ᠮᠠᠨ ᠤ ᠬᠤᠰᠢᠭᠤ ᠲᠤᠤᠷ ᠰᠦᠯᠵᠢᠶᠡᠨ ᠤ ᠪᠦᠲᠦᠬᠡᠨ ᠪᠠᠶᠢᠭᠤᠯᠤᠯᠲᠠ ᠶᠢ ᠦᠷᠬᠦᠯᠵᠢᠯᠡᠨ ᠲᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2020/11/6
     ᠡᠨᠡ ᠵᠢᠯ ᠠᠴᠠ ᠨᠠᠰᠢ᠂ ᠮᠠᠨ ᠤ ᠬᠤᠰᠢᠭᠤ ᠰᠦᠯᠵᠢᠶᠡᠨ ᠳᠣᠬᠢᠶᠠᠨ ᠤ ᠪᠠᠶᠢᠭᠤᠯᠤᠯᠲᠠ ᠶᠢᠨ ᠠᠵᠢᠯ ᠢ ᠡᠯ᠎ᠡ ᠭᠠᠴᠠᠭ᠎ᠠ ᠲᠣᠰᠬᠤᠨ ᠳᠤ ᠲᠦᠯᠬᠢᠨ ᠠᠬᠢᠭᠤᠯᠵᠤ 61 ᠭᠠᠴᠠᠭ᠎ᠠ ᠲᠣᠰᠬᠤᠨ ᠤ ᠰᠦᠯᠵᠢᠶᠡᠨ ᠳᠣᠬᠢᠶ᠎ᠠ ᠮᠠᠭᠤᠲᠠᠢ ᠭᠠᠵᠠᠷ ᠤᠳ ᠤᠨ ᠰᠦᠯᠵᠢᠶᠡᠨ ᠲᠤᠬᠢᠶ᠎ᠠ ᠶᠢ ᠨᠡᠶᠢᠳᠡᠮ ᠰᠠᠶᠢᠵᠢᠷᠠᠭᠤᠯᠬᠤ ᠲᠦᠷᠦᠯ ᠵᠦᠢᠯ ᠢ ᠠᠯᠬᠤᠮ ᠠᠯᠬᠤᠮ ᠢᠶᠠᠷ ᠲᠦᠷᠭᠡᠳᠭᠡᠨ ᠪᠡᠶᠡᠯᠡᠬᠦᠯᠦᠭᠰᠡᠨ ᠪᠠᠶᠢᠨ᠎ᠠ᠃
     ᠤᠶᠢᠷ᠎ᠠ ᠶᠢᠨ ᠡᠳᠦᠷ᠂ ᠲᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠦᠥᠰᠢᠨ ᠬᠤᠰᠢᠭᠤᠨ ᠤ ᠬᠤᠪᠢᠶᠠᠷᠢ ᠺᠣᠮᠫᠠᠨᠢ ᠶᠢᠨ ᠠᠵᠢᠯᠲᠠᠳ ᠠᠴᠠ ᠭᠠᠯᠠᠭᠤᠲᠤ ᠪᠠᠯᠭᠠᠰᠤᠨ ᠤ ᠰᠡᠪᠬᠦᠯ ᠭᠠᠴᠠᠭᠠᠨ ᠳᠤ ᠠᠩᠬᠠᠳᠠᠭᠴᠢ 4 G ᠳᠣᠬᠢᠶᠠᠨ ᠤ ᠰᠠᠭᠤᠷᠢ ᠦᠷᠲᠡᠭᠡ ᠳᠤ ᠵᠠᠯᠭᠠᠯᠲᠠ ᠬᠢᠭᠰᠡᠨ ᠪᠠ ᠲᠤᠷᠰᠢᠨ ᠠᠵᠢᠯᠯᠠᠭᠤᠯᠵᠤ ᠰᠠᠭᠤᠷᠢ ᠥᠷᠲᠡᠭᠡ ᠳᠤ ᠵᠢᠩᠬᠢᠨᠢ ᠪᠠᠷ ᠴᠠᠬᠢᠯᠭᠠᠨ ᠨᠡᠪᠲᠡᠷᠡᠭᠦᠯᠤᠨ ᠲᠤᠰ ᠭᠠᠴᠠᠭᠠᠨ ᠤ ᠲᠣᠣᠷ ᠰᠦᠯᠵᠢᠶᠡᠨ ᠳᠤᠬᠢᠶ᠎ᠠ ᠮᠠᠭᠤᠲᠠᠢ ᠪᠠᠶᠢᠭᠰᠠᠨ ᠲᠡᠦᠬᠡ ᠶᠢ ᠡᠴᠦᠰᠯᠡᠬᠦᠯᠵᠦ ᠴᠢᠳᠠᠯ᠎ᠠ᠃ 4G ᠰᠦᠯᠵᠢᠶᠡᠨ ᠤ ᠰᠠᠭᠤᠷᠢ ᠥᠷᠲᠡᠭᠡ ᠲᠠᠢ ᠪᠤᠯᠤᠭᠰᠠᠨ ᠨᠢ ᠮᠠᠯᠴᠢᠳ ᠎ ᠤᠨ ᠬᠤᠭᠤᠷᠤᠨᠳᠠᠬᠢ ᠴᠢᠮᠡᠭᠡ ᠬᠤᠯᠪᠤᠭ᠎ᠠ ᠶᠢ ᠰᠠᠶᠢᠵᠢᠷᠠᠭᠤᠯᠤᠭᠰᠠᠨ ᠮᠦᠷᠲᠡᠭᠡᠨ ᠰᠦᠯᠵᠢᠶᠡᠨ ᠳᠤ ᠭᠠᠷᠬᠤ ᠳᠤ ᠴᠤ ᠳᠥᠭᠦᠮ ᠪᠣᠯᠣᠭᠰᠠᠨ ᠪᠠᠶᠢᠨ᠎ᠠ᠃
     ᠲᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠦᠥᠰᠢᠨ ᠬᠤᠰᠢᠭᠤᠨ ᠤ ᠬᠤᠪᠢᠶᠠᠷᠢ ᠺᠤᠮᠫᠠᠨᠢ ᠨᠢ ᠰᠡᠪᠬᠦᠯ ᠭᠠᠴᠠᠭ᠎ᠠ ᠲᠠᠢ ᠬᠠᠮᠳᠤᠷᠠᠨ ᠲᠣᠤᠷ ᠰᠦᠯᠵᠢᠶᠡᠨ ᠤ ᠳᠣᠬᠢᠶᠠᠨ ᠤ ᠲᠥᠬᠦᠭᠡᠷᠦᠮᠵᠢ ᠶᠢ ᠤᠭᠰᠠᠷᠠᠬᠤ ᠠᠵᠢᠯ ᠢ ᠠᠭᠢᠭᠤᠯᠵᠤ ᠡᠷᠭᠢᠨ ᠲᠣᠭᠤᠷᠢᠨ ᠤ 150 ᠮᠠᠯᠴᠢᠨ ᠲᠠᠷᠢᠶᠠᠴᠢᠨ ᠡᠷᠦᠬᠡ ᠶᠢᠨ ᠴᠢᠮᠡᠭᠡ ᠬᠤᠯᠪᠣᠭᠠᠨ ᠤ ᠠᠰᠠᠭᠤᠳᠠᠯ ᠢ ᠰᠢᠢᠳᠪᠤᠷᠢᠯᠠᠨ ᠥᠭᠭᠦᠭᠰᠠᠨ ᠪᠠᠶᠢᠨ᠎ᠠ᠃  
     ᠣᠶᠢᠯᠠᠭᠠᠭᠰᠠᠨ ᠢᠶᠠᠷ ᠡᠨᠡ ᠵᠢᠯ᠂ ᠲᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠦᠥᠰᠢᠨ ᠬᠤᠰᠢᠭᠤᠨ ᠤ ᠬᠤᠪᠢᠶᠠᠷᠢ ᠺᠤᠮᠫᠠᠨᠢ ᠨᠢ 5G᠂ 4G ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ 5G ᠰᠦᠯᠵᠢᠶ᠎ᠡ ᠶᠢᠨ ᠦᠷᠲᠡᠭᠡ ᠶᠢ 7 ᠪᠠᠶᠢᠭᠤᠯᠵᠤ 4G ᠰᠦᠯᠵᠢᠶ᠎ᠡ ᠶᠢᠨ ᠥᠷᠲᠡᠭᠡ 25 ᠪᠠᠶᠢᠭᠤᠯᠬᠤ ᠪᠠᠷ ᠲᠥᠯᠥᠪᠯᠠᠨ᠂ ᠡᠭᠦᠨ ᠳᠤ ᠪᠠᠯᠭᠠᠰᠤᠨ ᠲᠤᠭᠤᠷᠢᠭ ᠲᠤ 9 ᠦᠷᠲᠡᠭᠡ᠂ ᠭᠠᠴᠠᠭ᠎ᠠ ᠲᠣᠰᠬᠤᠨ ᠳᠤ 19 ᠦᠷᠲᠡᠭᠡ ᠶᠢ ᠪᠠᠶᠢᠭᠤᠯᠬᠤ ᠪᠠᠷ ᠪᠠᠶᠢᠨ᠎ᠠ᠃ ᠤᠳᠤᠬᠠᠨ ᠳᠤ ᠪᠥᠭᠦ ᠬᠤᠰᠢᠭᠤᠨ ᠳᠤ ᠨᠡᠶᠢᠲᠡ 495 ᠨᠡᠭᠦᠳᠡᠯ ᠬᠤᠯᠪᠣᠭᠠᠨ ᠤ ᠰᠠᠭᠤᠷᠢ ᠥᠷᠲᠡᠭᠡ ᠲᠠᠢ ᠪᠤᠯᠵᠤ᠂ ᠡᠭᠦᠨ ᠳᠤ ᠪᠠᠯᠭᠠᠰᠤᠨ ᠲᠤᠭᠤᠷᠢᠭ ᠲᠤ 200 ᠦᠷᠲᠡᠭᠡ᠂ ᠮᠠᠯᠵᠢᠬᠤ ᠲᠠᠷᠢᠶᠠᠯᠠᠬᠤ ᠤᠷᠤᠨ ᠳᠤ 292 ᠦᠷᠲᠡᠭᠡ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ 43 ᠦᠷᠲᠡᠭᠡ ᠶᠢ ᠪᠠᠶᠢᠭᠤᠯᠤᠭᠰᠠᠨ ᠪᠠᠶᠢᠨ᠎ᠠ᠃ ᠡᠨᠡᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠨᠢ ᠪᠥᠭᠦ ᠬᠤᠰᠢᠭᠤᠨ ᠤ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠠᠭᠦᠯᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠵᠢᠴᠢ ᠣᠯᠠᠨ ᠲᠠᠶᠠᠭᠠᠷ ᠤᠨ ᠠᠳᠠᠯ ᠦᠢᠯᠡᠰ ᠪᠤᠰᠬᠠᠵᠤ᠂ ᠰᠢᠨ᠎ᠡ ᠶᠢ ᠡᠭᠦᠳᠬᠦ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃          
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号