ᠬᠦᠷᠢᠶ᠎ᠡ ᠴᠠᠷᠠᠭ᠎ᠠ ᠶᠢᠨ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠡᠨᠧᠷᠭᠢ ᠶᠢᠨ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠠᠮᠦᠷ ᠲᠦᠪᠰᠢᠨ ᠥᠨᠳᠥᠷ ᠪᠦᠳᠦᠮᠵᠢᠳᠡᠢ ᠠᠰᠢᠬᠯᠠᠯᠳᠠ ᠶᠢ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠦᠨ᠎ᠡ᠃ ᠪᠣᠬᠢᠷᠲᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠵᠤ᠂ ᠨᠥᠬᠦᠴᠡᠯ ᠲᠠᠢ ᠭᠠᠵᠠᠷ ᠣᠷᠣᠨ ᠤ ᠬᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠳᠤ ᠤᠷᠢᠳ ᠢᠶᠠᠷ ᠬᠦᠷᠬᠦ ᠶᠢ ᠳᠡᠮᠵᠢᠵᠦ᠂ 2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢᠨ ᠲᠥᠰᠦᠯ ᠢ ᠲᠣᠭᠲᠠᠭᠠᠨ᠎ᠠ᠃    36. ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠪᠦᠬᠦ ᠨᠡᠶᠢᠭᠡᠮ ᠤᠨ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠵᠠᠷ ᠲᠡᠭᠡᠷᠡᠬᠢ ᠪᠠ ᠳᠣᠣᠷᠠᠬᠢ᠂ ᠡᠬᠡ ᠬᠠᠭᠤᠷᠠᠶ ᠶᠢᠨ ᠪᠠ ᠳᠠᠯᠠᠢ ᠲᠠᠩᠭᠢᠰ ᠢ ᠨᠢᠭᠡᠳᠦᠯᠲᠡᠶ ᠲᠥᠯᠥᠪᠵᠢᠭᠦᠯᠦᠭᠰᠡᠨ ᠠᠮᠢ ᠠᠬᠤᠶ  ᠤᠷᠴᠢᠨ ᠲᠤᠭᠤᠷᠢᠨ ᠤ ᠵᠠᠰᠠᠯᠳᠠ ᠶᠢᠨ ᠲᠦᠷᠢᠮ ᠢ ᠪᠠᠶᠢᠭᠤᠯᠤᠨ᠎ᠠ᠃ ᠬᠠᠮᠵᠢᠯᠴᠠᠨ ᠣᠯᠠᠨ ᠪᠣᠬᠢᠷᠲᠤᠯᠳᠤ ᠪᠣᠳᠠᠰ ᠢ ᠬᠢᠵᠠᠭᠠᠷᠯᠠᠬᠤ ᠪᠠ ᠣᠷᠣᠨ ᠪᠦᠰᠡ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠬᠠᠮᠵᠢᠯᠴᠠᠨ ᠨᠠᠷᠢᠨ ᠮᠥᠬᠦᠯᠢᠭᠲᠦ ᠪᠣᠳᠠᠰ ᠪᠠ ᠣᠽᠣᠨ ᠢ ᠡᠵᠡᠮᠳᠡᠭᠦ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ ᠬᠤᠳᠠ ᠬᠥᠳᠡᠭᠡ ᠶᠢᠨ ᠠᠮᠢᠳᠤᠷᠠᠯ ᠤᠨ ᠣᠷᠴᠢᠨ ᠲᠤᠭᠤᠷᠢᠨ ᠢ ᠵᠠᠰᠠᠵᠤ᠂ ᠬᠤᠳᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠲᠣᠤᠷ ᠢ ᠨᠡᠶᠢᠳᠡᠮ ᠪᠥᠷᠬᠦᠭᠦᠯᠬᠦ ᠶᠢ ᠠᠬᠢᠭᠤᠯᠵᠤ᠂ ᠬᠤᠳᠠ ᠶᠢᠨ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠪᠠ ᠬᠥᠷᠥᠰᠥᠨ ᠤ ᠪᠣᠬᠢᠷᠲᠤᠯ ᠢ ᠵᠠᠰᠠᠬᠤ ᠠᠵᠢᠯ ᠢ ᠠᠬᠢᠭᠤᠯᠵᠤ᠂ ᠰᠦᠯᠢᠶᠤᠤ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠠᠶᠤᠯᠳᠤ ᠬᠠᠶᠠᠭᠳᠠᠮᠠᠯ ᠪᠣᠳᠠᠰ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠶᠢ ᠴᠢᠩᠭᠠᠳᠬᠠᠨ᠎ᠠ᠃ ᠭᠤᠤᠯᠳᠠᠯᠭ᠎ᠠ ᠲᠠᠢ ᠭᠠᠵᠠᠷ ᠣᠷᠣᠨ ᠤ ᠠᠶᠤᠯᠳᠤ ᠬᠢᠮᠢ ᠶᠢᠨ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠢ ᠨᠡᠭᠦᠯᠭᠡᠨ ᠥᠭᠡᠷᠡᠴᠢᠯᠡᠨ ᠪᠠᠶᠢᠭᠤᠯᠬᠤ ᠶᠢ ᠪᠡᠶᠡᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠢ ᠵᠠᠰᠠᠬᠤ ᠶᠢ ᠴᠢᠬᠤᠯᠠᠴᠢᠯᠠᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠤᠨ᠎ᠠ᠃ ᠣᠷᠴᠢᠨ ᠲᠤᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠬᠢᠵᠠᠭᠠᠷᠯᠠᠬᠤ ᠴᠢᠨᠠᠷᠲᠠᠶ ᠵᠢᠭᠠᠯᠳᠠ ᠲᠤᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠲᠥᠪ ᠤᠨ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠦᠷᠢᠮ ᠢ ᠲᠡᠭᠦᠯᠳᠡᠷᠵᠢᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠶ ᠣᠷᠣᠯᠴᠠᠬᠤ ᠶᠢ ᠬᠥᠲᠥᠯᠥᠨ ᠵᠢᠯᠣᠭᠤᠳᠤᠨ᠎ᠠ᠃    37. ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠤᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠭᠠᠳᠠᠨ᠎ᠠ ᠠᠴᠠ ᠤᠷᠤᠵᠤ ᠢᠷᠡᠭᠰᠡᠨ ᠳᠦᠷᠰᠦ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠶᠡᠭᠡ ᠭᠤᠤᠯ ᠮᠥᠷᠡᠨ ᠪᠠ ᠴᠢᠬᠤᠯᠠ ᠨᠠᠭᠤᠷ ᠴᠥᠭᠦᠷᠥᠮ ᠨᠤᠭᠤ ᠭᠠᠵᠠᠷ ᠤᠨ ᠠᠮᠢ ᠠᠬᠤᠶ ᠶᠢᠨ ᠬᠠᠮᠠᠭᠠᠯᠠᠯᠳᠠ ᠵᠠᠰᠠᠯᠳᠠ ᠶᠢᠨ ᠠᠵᠢᠯ ᠢ ᠴᠢᠩᠭᠠᠳᠬᠠᠵᠤ᠂ ᠬᠥᠬᠡᠮᠥ᠋ᠷᠡᠨ ᠤ ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠢ ᠰᠠᠶᠢᠲᠤᠷ ᠬᠡᠷᠡᠭᠵᠢᠭᠦᠯᠦᠨ᠎ᠡ᠃ ᠴᠦᠯᠯᠡᠷᠭᠡᠭᠵᠢᠯ᠂ ᠴᠢᠯᠠᠭᠤᠵᠢᠯ᠂ ᠤᠰᠤ ᠬᠦᠷᠦᠰᠦᠨ ᠤ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠦᠷᠭᠡᠨ ᠭᠡᠪᠴᠢᠶᠠᠨ ᠤ ᠠᠵᠢᠯᠯᠠᠭ᠎ᠠ ᠶᠢ ᠥᠷᠨᠢᠭᠦᠯᠵᠦ᠂ ᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠢ ᠰᠢᠭᠤᠶ ᠭᠤᠤᠯ ᠮᠥᠷᠡᠨ ᠨᠠᠭᠤᠷ ᠴᠥᠭᠦᠷᠥᠮ ᠢ ᠰᠡᠷᠭᠦᠭᠡᠨ ᠰᠠᠶᠢᠵᠢᠷᠠᠭᠤᠯᠬᠤ ᠶᠢ ᠠᠬᠢᠭᠤᠯᠵᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠰᠡᠯᠭᠦᠨ ᠲᠠᠷᠢᠬᠤ ᠡᠭᠡᠯᠵᠢᠯᠡᠨ ᠲᠠᠷᠢᠬᠤ ᠲᠦᠷᠢᠮ ᠢ ᠲᠡᠭᠦᠯᠳᠡᠷᠵᠢᠭᠦᠯᠦᠨ᠎ᠡ᠃ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠲᠤᠯᠠᠭᠠᠷᠠᠯ ᠤᠨ ᠮᠠᠨ ᠤ ᠤᠯᠤᠰ ᠤᠨ ᠳᠠᠭᠠᠭᠠᠴᠠ ᠬᠡᠪᠡᠷᠡᠭ ᠭᠠᠵᠠᠷ ᠣᠷᠣᠨ ᠳᠤ ᠦᠵᠡᠭᠦᠯᠬᠦ ᠨᠥᠯᠥᠭᠡ ᠶᠢᠨ ᠠᠰᠢᠬᠯᠠᠯᠳᠠ ᠶᠢ ᠴᠢᠩᠭᠠᠳᠬᠠᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠭᠰᠠᠨ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠭᠦ ᠠᠵᠢᠯ ᠢ ᠥᠷᠨᠢᠭᠦᠯᠦᠨ᠎ᠡ᠃    38. ᠡᠬᠢ ᠪᠠᠶᠠᠯᠢᠭ ᠢ ᠠᠰᠢᠬᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠳᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠵᠦ ᠬᠢᠨᠠᠨ ᠬᠡᠮᠵᠢᠬᠦ ᠪᠠ ᠡᠷᠬᠡ ᠶᠢ ᠨᠤᠲᠠᠯᠠᠨ ᠳᠠᠩᠰᠠᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠤᠯᠠᠨ ᠡᠰᠢᠴᠢᠯᠡᠭᠰᠡᠨ ᠠᠮᠢ ᠠᠬᠤᠶ ᠶᠢᠨ ᠨᠥᠬᠦᠪᠥᠷᠢ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠳᠠ᠂ ᠰᠢᠨᠵᠢᠯᠡᠬᠦ ᠤᠬᠠᠭᠠᠨᠴᠢ ᠲᠤᠬᠢᠷᠠᠭᠤᠯᠤᠯᠳᠠ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠦᠭᠦᠯᠦᠨ ᠠᠰᠢᠬᠯᠠᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠢ ᠪᠠᠶᠢᠭᠤᠯᠤᠨ᠎ᠠ᠃ ᠲᠠᠯᠠᠢ ᠲᠠᠩᠭᠢᠰ ᠤᠨ ᠡᠬᠢ ᠪᠠᠶᠠᠯᠢᠭ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠬᠦᠯᠵᠦ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠷᠭᠢᠯᠳᠦᠭᠦᠯᠦᠨ ᠠᠰᠢᠬᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃   ᠠᠷᠪᠠᠨ ᠨᠢᠭᠡ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ᠂ ᠬᠠᠮᠲᠤᠷᠠᠨ ᠠᠵᠢᠯᠯᠠᠵᠦ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠨᠡᠭᠡᠭᠡᠨ᠎ᠡ    ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠭᠠᠲᠠᠭᠠᠲᠦ ᠨᠡᠭᠡᠭᠡᠯᠲᠡ ᠬᠢᠬᠦ ᠶᠢ ᠬᠡᠷᠡᠭᠵᠢᠭᠦᠯᠭᠦ ᠶᠢ ᠪᠠᠷᠢᠮᠲᠠᠯᠠᠵᠦ᠂ ᠮᠠᠨ ᠤ ᠤᠯᠤᠰ ᠤᠨ ᠲᠤᠮᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃    39. ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠤᠨ᠎ᠠ᠃ ᠭᠠᠳᠠᠭᠠᠳᠤ ᠨᠡᠭᠡᠭᠡᠯᠲᠡ ᠬᠢᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠯᠵᠢᠶ᠎ᠠ ᠪᠠ ᠪᠡᠯᠡ ᠤᠷᠤᠭᠤᠯᠤᠯᠳᠠ ᠶᠢᠨ ᠴᠢᠯᠦᠭᠡᠵᠢᠯᠲᠡ ᠲᠦᠬᠦᠮᠴᠢᠯᠡᠯᠲᠡ ᠶᠢ ᠠᠬᠢᠭᠤᠯᠵᠦ᠂ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠵᠦᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠦᠢᠯᠡᠰ ᠤᠨ ᠭᠠᠳᠠᠭᠠᠳᠤ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠦ᠂ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠠᠬᠢᠭᠤᠯᠬᠤ ᠪᠠ ᠪᠠᠲᠤᠯᠠᠬᠤ ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠪᠣᠯᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠵᠦ᠂ ᠴᠢᠨᠠᠷ ᠰᠠᠶᠢᠲᠠᠶ ᠣᠷᠣᠭᠤᠯᠤᠨ ᠠᠪᠴᠢᠷᠠᠬᠤ ᠪᠠ ᠥᠨᠳᠥᠷ ᠲᠦᠪᠰᠢᠨ ᠢᠶᠠᠷ ᠭᠠᠷᠴᠦ ᠶᠠᠪᠤᠬᠤ ᠶᠢ ᠪᠡᠶᠡᠯᠡᠭᠦᠯᠦᠨ᠎ᠡ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠨᠠᠩ ᠶᠡᠭᠡ ᠥᠭᠡᠷᠡᠴᠢᠯᠡᠯᠲᠡ ᠬᠢᠬᠦ ᠡᠷᠭᠡ ᠮᠡᠳᠡᠯ ᠣᠯᠭᠤᠵᠤ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠭᠠᠳᠠᠭᠠᠲᠦ ᠨᠡᠭᠡᠭᠡᠯᠲᠡ ᠶᠢᠨ ᠰᠢᠨ᠎ᠡ ᠲᠠᠪᠠᠭᠤᠯᠢᠭ ᠢ ᠪᠦᠲᠦᠭᠡᠨ ᠪᠠᠶᠢᠭᠤᠯᠤᠨ᠎ᠠ᠃ ᠠᠷᠠᠳ ᠤᠨ ᠵᠣᠭᠤᠰ ᠢ ᠳᠡᠯᠡᠬᠡᠶᠢᠵᠢᠭᠦᠯᠬᠦ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠠ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠣᠩᠭᠤᠯᠳᠠ ᠬᠢᠬᠦ ᠶᠢ ᠪᠠᠷᠢᠮᠲᠠᠯᠠᠵᠤ᠂ ᠠᠷᠠᠳ ᠤᠨ ᠵᠣᠭᠤᠰ ᠢ ᠴᠢᠯᠥᠭᠡᠲᠡᠢ ᠬᠡᠷᠡᠭᠯᠡᠬᠦ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠤᠨ᠎ᠠ᠃ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠵᠡᠷᠭᠡ ᠴᠢᠬᠤᠯᠠ ᠦᠵᠡᠰᠬᠦᠯᠡᠩ ᠤᠨ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃    40. ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠠᠮᠳᠤ ᠪᠠᠷ ᠵᠦᠪᠳᠡᠬᠦ ᠬᠠᠮᠳᠤ ᠪᠠᠷ ᠪᠠᠶᠢᠭᠤᠯᠬᠤ ᠬᠠᠮᠳᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠠᠷᠢᠭᠤᠨ ᠴᠢᠬᠡᠴᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠦᠨᠡᠨ ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠭᠤᠷᠪᠠᠳᠠᠬᠢ ᠡᠲᠡᠭᠡᠳ ᠤᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠥᠷᠭᠡᠳᠬᠡᠨ᠎ᠡ᠃ ᠬᠠᠷᠢᠯᠴᠠᠨ ᠠᠰᠢᠭᠲᠠᠢ ᠪᠠᠶᠢᠵᠦ ᠬᠠᠮᠲᠤ ᠪᠠᠷ ᠠᠰᠢᠭ ᠬᠦᠷᠲᠡᠬᠦ ᠠᠵᠤ ᠦᠢᠯᠡᠰ ᠤᠨ ᠬᠡᠯᠬᠢᠶ᠎ᠡ ᠬᠠᠨᠭ᠍ᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭᠠᠨ ᠤ ᠰᠢᠰᠲ᠋ᠧᠮ ᠢ ᠪᠠᠶᠢᠭᠤᠯᠵᠤ᠂ ᠤᠯᠠᠨ ᠤᠯᠤᠰ ᠤᠨ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠤᠰ ᠴᠢᠭᠯᠡᠯ ᠤᠨ ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠦ᠂ ᠤᠯᠠᠨ ᠤᠯᠤᠰ ᠤᠨ ᠵᠤᠷᠰᠢᠯ ᠪᠠ ᠥᠷᠢ ᠥᠭᠴᠡᠭᠡ ᠶᠢᠨ ᠦᠷᠭᠦᠯᠵᠢᠯᠡᠬᠦ ᠵᠠᠷᠴᠢᠮ ᠢ ᠵᠢᠷᠤᠮᠯᠠᠵᠤ᠂ ᠤᠯᠠᠨ ᠡᠰᠢᠴᠢᠯᠡᠭᠰᠡᠨ ᠪᠡᠯᠡ ᠣᠷᠣᠭᠤᠯᠵᠤ ᠪᠡᠯᠡ ᠨᠡᠶᠢᠯᠡᠬᠦᠯᠬᠦ ᠰᠢᠰᠲ᠋ᠧᠮ ᠢ ᠪᠦᠷᠢᠨᠰᠢᠬᠦᠯᠦᠨ᠎ᠡ᠃ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ᠂ ᠲᠣᠭᠲᠠᠴᠠ ᠶᠢᠨ ᠵᠣᠯᠭᠠᠯᠴᠠᠭ᠎ᠠ ᠶᠢ ᠠᠬᠢᠭᠤᠯᠵᠤ᠂ ᠲᠦᠷᠦ ᠶᠢᠨ ᠪᠤᠳᠤᠯᠭ᠎ᠠ᠂ ᠲᠦᠷᠢᠮ᠂ ᠪᠠᠷᠢᠮᠵᠢᠶ᠎ᠠ ᠶᠢᠨ ᠨᠡᠪᠲᠡᠷᠡᠯᠴᠡᠭᠡ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠦᠭᠡᠢ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠮᠦᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ᠃    41. ᠪᠦᠬᠦ ᠪᠥᠮᠪᠥᠷᠴᠡᠭ ᠤᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠢᠳᠡᠪᠬᠢᠲᠡᠶ ᠣᠷᠣᠯᠴᠠᠨ᠎ᠠ᠃ ᠡᠷᠬᠡ ᠲᠡᠭᠰᠢ ᠪᠠᠷ ᠵᠥᠪᠳᠡᠯᠴᠡᠬᠦ᠂ ᠬᠠᠷᠢᠯᠴᠠᠨ ᠠᠰᠢᠭ ᠬᠦᠷᠳᠡᠬᠦ ᠶᠢ ᠪᠠᠷᠢᠮᠲᠠᠯᠠᠵᠤ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭᠠᠨ ᠤ ᠴᠢᠳᠠᠮᠵᠢ ᠶᠢ ᠪᠠᠳᠠᠷᠠᠭᠤᠯᠬᠤ ᠶᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠶ ᠣᠷᠣᠯᠴᠠᠵᠤ᠂ ᠨᠡᠩ ᠲᠥᠪ ᠭᠤᠤᠯᠴᠢ ᠵᠦᠶ ᠵᠣᠬᠢᠰᠲᠠᠶ ᠪᠦᠬᠦ ᠪᠥᠮᠪᠥᠷᠴᠡᠭ ᠤᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠣᠯᠠᠨ ᠬᠤᠶᠠᠷ ᠲᠠᠯᠠᠲᠤ ᠣᠷᠣᠨ ᠪᠦᠰᠡ ᠶᠢᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠣᠭᠲᠠᠴᠠ ᠳᠤ ᠢᠳᠡᠪᠬᠢᠲᠡᠢ ᠣᠷᠣᠯᠴᠠᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠠᠵᠤ ᠠᠬᠤᠢ ᠶᠢᠨ ᠵᠠᠰᠠᠯᠲᠠ ᠶᠢᠨ ᠳᠦᠷᠢᠮ ᠢ ᠲᠣᠭᠲᠠᠭᠠᠬᠤ ᠶᠢ ᠠᠬᠢᠭᠤᠯᠵᠤ᠂ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠠᠰᠠᠯᠲᠠ ᠳᠤ ᠣᠷᠣᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠯᠥᠭᠡᠲᠦ ᠠᠷᠠᠯᠵᠢᠶᠠᠨ ᠤ ᠣᠷᠣᠨ ᠢ ᠳᠡᠭᠡᠭᠰᠢᠯᠡᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠰᠦᠯᠵᠢᠶ᠎ᠡ ᠶᠢ ᠪᠠᠶᠢᠭᠤᠯᠤᠨ᠎ᠠ᠃   ᠠᠷᠪᠠᠨ ᠬᠤᠶᠠᠷ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠨᠡᠶᠢᠭᠡᠮ ᠤᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ    ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠭᠠᠷᠤᠭ᠎ᠠ ᠪᠠ ᠵᠤᠭᠰᠤᠴᠠ ᠪᠣᠯᠭᠠᠬᠤ ᠶᠢ ᠪᠠᠷᠢᠮᠲᠠᠯᠠᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠤᠨ᠎ᠠ᠃    42. ᠠᠷᠠᠳ ᠲᠦᠮᠡᠨ ᠤ ᠣᠷᠣᠯᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠬᠰᠠᠨ ᠣᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠵᠡᠷᠭᠡ ᠪᠠᠷ ᠤᠷᠤᠰᠢᠬᠤ ᠶᠢ ᠪᠠᠷᠢᠮᠳᠠᠯᠠᠵᠤ᠂ ᠠᠩᠬᠠᠨ ᠤ ᠬᠤᠪᠢᠶᠠᠷᠢᠯᠠᠯᠲᠠ ᠳᠠᠬᠢ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠴᠠᠯᠢᠩ ᠤᠨ ᠳᠦᠷᠢᠮ ᠢ ᠲᠡᠭᠦᠯᠳᠡᠷᠵᠢᠭᠦᠯᠵᠦ᠂ ᠴᠠᠯᠢᠩ ᠤᠨ ᠵᠦᠶ ᠵᠣᠬᠢᠰᠲᠠᠶ ᠨᠡᠮᠡᠭᠳᠡᠯ ᠤᠨ ᠲᠣᠭᠲᠠᠴᠠ ᠶᠢ ᠪᠦᠷᠢᠨᠰᠢᠬᠦᠯᠵᠤ᠂ ᠲᠤᠤᠷ᠎ᠠ ᠣᠷᠣᠯᠭ᠎ᠠ ᠲᠠᠢ ᠬᠦᠮᠦᠰ ᠤᠨ ᠤᠷᠤᠯᠭ᠎ᠠ ᠶᠢ ᠬᠦᠴᠦᠯᠡᠨ ᠳᠡᠭᠡᠭᠰᠢᠯᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠤᠨ ᠡᠩᠨᠡᠭᠡ ᠶᠢ ᠥᠷᠭᠡᠳᠬᠡᠨ᠎ᠠ᠃ ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ ᠤᠨ ᠬᠥᠯᠥᠰᠥ ᠣᠯᠭᠤᠮᠵᠢ ᠶᠢ ᠵᠠᠬ᠎ᠠ ᠳᠡᠯᠭᠡᠭᠦᠷ ᠢᠶᠠᠷ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠭᠠᠵᠠᠷ ᠰᠢᠷᠣᠶ᠂ ᠡᠳ᠋ ᠬᠥᠷᠥᠩᠭᠡ ᠵᠡᠷᠭᠡ ᠬᠦᠴᠦᠨ ᠵᠦᠢᠯ ᠤᠨ ᠬᠡᠷᠡᠭᠯᠡᠬᠦ ᠡᠷᠬᠡ᠂ ᠠᠰᠢᠭ ᠣᠯᠬᠤ ᠡᠷᠬᠡ ᠪᠠᠷ ᠳᠠᠮᠵᠢᠨ ᠳᠤᠮᠳᠠ ᠳᠣᠤᠷ᠎ᠠ ᠣᠷᠣᠯᠭ᠎ᠠ ᠲᠠᠢ ᠬᠥᠮᠦᠰ ᠤᠨ ᠬᠦᠴᠦᠨ ᠵᠦᠢᠯ ᠤᠨ ᠣᠷᠣᠯᠭ᠎ᠠ ᠶᠢ ᠨᠡᠮᠡᠭᠳᠡᠬᠦᠯᠬᠦ ᠶᠢ ᠬᠠᠶᠢᠨ ᠰᠦᠪᠡᠭᠴᠢᠯᠡᠨ᠎ᠡ᠃ ᠤᠯᠠᠨ ᠠᠷᠭ᠎ᠠ ᠵᠠᠮ ᠢᠶᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠳ᠋ ᠬᠦᠷᠦᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠦᠨ᠎ᠡ᠃ ᠳᠠᠬᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠶᠢᠯᠢ ᠬᠤᠷᠢᠶᠠᠬᠤ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥᠭᠬᠦ ᠵᠡᠷᠭᠡ ᠲᠣᠬᠢᠷᠠᠭᠤᠯᠤᠯᠲᠠ ᠶᠢᠨ ᠡᠷᠴᠢᠮ ᠪᠠ ᠣᠨᠣᠪᠴᠢᠳᠦ ᠴᠢᠨᠠᠷ ᠢ ᠨᠡᠮᠡᠭᠳᠡᠭᠦᠯᠵᠦ᠂ ᠬᠡᠲᠦ ᠥᠨᠳᠥᠷ ᠣᠷᠣᠯᠭ᠎ᠠ ᠶᠢ ᠵᠣᠬᠢᠰᠲᠠᠢ ᠲᠣᠬᠢᠷᠠᠭᠤᠯᠵᠤ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠨ᠎ᠠ᠃ ᠭᠤᠷᠪᠠᠳᠡᠬᠢ ᠤᠳᠠᠭᠠᠨ ᠤ ᠬᠤᠪᠢᠶᠠᠷᠢᠯᠠᠯᠲᠠ ᠶᠢᠨ ᠦᠢᠯᠡᠳᠤᠯ ᠢ ᠪᠠᠳᠠᠷᠠᠭᠤᠯᠵᠤ᠂ ᠨᠢᠭᠦᠯᠡᠰᠦᠩᠭᠦᠶ ᠦᠢᠯᠡᠰ ᠢ ᠬᠥᠭᠵᠢᠭᠦᠯᠵᠦ᠂ ᠣᠷᠣᠯᠭ᠎ᠠ ᠪᠠ ᠡᠳ᠋ ᠪᠠᠶᠠᠯᠢᠭ ᠤᠨ ᠬᠤᠪᠢᠶᠠᠷᠢᠯᠠᠯᠲᠠ ᠶᠢᠨ ᠪᠠᠶᠢᠷᠢᠰᠢᠯ ᠢ ᠰᠠᠶᠢᠵᠢᠷᠠᠭᠤᠯᠤᠨ᠎ᠠ᠃    43. ᠠᠵᠢᠯ ᠤᠯᠭᠤᠯᠳᠠ ᠶᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠴᠢᠩᠭᠠᠳᠬᠠᠨ᠎ᠠ᠃ ᠠᠷᠭ᠎ᠠ ᠪᠦᠬᠦᠠ ᠢ ᠰᠦᠪᠡᠭᠴᠢᠯᠡᠡ ᠠᠵᠢᠯ ᠤᠯᠭᠤᠯᠳᠠ ᠶᠢ ᠲᠤᠭᠳᠠᠪᠤᠷᠢᠵᠢᠭᠤᠯᠤᠠ ᠦᠷᠬᠡᠳᠬᠡᠵᠥ᠂ ᠠᠵᠥ ᠠᠬᠤᠢ ᠶᠢ ᠬᠦᠭᠵᠢᠬᠦᠯᠬᠦ ᠳᠤ ᠠᠵᠢᠯ ᠤᠯᠭᠤᠯᠳᠠ ᠪᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠨ᠂ ᠠᠵᠢᠯ ᠤᠯᠭᠤᠯᠳᠠ ᠶᠢᠨ ᠬᠡᠪᠴᠢᠶ᠎ᠠ ᠶᠢ ᠦᠷᠬᠡᠳᠬᠡᠵᠤ᠂ ᠠᠵᠢᠯ ᠤᠯᠭᠤᠯᠳᠠ ᠶᠢᠨ ᠴᠢᠨᠠᠷ ᠢ ᠲᠡᠬᠡᠭᠰᠢᠯᠡᠬᠦᠯᠵᠥ᠂ ᠬᠦᠢᠴᠠᠳ ᠠᠵᠢᠯ ᠤᠯᠭᠤᠬᠤ ᠶᠢ ᠠᠬᠢᠭᠤᠯᠤᠠ ᠂ ᠬᠦᠳᠠᠯᠮᠤᠷᠢᠯᠡᠭᠴᠢᠳ ᠤᠨ ᠤᠯᠭᠤᠮᠵᠢ ᠪᠤᠯᠤᠠ ᠡᠷᠬᠡ ᠠᠰᠢᠭ ᠢ ᠪᠠᠳᠤᠯᠠᠨ᠎ᠠ᠃ ᠠᠵᠢᠯ ᠤᠯᠭᠤᠯᠳᠠ ᠶᠢᠨ ᠤᠯᠠᠠ ᠨᠠᠶᠢᠳᠠ ᠶᠢᠨ ᠦᠢᠯᠡᠴᠢᠯᠡᠭᠡ ᠶᠢᠨ ᠰᠢᠰᠲ᠋ᠧᠮ᠂ ᠬᠦᠳᠠᠯᠮᠤᠷᠢ ᠶᠢᠨ ᠬᠠᠷᠢᠴᠠᠭ᠎ᠠ ᠶᠢ ᠵᠤᠬᠢᠴᠠᠭᠤᠯᠬᠤ ᠲᠤᠭᠳᠠᠴᠠ᠂ ᠨᠠᠰᠤᠠ ᠲᠤᠷᠰᠢᠳᠠ ᠲᠤᠬᠠᠢᠢᠯᠠᠭᠰᠠᠠ ᠠᠵᠢᠯ ᠤᠨ ᠮᠠᠷᠬᠡᠵᠢᠯ ᠴᠢᠳᠠᠪᠤᠷᠢ ᠶᠢᠨ ᠪᠤᠯᠪᠠᠰᠤᠷᠠᠯ ᠬᠦᠷᠳᠡᠬᠦ ᠲᠦᠷᠢᠮ ᠢ ᠪᠦᠷᠢᠨᠰᠢᠬᠦᠯᠥᠨ᠎ᠡ᠃ ᠪᠦᠳᠦᠴᠠ ᠶᠢᠨ ᠴᠢᠨᠠᠷᠳᠠᠢ ᠠᠵᠢᠯ ᠤᠯᠭᠤᠯᠳᠠ ᠶᠢᠨ ᠵᠦᠷᠢᠴᠠᠯ ᠢ ᠨᠠᠮᠳᠠᠭᠤᠯᠬᠤ ᠶᠢ ᠨᠠᠩ ᠴᠢᠬᠤᠯᠠᠴᠢᠯᠠᠵᠥ᠂ ᠬᠦᠳᠡᠯᠮᠤᠷᠢᠴᠢᠳ ᠤᠨ ᠮᠠᠷᠬᠡᠵᠢᠯ ᠴᠢᠳᠠᠪᠤᠷᠢ ᠶᠢᠨ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠶᠢ ᠲᠦᠷᠬᠡᠳᠬᠡᠡ᠂ ᠭᠤᠤᠯᠳᠠᠯᠭᠠᠳᠤ ᠴᠤᠭᠴᠠ ᠶᠢᠨ ᠠᠵᠢᠯ ᠤᠯᠭᠤᠯᠳᠠ ᠶᠢ ᠲᠡᠮᠵᠢᠬᠦ ᠰᠢᠰᠲ᠋ᠧᠮ ᠢ ᠲᠡᠬᠦᠯᠳᠠᠷᠵᠢᠬᠦᠯᠵᠥ᠂ ᠬᠤᠳᠠ ᠬᠦᠳᠡᠭᠡ ᠶᠢᠨ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠨᠢᠬᠡᠳᠤᠯᠳᠠᠢ ᠲᠦᠯᠦᠪᠵᠢᠬᠦᠯᠥᠨ᠎ᠡ᠃ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢᠨ ᠲᠤᠬᠢᠷᠠᠭᠤᠯᠤᠯᠳᠠ ᠶᠢ ᠦᠷᠬᠡᠳᠬᠡᠵᠥ᠂ ᠵᠡᠮᠳᠡᠭ ᠬᠦᠮᠦᠰ᠂ ᠬᠡᠷ ᠲᠡᠭᠡᠨ ᠠᠵᠢᠯ ᠲᠠᠢ ᠬᠦᠮᠦᠠ ᠦᠬᠡᠢ ᠬᠡᠷ ᠪᠦᠯᠢ ᠶᠢ ᠬᠠᠪᠰᠤᠷᠤᠠ ᠠᠵᠢᠯ ᠤᠯᠭᠤᠨ᠎ᠠ᠃ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠲᠡᠶᠢᠴᠢᠯᠠᠬᠤ᠂ ᠤᠯᠠᠠ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠭᠤᠬᠤ ᠶᠢ ᠪᠠᠳᠤᠯᠠᠬᠤ ᠲᠦᠷᠢᠮ ᠢ ᠠᠬᠢᠭᠤᠯᠤᠨ ᠲᠡᠬᠦᠯᠳᠠᠷᠵᠢᠬᠦᠯᠵᠥ᠂ ᠠᠵᠢᠯ ᠤᠯᠭᠤᠯᠳᠠ ᠶᠢᠨ ᠰᠢᠨ᠎ᠠ ᠬᠡᠯᠪᠡᠷᠢ ᠶᠢ ᠲᠡᠮᠵᠢᠵᠤ ᠲᠦᠷᠢᠮᠵᠢᠬᠦᠯᠤᠨ᠂ ᠠᠵᠢᠯ ᠤᠯᠭᠤᠯᠳᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠳᠠ ᠪᠠ ᠠᠵᠢᠯ ᠠᠯᠳᠠᠭᠰᠠᠳ ᠢ ᠬᠢᠨᠡᠡ ᠪᠠᠶᠢᠴᠠᠭᠠᠵᠥ ᠰᠠᠷᠠᠮᠵᠢᠯᠠᠬᠦᠯᠬᠦ ᠲᠤᠭᠳᠠᠴᠠ ᠶᠢ ᠪᠦᠷᠢᠠᠰᠢᠬᠦᠯᠥᠨ᠎ᠡ᠃    44. ᠦᠨᠳᠤᠷ ᠬᠡᠪ ᠪᠤᠯᠪᠠᠰᠤᠷᠠᠯ ᠲᠠᠢ ᠵᠢᠭᠠᠠ ᠰᠤᠷᠭᠠᠯᠳᠠ ᠶᠢᠨ ᠰᠢᠰᠲ᠋ᠧᠮ ᠢ ᠪᠠᠶᠢᠭᠤᠯᠤᠨ᠎ᠠ᠃ ᠨᠠᠮ ᠤᠨ ᠰᠤᠷᠭᠠᠨ ᠬᠦᠮᠥᠵᠢᠯ ᠤᠨ ᠴᠢᠭᠯᠡᠯᠳᠠ ᠶᠢ ᠪᠦᠬᠦ ᠲᠡᠯ᠎ᠠ ᠪᠠᠷ ᠲᠤᠭᠤᠰᠢᠯᠠᠭᠤᠯᠤᠠ᠂ ᠶᠤᠰᠤ ᠮᠤᠷᠠᠯ ᠢᠶᠠᠷ ᠬᠦᠮᠦᠠ ᠢ ᠬᠦᠮᠦᠵᠢᠬᠦᠯᠬᠦ ᠶᠢ ᠪᠠᠷᠢᠮᠳᠠᠯᠠᠵᠥ᠂ ᠪᠠᠭᠰᠢ ᠶᠢᠨ ᠮᠤᠷᠠᠯ᠂ ᠪᠠᠭᠰᠢ ᠶᠢᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠵᠥ᠂ ᠶᠤᠰᠤ ᠰᠤᠷᠳᠠᠬᠤᠠ ᠤᠶᠤᠠ ᠤᠬᠠᠭᠠᠠ ᠪᠠᠶ᠎ᠠ ᠮᠠᠬᠠᠪᠤᠳ ᠭᠤᠸ᠎ᠠ ᠰᠠᠶᠢᠬᠠᠠ ᠬᠦᠳᠠᠯᠮᠤᠷᠢ ᠳᠤ ᠲᠤᠷᠠᠳᠠᠢ ᠪᠦᠬᠦ ᠲᠡᠯ᠎ᠠ ᠪᠠᠷ ᠬᠦᠭᠵᠢᠭᠰᠡᠡ ᠨᠠᠶᠢᠬᠡᠮ ᠵᠢᠷᠤᠮ ᠤᠨ ᠪᠦᠳᠦᠬᠡᠡ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠬᠦᠯᠤᠨ᠎ᠠ᠃ ᠰᠤᠷᠭᠠᠭᠤᠯᠢ ᠬᠡᠷ ᠪᠦᠯᠢ ᠨᠡᠶᠢᠬᠡᠮ ᠬᠠᠮᠵᠢᠯᠴᠠᠨ ᠬᠦᠮᠦᠠ ᠢ ᠬᠦᠮᠦᠵᠢᠬᠦᠯᠬᠦ ᠲᠤᠭᠳᠠᠴᠠ ᠶᠢ ᠲᠡᠬᠦᠯᠳᠠᠷᠵᠢᠬᠦᠯᠵᠥ᠂ ᠪᠠᠭᠰᠢ ᠶᠢᠨ ᠮᠠᠳᠡᠯᠬᠡ ᠵᠢᠭᠠᠵᠥ ᠬᠦᠮᠦᠠ ᠬᠦᠮᠦᠵᠢᠬᠦᠯᠬᠦ ᠴᠢᠳᠠᠪᠤᠷᠢ ᠬᠡᠪ ᠪᠤᠯᠪᠠᠰᠤᠷᠠᠯ ᠢ ᠲᠡᠬᠡᠭᠰᠢᠯᠡᠬᠦᠯᠵᠥ᠂ ᠰᠤᠷᠤᠭᠴᠢ ᠶᠢᠨ ᠪᠤᠯᠪᠠᠰᠤᠠ ᠤ ᠬᠡᠪ ᠪᠤᠯᠪᠠᠰᠤᠷᠠᠯ᠂ ᠨᠡᠶᠢᠬᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠦᠢᠯᠡᠳᠤᠯᠬᠡ ᠶᠢᠨ ᠴᠢᠳᠠᠪᠤᠷᠢ ᠶᠢ ᠲᠡᠬᠡᠭᠰᠢᠯᠡᠬᠦᠯᠵᠥ᠂ ᠵᠠᠯᠠᠭᠤ ᠪᠠᠭᠠᠴᠤᠳ ᠤᠨ ᠪᠠᠶ᠎ᠠ ᠮᠠᠬᠠᠪᠤᠳ ᠤᠨ ᠬᠡᠪ ᠴᠢᠨᠠᠷ ᠪᠤᠯᠤᠠ ᠰᠠᠳᠬᠢᠴᠠ ᠶᠢᠨ ᠡᠷᠡᠬᠦᠯ ᠴᠢᠬᠢᠷᠠᠭ ᠤᠨ ᠬᠦᠮᠦᠵᠢᠯ ᠢ ᠴᠢᠬᠤᠯᠠᠴᠢᠯᠠᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号